3 ᠰᠠᠷ᠎ᠠ ᠶᠢᠨ 27 ᠤ ᠡᠳᠦᠷ᠂ ᠬᠤᠰᠢᠭᠤ ᠨᠠᠮ ᠤᠨ ᠬᠤᠷᠢᠶ᠎ᠠ ᠶᠢᠨ ᠣᠨᠣᠯ ᠤᠨ ᠰᠤᠷᠤᠯᠴᠠᠯᠭ᠎ᠠ ᠶᠢᠨ | ᠭᠤᠣᠯᠯᠠᠬᠤ ᠳᠤᠭᠤᠶᠢᠯᠠᠩ ᠤᠨ 2025 ᠣᠨ ᠤ ᠳᠥᠷᠪᠡᠳᠦᠭᠡᠷ ᠤᠳᠠᠭᠠᠨ ᠤ ( ᠥᠷᠭᠡᠳᠬᠡᠭᠰᠡᠨ ) ᠰᠤᠷᠤᠯᠴᠠᠯᠭ᠎ᠠ | ᠵᠢᠴᠢ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢᠨ ᠲᠤᠰᠬᠠᠶ ᠰᠡᠳᠦᠪᠲᠦ ᠲᠠᠶᠢᠯᠤᠮᠵᠢ ᠬᠢᠪᠠ ᠃ | ᠬᠤᠷᠠᠯ ᠠᠴᠠ ᠰᠢᠯᠢ ᠶᠢᠨ ᠭᠤᠤᠯ ᠠᠶᠢᠮᠠᠭ ᠤᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠳᠡᠳ᠋ | ᠳᠠᠷᠤᠭ᠎ᠠ ᠸᠠᠩ ᡁᠢ ᠭᠦᠸᠧ ᠶᠢ ᠣᠷᠢᠵᠦ᠂ ᠰᠢ ᠶᠢᠨ ᠫᠢᠩ ᠤᠨ ᠰᠣᠶᠣᠯ ᠤᠨ ᠦᠵᠡᠯ ᠰᠠᠨᠠᠭᠠᠨ ᠤ ᠴᠠᠭ ᠦᠶ᠎ᠡ ᠶᠢᠨ | ᠠᠬᠤᠶ ᠪᠠᠶᠢᠳᠠᠯ᠂ ᠪᠠᠶᠠᠯᠢᠭ ᠠᠭᠤᠯᠤᠭᠳᠠᠬᠤᠨ᠂ ᠪᠠᠶᠢᠯᠳᠤᠬᠤ ᠪᠣᠳᠣᠯᠭ᠎ᠠ ᠶᠢᠨ ᠠᠴᠢ ᠬᠤᠯᠪᠣᠭᠳᠠᠯ ᠪᠠ ᠤᠮᠠᠷᠠᠲᠤ | ᠬᠢᠯᠢ ᠶᠢᠨ ᠰᠣᠶᠣᠯ ᠤᠨ ᠪᠠᠶᠢᠭᠤᠯᠤᠯᠲᠠ ᠵᠡᠷᠭᠡ ᠪᠥᠬᠦ ᠲᠠᠯ᠎ᠠ ᠪᠠᠷ ᠤᠬᠠᠭᠤᠯᠤᠨ ᠲᠠᠶᠢᠯᠪᠤᠷᠢᠯᠠᠯᠲᠠ ᠬᠢᠯᠭᠡᠵᠡᠢ᠃ | ᠬᠤᠰᠢᠭᠤ ᠨᠠᠮ ᠤᠨ ᠬᠤᠷᠢᠶᠠᠨ ᠤ ᠱᠦᠵᠢ ᠵᠧᠦ ᠢᠦᠢ ᠯᠦᠩ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ | ᠡᠯ᠎ᠡ ᠱᠠᠲᠤᠨ ᠤ ᠨᠠᠮ ᠤᠨ ᠭᠡᠰᠢᠭᠦᠨ ᠺᠠᠳ᠋ᠷᠴᠤᠳ ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ ᠶᠢ | ᠰᠤᠷᠤᠯᠴᠠᠨ ᠲᠤᠭᠤᠰᠢᠯᠠᠭᠤᠯᠬᠤ ᠶᠢ ᠲᠡᠷᠢᠭᠦᠨ ᠴᠢᠬᠤᠯᠠ ᠤᠯᠤᠰ ᠲᠥᠷᠥ ᠶᠢᠨ ᠡᠭᠦᠷᠭᠡ ᠪᠣᠯᠭᠠᠵᠤ᠂ ᠲᠡᠭᠦᠨ ᠤ | ᠭᠤᠤᠯ ᠠᠭᠤᠯᠭ᠎ᠠ᠂ ᠵᠣᠷᠢᠭ ᠰᠠᠨᠠᠭᠠᠨ ᠤ ᠮᠥᠨ ᠴᠢᠨᠠᠷ ᠪᠠ ᠦᠶᠯᠡᠳᠦᠯᠭᠡ ᠶᠢᠨ ᠱᠠᠭᠠᠷᠳᠠᠯᠭ᠎ᠠ ᠶᠢ ᠰᠢᠰᠲ᠋ᠧᠮ ᠲᠠᠢ | ᠡᠵᠡᠮᠰᠢᠵᠦ᠂ ᠣᠨᠣᠯ ᠤᠨ ᠰᠤᠷᠤᠯᠴᠠᠯᠭ᠎ᠠ ᠶᠢᠨ ᠦᠷ᠎ᠡ ᠪᠦᠲᠦᠭᠡᠯ ᠢ ᠦᠨᠡᠨ ᠬᠦ ᠤᠮᠠᠷᠠᠲᠤ ᠬᠢᠯᠢ ᠶᠢᠨ ᠰᠣᠶᠣᠯ ᠤᠨ | ᠪᠠᠶᠢᠭᠤᠯᠤᠯᠲᠠ ᠶᠢ ᠠᠬᠢᠭᠤᠯᠬᠤ ᠪᠣᠳᠠᠲᠤ ᠠᠵᠢᠯᠯᠠᠭ᠎ᠠ ᠪᠣᠯᠭᠠᠨ ᠬᠤᠪᠢᠷᠠᠭᠤᠯᠬᠤ ᠬᠡᠷᠡᠭᠲᠡᠶ ᠭᠡᠵᠦ ᠱᠠᠭᠠᠷᠳᠠᠪᠠ᠃ | ᠨᠡᠶᠢᠭᠡᠮ ᠵᠢᠷᠤᠮ ᠤᠨ ᠭᠤᠣᠯᠯᠠᠭᠴᠢ ᠥᠷᠲᠡᠭ ᠤᠨ ᠦᠵᠡᠯᠲᠡ ᠪᠠᠷ ᠬᠥᠲᠥᠯᠦᠮᠵᠢ ᠪᠣᠯᠭᠠᠵᠤ᠂ ᠰᠣᠶᠣᠯ ᠤᠨ | ᠪᠠᠶᠢᠭᠤᠯᠤᠯᠲᠠ ᠶᠢ ᠪᠦᠬᠦ ᠬᠤᠰᠢᠭᠤᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠦᠬᠦ ᠲᠠᠯ᠎ᠠ ᠳᠤ | ᠠᠭᠤᠰᠤᠯᠴᠠᠭᠤᠯᠵᠤ᠂ ᠰᠣᠶᠣᠯ ᠢᠶᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠵᠢᠭᠤᠯᠴᠢᠯᠠᠯ ᠤᠨ | ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ᠂ ᠠᠮᠢ ᠠᠬᠤᠢ ᠶᠢᠨ ᠬᠠᠮᠠᠭᠠᠯᠠᠯᠲᠠ ᠶᠢ ᠠᠬᠢᠭᠤᠯᠵᠤ᠂ ᠵᠡᠭᠦᠨ ᠦᠵᠦᠮᠦᠴᠢᠨ | ᠬᠤᠰᠢᠭᠤᠨ ᠤ ᠰᠣᠶᠣᠯ ᠤᠨ ᠵᠥᠭᠡᠯᠡᠨ ᠪᠣᠳᠠᠲᠤ ᠬᠦᠴᠦᠨ ᠪᠠ ᠨᠥᠯᠥᠭᠡᠯᠡᠬᠦ ᠬᠦᠴᠦᠨ ᠢ ᠦᠨᠡᠨᠬᠦ | ᠳᠡᠭᠡᠭᠰᠢᠯᠡᠭᠦᠯᠦᠨ᠎ᠡ᠃ ᠡᠯ᠎ᠡ ᠱᠠᠲᠤᠨ ᠤ ᠨᠠᠮ ᠤᠨ ᠬᠤᠷᠢᠶ᠎ᠠ ᠨᠠᠮ ᠤᠨ ᠤᠳᠤᠷᠢᠳᠬᠤ ᠳᠤᠭᠤᠶᠢᠯᠠᠩ ᠦᠵᠡᠯ | ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ | ᠰᠤᠷᠲᠠᠯ ᠤᠬᠠᠭᠤᠯᠭ᠎ᠠ ᠰᠣᠶᠣᠯ ᠤᠨ ᠰᠢᠰᠲ᠋ᠧᠮ ᠤᠨ ᠬᠢᠨ ᠭᠤᠣᠯ ᠬᠦᠴᠦᠨ ᠴᠡᠷᠢᠭ ᠤᠨ ᠦᠢᠯᠡᠳᠦᠯ ᠢᠶᠠᠨ | ᠪᠠᠳᠠᠷᠠᠭᠤᠯᠵᠤ᠂ ᠡᠯ᠎ᠡ ᠰᠠᠯᠠᠭ᠎ᠠ ᠮᠥᠴᠢᠷ ᠬᠠᠮᠲᠤᠷᠠᠨ ᠬᠠᠮᠵᠢᠯᠴᠠᠵᠤ᠂ ᠶᠡᠭᠡ ᠰᠣᠶᠣᠯ ᠤᠨ ᠠᠵᠢᠯ ᠤᠨ ᠪᠠᠶᠢᠷᠢᠰᠢᠯ ᠢ | ᠪᠤᠢ ᠪᠣᠯᠭᠠᠵᠤ᠂ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢᠨ ᠰᠢᠨ᠎ᠡ ᠬᠠᠭᠤᠳᠠᠰᠤ ᠶᠢ ᠬᠠᠮᠲᠤ ᠪᠠᠷ | ᠪᠢᠴᠢᠭᠯᠡᠬᠦ ᠬᠡᠷᠡᠭᠲᠡᠢ ᠭᠡᠵᠡᠢ᠃ ᠬᠤᠰᠢᠭᠤ ᠨᠠᠮ ᠤᠨ ᠬᠤᠷᠢᠶ᠎ᠠ ᠶᠢᠨ ᠣᠨᠣᠯ ᠤᠨ ᠰᠤᠷᠤᠯᠴᠠᠯᠭ᠎ᠠ ᠶᠢᠨ ᠭᠤᠣᠯᠯᠠᠬᠤ | ᠳᠤᠭᠤᠶᠢᠯᠠᠩ ᠤᠨ ᠪᠦᠷᠢᠯᠳᠦᠬᠦᠨ᠂ ᠬᠤᠰᠢᠭᠤ ᠰᠢᠭᠤᠳ ᠬᠠᠷᠢᠶ᠎ᠠ᠂ ᠬᠤᠰᠢᠭᠤᠨ ᠳᠤ ᠰᠠᠭᠤᠭ᠎ᠠ ᠡᠯ᠎ᠡ ᠨᠢᠭᠡᠴᠢ᠂ | ᠡᠯ᠎ᠡ ᠰᠤᠮᠤ ᠪᠠᠯᠭᠠᠰᠤ ( ᠲᠠᠯᠠᠪᠠᠶ ) ᠶᠢᠨ ᠭᠤᠤᠯ ᠬᠠᠷᠢᠭᠤᠴᠠᠯᠭᠠᠲᠠᠨ ᠨᠥᠬᠦᠳ᠂ ᠰᠤᠮᠤ ᠪᠠᠯᠭᠠᠰᠤᠨ ᠤ | ᠤᠬᠠᠭᠤᠯᠬᠤ ᠭᠡᠰᠢᠭᠦᠨ ᠵᠢᠴᠢ ᠤᠬᠠᠭᠤᠯᠭ᠎ᠠ ᠰᠣᠶᠣᠯ ᠤᠨ ᠰᠢᠰᠲ᠋ᠧᠮ ᠤᠨ ᠪᠥᠬᠦ ᠺᠠᠳ᠋ᠷ ᠬᠤᠷᠠᠯ ᠳᠤ ᠣᠷᠣᠯᠴᠠᠪᠠ᠃ |