ᠳᠠᠭᠤᠳᠤᠨᠠᠭᠤᠷ ᠪᠠᠯᠭᠠᠰᠤ ᠬᠠᠪᠤᠷ ᠤᠨ ᠤᠯᠠᠷᠢᠯ ᠤᠨ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠠᠵᠢᠯ ᠢ ᠣᠯᠠᠨ ᠠᠷᠭ᠎ᠠ ᠬᠡᠮᠵᠢᠶ᠎ᠡ ᠪᠠᠷ ᠰᠠᠶᠢᠲᠤᠷ ᠬᠢᠪᠡ
ᠨᠡᠶᠢᠲᠡᠯᠡᠭᠰᠡᠨ ᠴᠠᠭ᠄
2025/4/8
      ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠠᠵᠢᠯ ᠢ ᠦᠨᠡᠨᠬᠦ ᠰᠠᠶᠢᠲᠤᠷ ᠬᠢᠵᠦ᠂ ᠣᠶ ᠰᠢᠭᠤᠢ ᠨᠤᠲᠤᠭ ᠪᠡᠯᠴᠢᠭᠡᠷ ᠤᠨ ᠭᠠᠯ ᠤᠨ ᠠᠶᠤᠯ ᠭᠠᠷᠬᠤ ᠶᠢ ᠡᠷᠡᠰ ᠵᠣᠭᠰᠣᠭᠠᠵᠤ᠂ ᠪᠥᠬᠦ ᠪᠠᠯᠭᠠᠰᠤᠨ ᠤ ᠣᠯᠠᠨ ᠲᠦᠮᠡᠨ ᠤ ᠭᠠᠯ ᠰᠡᠷᠭᠡᠶᠢᠯᠡᠬᠦ ᠦᠵᠡᠯ ᠤᠬᠠᠮᠰᠠᠷ ᠢ ᠨᠡᠮᠡᠭᠳᠡᠭᠦᠯᠦᠨ᠂ ᠬᠠᠷᠢᠶᠠᠲᠤ ᠣᠷᠣᠨ ᠤ ᠨᠤᠲᠤᠭ ᠪᠡᠯᠴᠢᠭᠡᠷ ᠪᠠ ᠣᠯᠠᠨ ᠲᠦᠮᠡᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠬᠠᠮᠠᠭᠠᠯᠠᠬᠤ ᠶᠢᠨ       ᠲᠤᠰᠠᠳᠠ᠂ ᠣᠶᠢᠷ᠎ᠠ ᠶᠢᠨ ᠡᠳᠦᠷ᠂  ᠳᠠᠭᠤᠳᠤᠨᠠᠭᠤᠷ ᠪᠠᠯᠭᠠᠰᠤ ᠤᠢ ᠰᠢᠭᠤᠢ ᠨᠤᠲᠤᠭ ᠪᠡᠯᠴᠢᠭᠡᠷ ᠤᠨ ᠰᠡᠷᠭᠡᠶᠢᠯᠡᠨ ᠭᠠᠯ ᠤᠨᠲᠠᠷᠠᠭᠠᠬᠤ ᠡᠯ᠎ᠡ ᠵᠦᠢᠯ ᠤᠨ ᠠᠵᠢᠯ ᠢ ᠡᠮᠬᠢ ᠳᠢᠭᠯᠢᠮ ᠲᠠᠢ ᠦᠷᠨᠢᠬᠦᠯᠪᠡ᠃      ᠨᠢᠭᠡ᠂ ᠤᠬᠠᠭᠤᠯᠵᠤ ᠬᠥᠲᠥᠯᠥᠨ ᠵᠢᠯᠤᠭᠤᠳᠬᠤ ᠶᠢ ᠴᠢᠩᠭᠠᠳᠬᠠᠨ᠂ ᠭᠠᠯ ᠰᠡᠷᠭᠡᠶᠢᠯᠡᠬᠦ ᠬᠠᠯᠬᠠᠪᠴᠢ ᠶᠢ ᠪᠠᠲᠤ ᠪᠠᠬᠢ ᠪᠠᠶᠢᠭᠤᠯᠪᠠ᠃      ᠬᠠᠷᠢᠶᠠᠲᠤ ᠣᠷᠣᠨ ᠤ ᠣᠯᠠᠨ ᠲᠦᠮᠡᠨ ᠳᠤ ᠭᠠᠯ ᠰᠡᠷᠭᠡᠶᠢᠯᠡᠬᠦ ᠤᠬᠠᠭᠤᠯᠭ᠎ᠠ ᠶᠢᠨ ᠳᠡᠪᠲᠡᠷ ᠲᠠᠷᠬᠠᠭᠠᠬᠤ ᠪᠠᠷ ᠳᠡᠮᠵᠢᠨ᠂ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠮᠤᠷ ᠲᠦᠪᠰᠢᠨ ᠤ ᠮᠡᠳᠡᠯᠭᠡ ᠶᠢ         ᠲᠠᠶᠢᠯᠪᠤᠷᠢᠯᠠᠨ᠂ ᠣᠯᠠᠨ ᠲᠦᠮᠡᠨ ᠤ ᠣᠶᠢᠯᠠᠭᠠᠬᠤ ᠨᠣᠷᠮ᠎ᠠ ᠪᠠ ᠣᠷᠣᠯᠴᠠᠬᠤ ᠬᠡᠮᠵᠢᠶ᠎ᠡ ᠶᠢ ᠳᠡᠭᠡᠭᠰᠢᠯᠡᠬᠦᠯᠪᠡ᠃ ᠤᠯᠤᠰ ᠤᠨ ᠵᠠᠮ ᠤᠨ 334 ᠱᠤᠭᠤᠮ ᠳᠠᠭᠠᠤ ᠵᠡᠷᠭᠡ ᠭᠤᠣᠯᠳᠠᠯᠭ᠎ᠠ ᠲᠠᠢ ᠣᠷᠣᠨ ᠪᠦᠰᠡ ᠶᠢᠨ ᠬᠡᠰᠡᠭ ᠲᠤ ᠭᠠᠯ ᠰᠡᠷᠭᠡᠶᠢᠯᠡᠬᠦ ᠤᠬᠠᠭᠤᠯᠭ᠎ᠠ ᠶᠢᠨ ᠲᠤᠭ ᠢ ᠲᠠᠭᠠᠷᠠᠭᠤᠯᠵᠤ᠂ ᠤᠬᠠᠭᠤᠯᠭ᠎ᠠ ᠶᠢᠨ ᠠᠭᠤᠷ ᠠᠮᠢᠰᠬᠤᠯ ᠢ ᠪᠣᠶ ᠪᠤᠯᠭᠠᠪᠠ᠃ ᠥᠷᠭᠡᠨ ᠣᠯᠠᠨ ᠮᠠᠯᠴᠢᠳ ᠲᠤ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠬᠠᠤᠯᠢ ᠴᠠᠭᠠᠵᠠ ᠬᠠᠤᠯᠢ ᠲᠣᠭᠲᠠᠭᠠᠯ ᠢ ᠤᠬᠠᠮᠰᠠᠷ ᠠᠴᠠ ᠪᠠᠨ ᠵᠢᠷᠤᠮᠯᠠᠨ ᠰᠠᠬᠢᠵᠤ᠂ ᠥᠪᠡᠷ ᠢ ᠪᠠᠨ ᠬᠢᠵᠠᠭᠠᠷᠯᠠᠬᠤ ᠪᠠᠨ ᠴᠢᠩᠭᠠᠳᠬᠠᠨ᠂ ᠭᠠᠯ ᠢ ᠪᠣᠯᠭᠤᠮᠵᠢᠲᠠᠢ ᠬᠡᠷᠡᠭᠯᠡᠵᠦ᠂ ᠨᠣᠴᠣᠮᠠᠲᠠᠭᠠᠢ ᠳᠡᠯᠪᠡᠷᠡᠮᠡᠲᠡᠭᠡᠢ ᠪᠣᠳᠠᠰ ᠪᠠ ᠭᠠᠯ ᠤᠨ ᠲᠥᠷᠥᠯ ᠢ ᠣᠶ ᠰᠢᠭᠤᠢ ᠨᠤᠲᠤᠭ ᠪᠡᠯᠴᠢᠭᠡᠷ ᠲᠤ ᠠᠪᠴᠤ ᠣᠷᠣᠵᠤ ᠪᠣᠯᠬᠤ ᠦᠭᠡᠢ᠂ ᠣᠶ ᠰᠢᠭᠤᠢ ᠨᠤᠲᠤᠭ ᠪᠡᠯᠴᠢᠭᠡᠷ ᠤᠨ ᠭᠠᠯ ᠤᠨ ᠭᠠᠮᠰᠢᠭ ᠤᠨ ᠠᠳᠡᠯ ᠭᠠᠷᠬᠤ ᠶᠢ ᠴᠢᠩᠭ᠎ᠠ ᠰᠡᠷᠭᠡᠶᠢᠯᠡᠬᠦ ᠬᠡᠷᠡᠭᠲᠡᠢ ᠭᠡᠵᠦ ᠰᠠᠨᠠᠭᠤᠯᠪᠠ᠃      ᠬᠤᠶᠠᠷ᠂ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠶᠢ ᠴᠢᠩᠭᠠᠳᠬᠠᠵᠤ᠂ ᠭᠡᠨᠡᠳᠲᠡ ᠶᠢᠨ ᠬᠡᠷᠡᠭ ᠢ ᠰᠢᠢᠳᠪᠦᠷᠢᠯᠡᠬᠦ ᠴᠢᠳᠠᠪᠤᠷᠢ ᠪᠠᠨ ᠳᠡᠭᠡᠭᠰᠢᠯᠡᠬᠦᠯᠪᠡ᠃      ᠪᠠᠯᠭᠠᠰᠤᠨ ᠤ ᠰᠠᠶᠢᠨ ᠳᠤᠷᠠᠴᠤᠤᠯ  ᠤᠨ ᠭᠠᠯ ᠤᠨᠲᠠᠷᠠᠭᠠᠬᠤ ᠠᠩᠭᠢ ᠶᠢ ᠵᠣᠬᠢᠶᠠᠨ ᠪᠠᠶᠢᠭᠤᠯᠵᠤ᠂          ︽ᠤᠷᠢᠳᠴᠢᠯᠠᠨ ᠰᠡᠷᠭᠡᠶᠢᠯᠡᠬᠦ ᠪᠠᠷ ᠭᠤᠣᠯ ᠪᠣᠯᠭᠠᠵᠤ᠂ ᠰᠡᠷᠭᠡᠶᠢᠯᠡᠬᠦ ᠪᠠ ᠤᠨᠲᠠᠷᠠᠭᠠᠬᠤ ᠶᠢ ᠤᠶᠠᠯᠳᠤᠭᠤᠯᠬᠤ︾᠎ ᠪᠠᠷ ᠵᠠᠷᠴᠢᠮ ᠪᠣᠯᠭᠠᠵᠤ᠂ ᠬᠠᠪᠤᠷ ᠤᠨ ᠤᠯᠠᠷᠢᠯ ᠤᠨ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ  ᠰᠣᠷᠢᠯᠲᠠ ᠶᠢ ᠦᠷᠨᠢᠬᠦᠯᠪᠡ᠃ ᠭᠡᠨᠡᠳᠲᠡ ᠡᠭᠦᠰᠦᠭᠰᠡᠨ ᠨᠤᠲᠤᠭ ᠪᠡᠯᠴᠢᠭᠡᠷ ᠤᠨ ᠭᠠᠯ ᠤᠨ ᠭᠠᠮᠰᠢᠭ ᠤᠨ ᠪᠠᠶᠢᠳᠠᠯ ᠢ ᠰᠣᠷᠢᠯᠲᠠ ᠬᠢᠪᠡ᠃ ᠭᠠᠯ ᠤᠨᠲᠠᠷᠠᠭᠠᠬᠤ ᠠᠩᠭᠢ ᠶᠢᠨ ᠡᠯ᠎ᠡ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠳᠤᠭᠤᠶᠢᠯᠠᠩ ᠤᠨ ᠬᠢᠨ ᠨᠢᠭᠡᠨᠲᠡ ᠲᠣᠭᠲᠠᠭᠰᠠᠨ ᠠᠵᠢᠯ ᠤᠨ ᠬᠤᠪᠢᠶᠠᠷᠢᠯᠠᠯ ᠶᠣᠰᠣᠭᠠᠷ᠂  ᠳᠠᠷᠤᠢ ᠲᠦᠷᠭᠡᠨ ᠲᠤᠬᠠᠢ ᠶᠢᠨ ᠲᠠᠯᠠᠪᠠᠶ ᠳᠤ ᠬᠦᠷᠴᠦ᠂ ᠰᠣᠷᠣᠭᠰᠠᠨ ᠮᠡᠳᠡᠯᠭᠡ ᠪᠠ ᠮᠡᠷᠭᠡᠵᠢᠯ ᠴᠢᠳᠠᠪᠤᠷᠢ ᠪᠠᠨ ᠬᠡᠷᠡᠭᠯᠡᠨ᠂ ᠬᠤᠶᠠᠳᠤᠭᠠᠷ ᠪᠠᠭᠠᠵᠢ᠂ ᠰᠠᠯᠬᠢᠨ ᠬᠦᠴᠦᠨ ᠢᠶᠠᠷ ᠭᠠᠯ ᠤᠨᠲᠠᠷᠠᠭᠠᠬᠤ ᠮᠠᠰᠢᠨ᠂ ᠭᠠᠯ ᠤᠨᠲᠠᠷᠠᠭᠠᠬᠤ ᠲᠡᠷᠭᠡ ᠵᠡᠷᠭᠡ ᠪᠠᠭᠠᠵᠢ ᠬᠡᠷᠡᠭᠰᠡᠯ ᠢ ᠠᠰᠢᠭᠯᠠᠨ᠂ ︽ᠴᠣᠬᠢᠬᠤ ᠪᠠ ᠲᠤᠰᠠᠭᠠᠷᠯᠠᠬᠤ ᠶᠢ ᠤᠶᠠᠯᠳᠤᠭᠤᠯᠵᠤ᠂ ᠤᠰᠤ ᠪᠠᠷ ᠭᠠᠯ ᠤᠨᠲᠠᠷᠠᠭᠠᠬᠤ︾ ᠵᠡᠷᠭᠡ ᠠᠷᠭ᠎ᠠ ᠶᠢ ᠬᠡᠷᠡᠭᠯᠡᠨ᠂ ᠭᠠᠯ ᠤᠨ ᠪᠠᠶᠢᠳᠠᠯ ᠢ ᠪᠦᠲᠦᠮᠵᠢᠲᠡᠶ ᠡᠵᠡᠮᠳᠡᠪᠡ᠃ ᠪᠦᠬᠦ᠋ᠢᠯᠡ ᠰᠣᠷᠢᠯᠲᠠ ᠶᠢᠨ ᠶᠠᠪᠤᠴᠠ ᠪᠠᠴᠢᠮ ᠪᠥᠭᠡᠳ ᠡᠮᠬᠢ ᠵᠢᠷᠤᠮ  ᠲᠠᠢ ᠶᠠᠪᠤᠭᠳᠠᠪᠠ᠃      ᠭᠤᠷᠪᠠ᠂ ᠲᠠᠯᠳᠠ ᠭᠡᠮ  ᠢ ᠵᠢᠭᠰᠠᠭᠠᠨ ᠪᠠᠶᠢᠴᠠᠭᠠᠬᠤ ᠶᠢ ᠴᠢᠩᠭᠠᠳᠬᠠᠨ᠂ ᠶᠡᠷᠦᠩᠬᠡᠶᠢᠯᠡᠨ ᠵᠠᠰᠠᠬᠤ ᠶᠢ ᠲᠦᠯᠬᠢᠨ  ᠠᠬᠢᠭᠤᠯᠪᠠ᠃      ᠨᠢᠭᠡ ᠳᠤ᠂ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠬᠤᠭᠤᠴᠠᠭᠠᠨ ᠳᠤ ᠤᠳᠤᠷᠢᠳᠤᠯᠭ᠎ᠠ ᠶᠢᠨ ᠡᠭᠡᠯᠵᠢ ᠳᠠᠭᠠᠭᠤᠯᠬᠤ ᠵᠢᠴᠢ 24 ᠴᠠᠭ ᠢᠶᠠᠷ ᠵᠢᠵᠢᠭᠦᠷᠯᠡᠬᠦ ᠳᠦᠷᠢᠮ ᠢ ᠴᠢᠩᠭ᠎ᠠ ᠵᠢᠷᠤᠮᠯᠠᠵᠤ᠂ ᠪᠠᠴᠢᠮ ᠪᠠᠶᠢᠳᠠᠯ ᠢ ᠠᠷᠭᠠᠴᠠᠬᠤ ᠵᠢᠵᠢᠭᠦᠷᠯᠡᠨ ᠰᠠᠬᠢᠬᠤ ᠶᠢ ᠴᠢᠩᠭᠠᠳᠬᠠᠨ᠂ ᠭᠡᠨᠡᠳᠲᠡ ᠶᠢᠨ ᠪᠠᠶᠢᠳᠠᠯ ᠤᠨ ᠦᠳᠲᠡᠷ ᠲᠦᠷᠭᠡᠨ ᠳᠠᠭᠠᠬᠤ ᠶᠢ ᠦᠨᠡᠨᠬᠦ ᠪᠠᠳᠤᠯᠠᠪᠠ᠃ ᠬᠤᠶᠠᠷ ᠲᠤ᠂ ᠠᠵᠢᠯᠲᠠᠳ ᠠᠴᠠ ᠮᠠᠯᠴᠢᠨ ᠡᠷᠦᠬᠡ ᠶᠢᠨ ᠡᠪᠡᠰᠦᠨ ᠣᠪᠣᠭ᠎ᠠ᠂ ᠡᠪᠡᠰᠦᠨ ᠲᠡᠷᠭᠡ ᠵᠡᠷᠭᠡ ᠳᠤ ᠭᠤᠣᠯᠳᠠᠯᠭ᠎ᠠ ᠲᠠᠢ ᠪᠥᠬᠦ ᠲᠠᠯ᠎ᠠ ᠶᠢᠨ ᠲᠣᠭᠤᠷᠢᠨ ᠪᠠᠶᠢᠴᠠᠭᠠᠯᠲᠠ ᠬᠢᠵᠦ᠂ ᠠᠶᠤᠯ ᠲᠦᠭᠰᠢᠭᠦᠷᠢ ᠶᠢᠨ ᠳᠠᠯᠳᠠ ᠬᠡᠮ ᠢ ᠴᠠᠭ ᠲᠤᠬᠠᠢ ᠳᠤᠨᠢ ᠢᠯᠡᠷᠡᠭᠦᠯᠬᠦ ᠶᠢᠨ ᠬᠠᠮᠲᠤ ᠴᠡᠭᠴᠡᠯᠡᠨ ᠰᠠᠶᠢᠵᠢᠷᠠᠭᠤᠯᠵᠤ᠂ ᠬᠠᠷᠢᠶᠠᠲᠤ ᠣᠷᠣᠨ ᠤ ᠣᠶ ᠰᠢᠭᠤᠢ ᠨᠤᠲᠤᠭ ᠪᠡᠯᠴᠢᠭᠡᠷ ᠤᠨ ᠭᠠᠯ ᠤᠨ ᠭᠠᠮᠰᠢᠭ ᠤᠨ ᠳᠠᠯᠳᠠ ᠬᠡᠮ ᠢ ᠦᠨᠡᠨ ᠬᠦ ᠠᠷᠢᠯᠭᠠᠪᠠ᠃      ᠳᠠᠷᠠᠭᠠᠴᠢ ᠶᠢᠨ ᠠᠯᠬᠤᠮ ᠳᠤ᠂ ᠳᠠᠭᠤᠳᠤᠨᠠᠭᠤᠷ ᠪᠠᠯᠭᠠᠰᠤ ᠤᠢ ᠰᠢᠭᠤᠢ ᠨᠤᠲᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠬᠦ ᠤᠬᠠᠭᠤᠯᠭ᠎ᠠ ᠬᠥᠮᠦᠵᠢᠯ ᠢ ᠦᠷᠭᠦᠯᠵᠢᠯᠡᠨ ᠴᠢᠩᠭᠠᠳᠬᠠᠵᠤ᠂ ᠲᠣᠭᠤᠷᠢᠨ ᠪᠠᠶᠢᠴᠠᠭᠠᠬᠤ ᠡᠷᠴᠢᠮ ᠢᠶᠠᠨ ᠴᠢᠩᠭᠠᠳᠬᠠᠨ᠂ ᠲᠦᠢᠮᠡᠷ ᠤᠨ ᠢᠷᠡᠯᠲᠡ ᠶᠢ ᠬᠠᠮᠢᠶᠠᠷᠤᠨ ᠡᠵᠡᠮᠳᠡᠬᠦ ᠶᠢ ᠴᠢᠩᠭᠠᠳᠬᠠᠵᠤ  ᠂ ᠪᠠᠴᠢᠮ ᠪᠠᠶᠢᠳᠠᠯ ᠢ ᠠᠷᠭᠠᠴᠠᠬᠤ ᠲᠥᠰᠥᠯ ᠢ ᠲᠡᠭᠦᠯᠳᠡᠷᠵᠢᠭᠦᠯᠵᠦ᠂ ︽ᠤᠷᠢᠳᠴᠢᠯᠠᠨ ᠰᠡᠷᠭᠡᠶᠢᠯᠡᠬᠦ ᠪᠠᠷ ᠭᠤᠣᠯ ᠪᠣᠯᠭᠠᠵᠤ᠂ ᠢᠳᠡᠪᠬᠢᠲᠡᠢ ᠤᠰᠠᠳᠬᠠᠬᠤ︾  ᠎ ᠶᠢ ᠦᠨᠡᠨᠬᠦ ᠪᠡᠶᠡᠯᠡᠭᠦᠯᠵᠦ᠂ ᠪᠦᠬᠦ ᠪᠠᠯᠭᠠᠰᠤ ᠶᠢᠨ ᠤᠢ ᠰᠢᠭᠤᠢ ᠨᠤᠲᠤᠭ ᠪᠡᠯᠴᠢᠭᠡᠷ ᠤᠨ ᠡᠬᠢ ᠪᠠᠶᠠᠯᠢᠭ ᠤᠨ ᠠᠮᠤᠷ ᠲᠦᠪᠰᠢᠨ ᠪᠣᠯᠣᠨ ᠠᠮᠢ ᠠᠬᠤᠢ ᠶᠢᠨ ᠣᠷᠴᠢᠨ ᠲᠣᠭᠤᠷᠢᠨ ᠤ ᠪᠦᠲᠦᠭᠡᠨ ᠪᠠᠶᠢᠭᠤᠯᠤᠯᠲᠠ ᠶᠢ  ᠬᠠᠮᠠᠭᠠᠯᠠᠪᠠ᠃
 
ᠢᠷᠡᠯᠲᠡ᠄ ᠲᠠᠭᠤᠳᠤᠨᠠᠭᠤᠷ ᠪᠠᠯᠭᠠᠰᠤ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号