ᠳᠠᠭᠤᠳᠤᠨᠠᠭᠤᠷ ᠪᠠᠯᠭᠠᠰᠤᠨ ᠤ ᠨᠠᠮ ᠤᠨ ᠬᠤᠷᠢᠶ᠎ᠠ 2025 ᠣᠨ ᠤ ᠳᠥᠷᠪᠡᠳᠦᠭᠡᠷ ᠤᠳᠠᠭ᠎ᠠ ᠶᠢᠨ ᠨᠠᠮ ᠤᠨ ᠬᠤᠷᠢᠶ᠎ᠠ ᠶᠢᠨ ︵ᠥᠷᠭᠡᠳᠬᠡᠭᠰᠡᠨ︶ ᠬᠤᠷᠠᠯ ᠵᠢᠴᠢ ᠲᠥᠪ ᠤᠨ ᠨᠠᠢᠮᠠᠨ ᠵᠦᠢᠯ ᠤᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠳᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠤᠨ ᠠᠵᠢᠯ ᠤᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2025/4/8
      2025 ᠣᠨ ᠤ 3 ᠰᠠᠷ᠎ᠠ ᠶᠢᠨ 24᠎ ᠤ ᠡᠳᠦᠷ᠂  ᠳᠠᠭᠤᠳᠤᠨᠠᠭᠤᠷ ᠪᠠᠯᠭᠠᠰᠤᠨ ᠤ ᠨᠠᠮ ᠤᠨ ᠬᠤᠷᠢᠶ᠎ᠠ 2025 ᠣᠨ ᠤ 4 ᠳ᠋ᠦ᠋ᠭᠡᠷ ᠤᠳᠠᠭ᠎ᠠ ᠶᠢᠨ ᠨᠠᠮ ᠤᠨ ᠬᠤᠷᠢᠶ᠎ᠠ ᠶᠢᠨ ︵ᠥᠷᠭᠡᠳᠬᠡᠭᠰᠡᠨ︶ ᠬᠤᠷᠠᠯ ᠵᠢᠴᠢ ᠲᠥᠪ ᠎ ᠤᠨ ᠨᠠᠢᠮᠠᠨ ᠵᠦᠢᠯ ᠤᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠳᠤᠭᠤᠰᠢᠠᠯᠭᠤᠯᠬᠤ ᠰᠤᠷᠤᠯᠴᠠᠯᠭ᠎ᠠ ᠬᠥᠮᠦᠵᠢᠯ ᠤᠨ ᠠᠵᠢᠯ ᠤᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠢ ᠬᠤᠷᠠᠯᠳᠤᠭᠤᠯᠪᠠ᠃ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠡᠩᠬᠡᠵᠢᠷᠭᠠᠯ ᠬᠤᠷᠠᠯ ᠢ ᠡᠷᠭᠢᠯᠡᠵᠦ᠂ ᠨᠠᠮ ᠵᠠᠰᠠᠭ ᠤᠨ ᠤᠳᠤᠷᠢᠳᠬᠤ ᠪᠠᠭ ᠤᠨ ᠪᠦᠷᠢᠯᠳᠦᠭᠦᠨ ᠬᠤᠷᠠᠯ ᠳᠤ ᠣᠷᠣᠯᠴᠠᠵᠠᠢ᠃      ᠬᠤᠷᠠᠯ  ᠠᠴᠠ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ᠂ ᠠᠶᠢᠮᠠᠭ ᠤᠨ ᠨᠠᠮ ᠤᠨ ᠬᠤᠷᠢᠶ᠎ᠠ ᠪᠣᠯᠣᠨ ᠬᠤᠰᠢᠭᠤ ᠨᠠᠮ ᠤᠨ ᠬᠤᠷᠢᠶ᠎ᠠ ᠶᠢᠨ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠭᠰᠠᠨ ᠪᠥᠭᠡᠳ ᠪᠥᠬᠦ ᠪᠠᠯᠭᠠᠰᠤ ᠪᠠᠷ ᠢᠶᠠᠨ ᠲᠥᠪ ᠬᠤᠷᠢᠶᠠᠨ ᠤ ᠨᠠᠢᠮᠠᠨ ᠵᠦᠢᠯ ᠤᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠳᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠤᠨ ᠠᠵᠢᠯ ᠢ ᠥᠷᠨᠢᠭᠦᠯᠬᠦ ᠲᠤᠬᠠᠢ ᠪᠠᠶᠢᠷᠢᠯᠠᠭᠤᠯᠤᠯᠲᠠ ᠬᠢᠵᠡᠢ᠃      ᠬᠤᠷᠠᠯ ᠠᠴᠠ᠂ ᠪᠦᠬᠦ ᠨᠠᠮ ᠤᠨ ᠬᠡᠪᠴᠢᠶᠡᠨ ᠳᠤ ᠲᠥᠪ ᠤᠨ ᠨᠠᠢᠮᠠᠨ ᠵᠦᠢᠯ ᠤᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠳᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠪᠣᠯ ᠨᠠᠮ ᠤᠨ ᠲᠥᠪ ᠬᠤᠷᠢᠶᠠᠨ ᠤ ᠭᠠᠷᠭᠠᠭᠰᠠᠨ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠪᠣᠯᠣᠨ᠎ᠠ᠂ ᠡᠨᠡ ᠨᠢ ᠨᠠᠮ ᠤᠨ ᠲᠥᠪ ᠬᠤᠷᠢᠶᠠᠨ ᠤ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠤᠷᠳᠤ ᠬᠤᠭᠤᠴᠠᠭ᠎ᠠ ᠪᠠᠷ ᠠᠬᠢᠭᠤᠯᠵᠤ᠂ ᠰᠤᠷᠲᠠᠯ ᠢᠶᠠᠨ ᠰᠠᠶᠢᠵᠢᠷᠠᠭᠤᠯᠬᠤ ᠪᠠᠷ ᠰᠢᠨᠲᠠᠷᠠᠰᠢ ᠦᠭᠡᠢ ᠴᠢᠷᠮᠠᠶᠢᠬᠤ ᠡᠷᠡᠰ ᠵᠣᠷᠢᠭ ᠢ ᠭᠦᠢᠴᠡᠳ ᠬᠠᠷᠠᠭᠤᠯᠵᠠᠢ᠃ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠶᠢᠨ ᠴᠢᠬᠤᠯᠠ ᠴᠢᠨᠠᠷ ᠢ ᠭᠦᠢᠴᠡᠳ ᠲᠠᠨᠢᠵᠤ᠂ ︽ᠬᠤᠶᠠᠷ ᠢ ᠲᠣᠭᠲᠠᠭᠠᠬᠤ︾᠎ ᠶᠢ ᠦᠨᠡᠨᠴᠢ ᠪᠠᠷ ᠬᠦᠷᠢᠶᠡᠯᠡᠬᠦ᠂ ︽ᠬᠤᠶᠠᠷ ᠢ ᠬᠠᠮᠠᠭᠠᠯᠠᠬᠤ︾᠎ ᠶᠢ ᠡᠷᠡᠰ ᠪᠡᠶᠡᠯᠡᠭᠦᠯᠬᠦ ᠤᠯᠤᠰ ᠲᠦᠷᠦ ᠶᠢᠨ ᠳᠡᠭᠡᠳᠦ ᠬᠡᠮᠵᠢᠶᠡᠨ ᠳᠤ ᠵᠣᠭᠰᠣᠵᠤ᠂ ᠤᠯᠤᠰ ᠲᠦᠷᠦ ᠶᠢᠨ ᠬᠠᠷᠢᠭᠤᠴᠠᠯᠭᠠᠲᠤ ᠰᠡᠳᠬᠢᠯᠭᠡ ᠪᠠᠨ ᠨᠡᠮᠡᠭᠳᠡᠭᠦᠯᠦᠨ᠂ ᠲᠥᠪ ᠬᠤᠷᠢᠶᠠᠨ ᠤ ᠨᠠᠢᠮᠠᠨ ᠵᠦᠢᠯ ᠤᠨ ᠲᠣᠭᠲᠠᠭᠠᠯ ᠤᠨ ᠵᠣᠷᠢᠭ ᠰᠠᠨᠠᠭᠠᠨ ᠤ ᠬᠠᠰᠢᠯᠭ᠎ᠠ ᠶᠢ ᠪᠠᠬᠢᠵᠢᠭᠦᠯᠵᠦ᠂ ᠰᠤᠷᠲᠠᠯ ᠤᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠬᠦ ᠬᠡᠷᠡᠭᠲᠡᠢ᠃      ᠬᠤᠷᠠᠯ ᠠᠴᠠ᠂ ᠰᠤᠷᠤᠯᠴᠠᠯᠭ᠎ᠠ ᠬᠥᠮᠦᠵᠢᠯ ᠤᠨ ᠭᠤᠣᠯ ᠱᠠᠭᠠᠷᠳᠠᠯᠭ᠎ᠠ ᠶᠢ ᠣᠨᠣᠪᠴᠢᠲᠠᠢ ᠡᠵᠡᠮᠳᠡᠵᠦ᠂         ︽ᠰᠤᠷᠤᠯᠴᠠᠬᠤ ᠪᠠᠶᠢᠴᠠᠭᠠᠬᠤ ᠥᠭᠡᠷᠡᠴᠢᠯᠡᠬᠦ︾᠎ ᠶᠢ ᠨᠢᠭᠡ ᠴᠣᠭᠴᠠᠵᠢᠭᠤᠯᠤᠨ ᠠᠬᠢᠭᠤᠯᠬᠤ ᠶᠢ ᠢᠮᠠᠭᠲᠠ ᠳᠤᠭᠤᠰᠢᠯᠠᠭᠤᠯᠬᠤ ᠬᠡᠷᠡᠭᠲᠡᠢ᠃ ᠨᠢᠭᠡ ᠳᠤ᠂ ᠤᠨᠤᠯ ᠢᠶᠠᠷ ᠵᠡᠪᠰᠡᠭᠯᠡᠬᠦ ᠶᠢ ᠭᠦᠨᠵᠡᠭᠡᠶᠢᠷᠡᠭᠦᠯᠵᠦ᠂ ᠰᠤᠷᠲᠠᠯ ᠤᠨ ᠪᠠᠶᠢᠭᠤᠯᠤᠯᠲᠠ ᠶᠢᠨ ᠲᠤᠬᠠᠢ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠥᠭᠦᠯᠡᠯᠲᠡ ᠶᠢ  ᠰᠢᠰᠲ᠋ᠧᠮ ᠲᠠᠢ ᠰᠤᠷᠤᠯᠴᠠᠵᠤ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭᠠᠨ ᠤ ᠭᠤᠣᠯ ᠴᠢᠬᠤᠯᠠ ᠠᠭᠤᠯᠭ᠎ᠠ ᠶᠢ ᠭᠦᠨᠵᠡᠭᠡᠢ ᠣᠶᠢᠯᠠᠭᠠᠵᠤ᠂ ᠢᠲᠡᠭᠡᠯ ᠪᠢᠰᠢᠷᠡᠯ ᠤᠨ ᠰᠠᠭᠤᠷᠢ ᠶᠢ ᠪᠠᠲᠤᠳᠬᠠᠬᠤ ᠬᠡᠷᠡᠭᠲᠡᠢ︔ ᠬᠤᠶᠠᠷ ᠲᠤ ᠭᠤᠣᠯ ᠰᠡᠳᠦᠪ ᠲᠤ ᠠᠩᠬᠠᠷᠤᠯ ᠢᠶᠠᠨ ᠲᠥᠪᠯᠡᠷᠡᠭᠦᠯᠵᠦ᠂ ᠰᠤᠷᠤᠯᠴᠠᠬᠤ ᠪᠠᠶᠢᠴᠠᠭᠠᠨ ᠥᠭᠡᠷᠡᠴᠢᠯᠡᠬᠦ ᠭᠤᠣᠯᠳᠠᠯᠭ᠎ᠠ ᠶᠢ ᠲᠤᠪᠤᠶᠢᠯᠭᠠᠬᠤ ᠬᠡᠷᠡᠭᠲᠡᠢ᠃ ᠲᠥᠪ ᠬᠤᠷᠢᠶᠠᠨ ᠤ ᠨᠠᠢᠮᠠᠨ ᠵᠦᠢᠯ ᠤᠨ ᠲᠣᠭᠲᠠᠭᠠᠯ ᠤᠨ ᠵᠣᠷᠢᠭ ᠰᠠᠨᠠᠭ᠎ᠠ ᠲᠠᠢ ᠴᠢᠩᠭ᠎ᠠ          ᠬᠠᠷᠢᠴᠠᠭᠤᠯᠵᠤ᠂ ᠲᠥᠪ ᠬᠤᠷᠢᠶᠠᠨ ᠤ ᠨᠠᠢᠮᠠᠨ ᠵᠦᠢᠯ ᠤᠨ ᠲᠣᠭᠲᠠᠭᠠᠯ ᠵᠢᠴᠢ ᠲᠡᠭᠦᠨ ᠤ ᠬᠡᠷᠡᠭᠵᠢᠭᠦᠯᠬᠦ ᠨᠠᠷᠢᠨ ᠳᠦᠷᠢᠮ ᠢ ᠨᠠᠶᠢᠳᠠᠪᠤᠷᠢᠵᠢᠭᠤᠯᠬᠤ ᠲᠠᠯ᠎ᠠ ᠪᠠᠷ ᠣᠷᠣᠰᠢᠵᠤ ᠪᠠᠶᠢᠭ᠎ᠠ ᠠᠰᠠᠭᠤᠳᠠᠯ ᠢ ᠪᠦᠬᠦ ᠲᠠᠯ᠎ᠠ ᠪᠠᠷ ᠭᠦᠨᠵᠡᠭᠡᠢ ᠡᠷᠢᠪᠡ᠃ ᠭᠤᠷᠪᠠ ᠳᠤ᠂ ᠲᠥᠪᠯᠡᠷᠡᠭᠦᠯᠦᠨ ᠴᠡᠭᠴᠡᠯᠡᠨ ᠵᠠᠰᠠᠬᠤ ᠶᠢ ᠰᠠᠶᠢᠲᠤᠷ ᠠᠳᠬᠤᠵᠤ᠂ ᠰᠢᠰᠲ᠋ᠧᠮᠲᠦ ᠰᠡᠳᠬᠢᠬᠦᠢ ᠪᠠᠨ ᠴᠢᠩᠭᠠᠳᠬᠠᠵᠤ᠂ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠵᠣᠷᠢᠭ ᠰᠠᠨᠠᠭ᠎ᠠ ᠶᠢ ᠪᠠᠳᠠᠷᠠᠭᠤᠯᠵᠤ᠂ ᠦᠨᠡᠨᠬᠦ ᠬᠠᠲᠠᠭᠤ ᠲᠠᠢ ᠨᠢ ᠬᠠᠯᠳᠠᠵᠤ ᠴᠡᠭᠴᠡᠯᠡᠨ ᠰᠠᠶᠢᠵᠢᠷᠠᠭᠤᠯᠬᠤ ᠤᠯᠤᠰ ᠲᠦᠷᠦ ᠶᠢ ᠰᠠᠶᠢᠲᠤᠷ ᠠᠳᠬᠤᠬᠤ ᠬᠡᠷᠡᠭᠲᠡᠢ᠃ ᠳᠥᠷᠪᠡ ᠳᠤ᠂ ᠤᠬᠠᠭᠤᠯᠵᠤ ᠬᠥᠲᠥᠯᠥᠨ ᠵᠢᠯᠤᠭᠤᠳᠬᠤ ᠶᠢ ᠴᠢᠬᠤᠯᠠᠴᠢᠯᠠᠵᠤ᠂ ᠰᠡᠷᠡᠮᠵᠢᠯᠡᠭᠦᠯᠬᠦ ᠬᠥᠮᠦᠵᠢᠯ ᠤᠨ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠨᠡᠶᠢᠲᠡᠯᠢᠭ ᠬᠡᠷᠡᠭ ᠤᠨ ᠵᠢᠱᠢᠶ᠎ᠡ ᠶᠢ ᠬᠡᠷᠡᠭᠯᠡᠨ᠂ ᠰᠡᠷᠡᠮᠵᠢᠯᠡᠭᠦᠯᠬᠦ ᠬᠥᠮᠦᠵᠢᠯ ᠤᠨ ᠡᠷᠴᠢᠮ ᠢ ᠴᠢᠩᠭᠠᠷᠠᠭᠤᠯᠵᠤ᠂ ᠰᠤᠷᠲᠠᠯ ᠴᠢᠬᠡᠴᠢ ᠣᠪᠣᠷ ᠲᠥᠪ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠢ ᠭᠡᠪᠡ᠃
 
ᠢᠷᠡᠯᠲᠡ᠄ ᠲᠠᠭᠤᠳᠤᠨᠠᠭᠤᠷ ᠪᠠᠯᠭᠠᠰᠤ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号