︽ᠵᠡᠭᠦᠨ ᠦᠵᠦᠮᠦᠴᠢᠨ ᠬᠤᠰᠢᠭᠤᠨ ᠤ ᠣᠷᠣᠰᠢᠭᠤᠯᠭ᠎ᠠ ᠶᠢᠨ ᠥᠭᠡᠷᠡᠴᠢᠯᠡᠯᠲᠡ ᠶᠢᠨ ᠬᠠᠷᠠᠯᠲᠠᠲᠤ ᠬᠠᠮᠢᠶᠠᠷᠤᠯᠲᠠ ᠶᠢᠨ ᠬᠢᠨᠠᠨ ᠰᠢᠯᠭᠠᠬᠤ ᠲᠥᠰᠦᠯ︾ ᠢ ᠳᠠᠷᠤᠮᠠᠯᠯᠠᠨ ᠲᠠᠷᠬᠠᠭᠠᠬᠤ ᠲᠤᠬᠠᠶ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2025/4/9
ᠮᠠᠨ ᠤ ᠬᠤᠰᠢᠭᠤᠨ ᠤ ᠣᠷᠣᠰᠢᠭᠤᠯᠭ᠎ᠠ ᠶᠢᠨ ᠥᠭᠡᠷᠡᠴᠢᠯᠡᠯᠲᠡ ᠶᠢᠨ ᠬᠠᠷᠠᠯᠲᠠᠲᠤ ᠬᠠᠮᠢᠶᠠᠷᠤᠯᠲᠠ ᠶᠢᠨ ᠬᠢᠨᠠᠨ ᠰᠢᠯᠭᠠᠬᠤ ᠲᠥᠰᠦᠯ      ᠣᠷᠣᠰᠢᠭᠤᠯᠭ᠎ᠠ ᠶᠢᠨ ᠥᠭᠡᠷᠡᠴᠢᠯᠡᠯᠲᠡ ᠪᠠ ᠬᠠᠮᠢᠶᠠᠷᠤᠯᠲᠠ ᠶᠢᠨ ᠠᠵᠢᠯ ᠤᠨ ᠪᠦᠬᠦᠯᠢ ᠴᠣᠭᠴᠠ ᠶᠢᠨ ᠬᠢᠷᠢ ᠲᠦᠪᠰᠢᠨ ᠢ ᠤᠯᠠᠮ ᠨᠢᠭᠡ ᠠᠯᠬᠤᠮ ᠴᠢᠩᠭᠠᠳᠬᠠᠵᠤ᠂ ᠣᠷᠣᠰᠢᠭᠤᠯᠭ᠎ᠠ ᠶᠢᠨ ᠥᠭᠡᠷᠡᠴᠢᠯᠡᠯᠲᠡ ᠶᠢᠨ ᠠᠵᠢᠯ ᠳᠠᠬᠢ ᠰᠢᠯᠭᠠᠨ ᠦᠨᠡᠯᠡᠬᠦ ᠤᠳᠤᠷᠢᠳᠤᠮᠵᠢ ᠶᠢᠨ ᠦᠢᠯᠡᠳᠦᠯ ᠢ ᠭᠦᠢᠴᠡᠳ ᠪᠠᠳᠠᠷᠠᠭᠤᠯᠬᠤ ᠶᠢᠨ ᠲᠥᠯᠥᠭᠡ᠂ ᠲᠥᠷᠥ ᠶᠢᠨ ᠶᠠᠪᠤᠳᠠᠯ ᠤᠨ ᠬᠤᠷᠢᠶᠠᠨ ᠤ ︽ᠣᠷᠣᠰᠢᠭᠤᠯᠭ᠎ᠠ ᠶᠢᠨ ᠬᠠᠮᠢᠶᠠᠷᠤᠯᠲᠠ ᠶᠢᠨ ᠲᠦᠷᠢᠮ︾ ᠪᠠ ᠣᠷᠣᠰᠢᠭᠤᠯᠭ᠎ᠠ ᠶᠢᠨ ᠥᠭᠡᠷᠡᠴᠢᠯᠡᠯᠲᠡ ᠶᠢᠨ ᠬᠤᠯᠪᠣᠭᠳᠠᠯ ᠪᠥᠬᠦᠶ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠦᠨᠳᠦᠰᠦᠯᠡᠨ᠂ ᠮᠠᠨ ᠤ ᠬᠤᠰᠢᠭᠤᠨ ᠤ ᠠᠵᠢᠯ ᠤᠨ ᠪᠣᠳᠠᠲᠠᠶ ᠲᠠᠢ ᠪᠠᠨ ᠤᠶᠠᠯᠳᠤᠭᠤᠯᠤᠨ᠂ ᠲᠣᠰ ᠰᠢᠯᠭᠠᠨ ᠬᠢᠨᠠᠬᠤ ᠲᠥᠰᠦᠯ ᠢ ᠣᠨᠴᠠᠭᠠᠶᠢᠯᠠᠨ ᠲᠣᠭᠲᠠᠭᠠᠪᠠ᠃      ᠨᠢᠭᠡ᠂ ᠰᠢᠯᠭᠠᠨ ᠬᠢᠨᠠᠬᠤ ᠵᠣᠷᠢᠯᠭ᠎ᠠ      ⒈ᠤᠳᠤᠷᠢᠳᠤᠯᠭ᠎ᠠ ᠪᠠᠨ ᠴᠢᠩᠭᠠᠳᠬᠠᠨ᠂ ᠨᠢᠭᠡᠳᠦᠯᠲᠡᠶ ᠬᠠᠮᠵᠢᠯᠴᠠᠵᠤ᠂ ᠬᠠᠷᠢᠶ᠎ᠠ ᠣᠷᠣᠨ ᠳᠤᠨᠢ ᠬᠠᠮᠢᠶᠠᠷᠤᠭᠤᠯᠬᠤ᠂ ᠰᠢᠰᠲ᠋ᠧᠮ ᠢᠶᠠᠷ ᠢᠶᠠᠨ ᠬᠠᠷᠢᠭᠤᠴᠠᠬᠤ ᠵᠠᠷᠴᠢᠮ ᠢ ᠪᠠᠷᠢᠮᠲᠠᠯᠠᠨ᠂ ᠵᠠᠰᠠᠭ ᠤᠨ ᠣᠷᠳᠣᠨ ᠤ ᠭᠤᠤᠯᠯᠠᠬᠤ ᠰᠠᠯᠠᠭ᠎ᠠ ᠮᠥᠴᠢᠷ ᠠᠴᠠ ᠬᠠᠮᠵᠢᠯᠴᠠᠭᠰᠠᠨ ᠠᠵᠢᠯ ᠤᠨ ᠪᠠᠶᠢᠷᠢᠰᠢᠯ ᠢ ᠪᠡᠶᠡᠯᠡᠭᠦᠯᠬᠦ ᠬᠡᠷᠡᠭᠲᠡᠶ᠃      ⒉ᠣᠷᠣᠰᠢᠭᠤᠯᠭ᠎ᠠ ᠶᠢᠨ ᠥᠭᠡᠷᠡᠴᠢᠯᠡᠯᠲᠡ ᠶᠢᠨ ᠬᠠᠮᠢᠶᠠᠷᠤᠯᠲᠠ ᠶᠢᠨ ᠲᠤᠭᠲᠠᠯᠴᠠᠭ᠎ᠠ ᠶᠢᠨ ᠪᠠᠶᠢᠭᠤᠯᠤᠯᠲᠠ ᠶᠢ ᠴᠢᠩᠭᠠᠳᠬᠠᠵᠤ᠂ ᠣᠷᠣᠰᠢᠭᠤᠯᠭ᠎ᠠ ᠶᠢᠨ ᠥᠭᠡᠷᠡᠴᠢᠯᠡᠯᠲᠡ ᠶᠢ ᠲᠤᠬᠠᠶ ᠶᠢᠨ ᠭᠠᠵᠠᠷ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠲᠥᠯᠥᠪᠵᠢᠭᠦᠯᠭᠡ ᠳᠤ ᠣᠷᠣᠭᠤᠯᠤᠨ᠂ ᠣᠷᠣᠰᠢᠭᠤᠯᠭ᠎ᠠ ᠶᠢᠨ ᠥᠭᠡᠷᠡᠴᠢᠯᠡᠯᠲᠡ ᠶᠢᠨ ᠠᠵᠢᠯ ᠤᠨ ᠤᠳᠤᠷᠢᠳᠬᠤ ᠪᠠᠶᠢᠭᠤᠯᠤᠮᠵᠢ ᠶᠢ ᠪᠠᠶᠢᠭᠤᠯᠤᠨ ᠲᠡᠭᠦᠯᠳᠡᠷᠵᠢᠭᠦᠯᠵᠦ᠂ ᠣᠷᠣᠰᠢᠭᠤᠯᠭ᠎ᠠ ᠶᠢᠨ ᠬᠠᠮᠢᠶᠠᠷᠤᠯᠲᠠ᠂ ᠬᠠᠤᠯᠢ ᠬᠡᠷᠡᠭᠵᠢᠭᠦᠯᠬᠦ᠂ ᠦᠢᠯᠡᠴᠢᠯᠡᠬᠦ ᠠᠷᠭ᠎ᠠ ᠬᠡᠮᠵᠢᠶ᠎ᠡ ᠶᠢ ᠲᠣᠭᠲᠠᠭᠠᠬᠤ ᠬᠡᠷᠡᠭᠲᠡᠶ᠃      ⒊ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠣᠯᠠᠨ ᠶᠠᠩᠵᠤ ᠶᠢᠨ ᠬᠡᠯᠪᠡᠷᠢ ᠶᠢᠨ ᠤᠬᠠᠭᠤᠯᠭ᠎ᠠ ᠶᠢᠨ ᠠᠵᠢᠯᠯᠠᠭ᠎ᠠ ᠶᠢ ᠢᠳᠡᠪᠬᠢᠲᠡᠶ ᠥᠷᠨᠢᠭᠦᠯᠦᠨ᠂ ᠣᠯᠠᠨ ᠲᠦᠮᠡᠨ ᠢ ᠬᠥᠲᠥᠯᠦᠨ ᠵᠢᠯᠣᠭᠤᠳᠴᠤ ᠭᠠᠵᠠᠷ ᠠᠷᠪᠢᠯᠠᠬᠤ ᠠᠮᠢ ᠠᠬᠤᠶᠢᠴᠢ᠂ ᠬᠡᠪ ᠵᠠᠩᠰᠢᠯ ᠢ ᠥᠭᠡᠷᠡᠴᠢᠯᠡᠬᠦ ᠶᠢ ᠣᠷᠢᠶᠠᠯᠠᠨ᠂ ᠹᠸᠤᠳᠠᠯ ᠤᠨ ᠮᠤᠬᠤᠷ ᠪᠢᠰᠢᠷᠡᠯ ᠢ ᠠᠷᠢᠯᠭᠠᠵᠤ᠂ ᠬᠦᠨᠳᠦᠯᠡᠨ ᠠᠰᠠᠷᠠᠵᠤ ᠬᠦᠩᠬᠡᠨ ᠢᠶᠠᠷ ᠤᠷᠤᠰᠢᠭᠤᠯᠬᠤ ᠶᠢ ᠰᠠᠨᠠᠭᠠᠴᠢᠯᠠᠨ᠂ ᠪᠣᠯᠪᠠᠰᠤᠨ ᠰᠢᠨ᠎ᠡ ᠬᠡᠪ ᠰᠤᠷᠲᠠᠯ ᠢ ᠪᠣᠶ ᠪᠣᠯᠭᠠᠵᠤ᠂ ᠣᠷᠣᠰᠢᠭᠤᠯᠭ᠎ᠠ ᠶᠢᠨ ᠥᠭᠡᠷᠡᠴᠢᠯᠡᠯᠲᠡ ᠶᠢᠨ ᠠᠵᠢᠯ ᠢ ᠦᠷᠭᠦᠯᠵᠢᠯᠡᠨ ᠡᠷᠡᠭᠦᠯ ᠢᠶᠠᠷ ᠥᠷᠨᠢᠭᠦᠯᠬᠦ ᠳᠤ ᠰᠠᠶᠢᠨ ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠶ᠃      ⒋ᠪᠠᠶᠢᠭᠤᠯᠭ᠎ᠠ ᠶᠢᠨ ᠭᠤᠣᠯ ᠤᠳᠤᠷᠢᠳᠤᠯᠭ᠎ᠠ ᠨᠢᠭᠡᠳᠦᠭᠡᠷ ᠬᠠᠷᠢᠭᠤᠴᠠᠯᠭ᠎ᠠ ᠡᠭᠦᠷᠭᠡᠯᠡᠭᠴᠢ ᠪᠣᠯᠬᠤ ᠶᠢ ᠡᠷᠡᠰ ᠬᠡᠷᠡᠭᠵᠢᠭᠦᠯᠵᠦ᠂ ᠣᠷᠣᠰᠢᠭᠤᠯᠭ᠎ᠠ ᠶᠢᠨ ᠥᠭᠡᠷᠡᠴᠢᠯᠡᠯᠲᠡ ᠶᠢᠨ ᠲᠣᠭᠲᠠᠭᠠᠯ ᠢ ᠬᠢᠨᠠᠮᠠᠭᠠᠢ ᠭᠦᠢᠴᠡᠳᠬᠡᠬᠦ ᠦᠭᠡᠢ ᠵᠠᠷᠯᠢᠭ ᠪᠠᠶᠢᠲᠠᠯ᠎ᠠ ᠬᠡᠷᠡᠭᠵᠢᠭᠦᠯᠬᠦ ᠦᠭᠡᠢ᠂ ᠴᠠᠭᠠᠵᠠᠯᠠᠵᠤ ᠪᠠᠶᠢᠲᠠᠯ᠎ᠠ ᠵᠣᠭᠰᠣᠬᠤ ᠦᠭᠡᠢ᠂ ᠠᠵᠢᠯ ᠳᠠᠭᠠᠨ ᠬᠠᠷᠢᠯᠴᠠᠨ ᠲᠦᠯᠬᠢᠯᠴᠡᠵᠦ ᠬᠠᠷᠢᠭᠤᠴᠠᠯᠭ᠎ᠠ ᠪᠠᠨ ᠬᠢᠨᠠᠮᠠᠭᠠᠢ ᠭᠦᠢᠴᠡᠳᠬᠡᠬᠦ ᠦᠭᠡᠢ᠂ ᠬᠤᠪᠢ ᠶᠢᠨ ᠨᠠᠶᠢᠷ ᠢᠶᠠᠷ ᠬᠠᠤᠯᠢ ᠶᠣᠰᠣ ᠶᠢ ᠵᠥᠷᠢᠴᠡᠬᠦ ᠵᠡᠷᠭᠡ ᠦᠢᠯᠡ ᠠᠵᠢᠯᠯᠠᠭ᠎ᠠ ᠶᠢ ᠬᠤᠷᠢᠭᠯᠠᠨ᠂ ᠠᠵᠢᠯ ᠤᠨ ᠡᠮᠬᠢ ᠵᠢᠷᠤᠮ ᠲᠠᠢ᠂ ᠲᠣᠭᠲᠠᠭᠤᠨ᠂ ᠡᠷᠡᠭᠦᠯ ᠢᠶᠠᠷ ᠭᠦᠨᠵᠡᠭᠡᠢ ᠠᠬᠢᠭᠤᠯᠬᠤ ᠶᠢ ᠦᠨᠡᠨᠬᠦ ᠪᠠᠲᠤᠯᠠᠵᠤ᠂ ᠡᠯ᠎ᠡ ᠵᠦᠢᠯ ᠤᠨ ᠣᠷᠣᠰᠢᠭᠤᠯᠭ᠎ᠠ ᠶᠢᠨ ᠥᠭᠡᠷᠡᠴᠢᠯᠡᠯᠲᠡ ᠶᠢᠨ ᠡᠭᠦᠷᠭᠡ ᠶᠢ ᠪᠡᠶᠡᠯᠡᠭᠦᠯᠬᠦ ᠬᠡᠷᠡᠭᠲᠡᠢ᠃      ᠬᠤᠶᠠᠷ᠂ ᠰᠢᠯᠭᠠᠨ ᠬᠢᠨᠠᠬᠤ ᠬᠡᠪᠴᠢᠶ᠎ᠡ      ᠡᠯ᠎ᠡ ᠰᠤᠮᠤ ᠪᠠᠯᠭᠠᠰᠤ ︵ᠲᠠᠯᠠᠪᠠᠢ︶ ᠶᠢᠨ ᠠᠷᠠᠳ ᠤᠨ ᠵᠠᠰᠠᠭ ᠤᠨ ᠣᠷᠳᠣᠨ᠂ ᠬᠤᠰᠢᠭᠤ ᠰᠢᠭᠤᠳ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠥᠴᠢᠷ      ᠭᠤᠷᠪᠠ᠂ ᠰᠢᠯᠭᠠᠨ ᠬᠢᠨᠠᠬᠤ ᠠᠷᠭ᠎ᠠ ᠮᠠᠶ᠋ᠢᠭ      ⒈ᠰᠢᠯᠭᠠᠨ ᠬᠢᠨᠠᠬᠤ ᠳᠤ ᠬᠤᠪᠢ ᠲᠣᠭᠲᠠᠭᠠᠬᠤ ᠨᠠᠷᠢᠨ ᠳᠦᠷᠢᠮ ᠪᠠ ᠬᠤᠪᠢ ᠲᠣᠭᠲᠠᠭᠠᠬᠤ ᠪᠠᠷᠢᠮᠵᠢᠶ᠎ᠠ ᠶᠣᠰᠣᠭᠠᠷ᠂ ᠡᠩ ᠤᠨ ᠦᠶ᠎ᠡ ᠶᠢᠨ ᠰᠢᠯᠭᠠᠨ ᠬᠢᠨᠠᠬᠤ ᠪᠠ ᠣᠨ ᠤ ᠰᠢᠯᠭᠠᠨ ᠬᠢᠨᠠᠬᠤ ᠶᠢ ᠤᠶᠠᠯᠳᠤᠭᠤᠯᠬᠤ ᠠᠷᠭ᠎ᠠ ᠮᠠᠶ᠋ᠢᠭ ᠢᠶᠠᠷ ᠶᠠᠪᠤᠭᠳᠠᠭᠤᠯᠵᠤ᠂ ᠡᠩ ᠤᠨ ᠦᠶ᠎ᠡ ᠶᠢᠨ ᠰᠢᠯᠭᠠᠨ ᠬᠢᠨᠠᠬᠤ ᠶᠢ ᠲᠤᠬᠠᠶ ᠶᠢᠨ ᠭᠠᠵᠠᠷ ᠲᠤᠨᠢ ᠡᠵᠡᠮᠰᠢᠭᠰᠡᠨ ᠪᠠᠶᠢᠳᠠᠯ ᠢᠶᠠᠨ ᠦᠨᠳᠦᠰᠦᠯᠡᠨ ᠶᠠᠪᠤᠭᠳᠠᠭᠤᠯᠤᠨ᠎ᠠ᠃      ⒉ᠣᠨ ᠤ ᠰᠢᠯᠭᠠᠨ ᠬᠢᠨᠠᠬᠤ ᠴᠠᠭ ᠨᠢ ᠵᠢᠯ ᠪᠦᠷᠢ ᠶᠢᠨ ᠵᠢᠯ ᠤᠨ ᠡᠴᠦᠰ ᠪᠣᠯᠤᠨ᠎ᠠ᠂ ᠬᠤᠰᠢᠭᠤ ᠵᠠᠰᠠᠭ ᠤᠨ ᠣᠷᠳᠣᠨ ᠰᠢᠯᠭᠠᠨ ᠬᠢᠨᠠᠬᠤ ᠠᠵᠢᠯ ᠤᠨ ᠳᠤᠭᠤᠶᠢᠯᠠᠩ ᠪᠠᠶᠢᠭᠤᠯᠵᠤ᠂ ᠰᠤᠮᠤ ᠪᠠᠯᠭᠠᠰᠤ ︵ᠲᠠᠯᠠᠪᠠᠢ︶ ᠶᠢᠨ ᠠᠷᠠᠳ ᠤᠨ ᠵᠠᠰᠠᠭ ᠤᠨ ᠣᠷᠳᠣᠨ᠂ ᠬᠤᠰᠢᠭᠤ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠬᠠᠷᠢᠭᠤ ᠮᠡᠳᠡᠭᠦᠯᠦᠯᠲᠡ ᠶᠢ ᠰᠣᠨᠣᠰᠬᠤ᠂ ᠮᠠᠲ᠋ᠧᠷᠢᠶᠠᠯ ᠪᠠᠶᠢᠴᠠᠭᠠᠨ ᠦᠵᠡᠬᠦ᠂ ᠲᠤᠬᠠᠶ ᠶᠢᠨ ᠭᠠᠵᠠᠷ ᠲᠤᠨᠢ ᠬᠢᠨᠠᠨ ᠬᠠᠷᠭᠤᠭᠤᠯᠬᠤ ᠵᠡᠷᠭᠡ ᠠᠷᠭ᠎ᠠ ᠮᠠᠶ᠋ᠢᠭ ᠢᠶᠠᠷ ᠶᠠᠪᠤᠭᠳᠠᠭᠤᠯᠬᠤ ᠶᠢᠨ ᠬᠠᠮᠲᠤ ᠰᠢᠯᠭᠠᠨ ᠬᠢᠨᠠᠭᠰᠠᠨ ᠦᠷ᠎ᠡ ᠳ᠋ᠦᠩ ᠢᠶᠠᠨ ᠬᠤᠰᠢᠭᠤ ᠵᠠᠰᠠᠭ ᠤᠨ ᠣᠷᠳᠣᠨ ᠳᠤ ᠮᠡᠳᠡᠭᠦᠯᠦᠨ᠎ᠡ᠃      ᠳᠥᠷᠪᠡ᠂ ᠰᠢᠯᠭᠠᠨ ᠬᠢᠨᠠᠭᠰᠠᠨ ᠦᠷ᠎ᠡ ᠳ᠋ᠦᠩ ᠤᠨ ᠬᠡᠷᠡᠭᠯᠡᠯᠲᠡ      ⒈ᠣᠷᠣᠰᠢᠭᠤᠯᠭ᠎ᠠ ᠶᠢᠨ ᠥᠭᠡᠷᠡᠴᠢᠯᠡᠯᠲᠡ ᠶᠢᠨ ᠬᠠᠷᠠᠯᠲᠠᠲᠤ ᠬᠠᠮᠢᠶᠠᠷᠤᠯᠲᠠ ᠶᠢᠨ ᠰᠢᠯᠭᠠᠨ ᠬᠢᠨᠠᠯᠲᠠ ᠳᠤ ᠬᠤᠰᠢᠭᠤᠨ ᠤ ᠵᠢᠯ ᠤᠨ ᠡᠴᠦᠰ ᠤᠨ ᠬᠠᠷᠠᠯᠲᠠᠲᠤ ᠬᠠᠮᠢᠶᠠᠷᠤᠯᠲᠠ ᠶᠢᠨ ᠰᠢᠯᠭᠠᠨ ᠬᠢᠨᠠᠯᠲᠠ ᠳᠤ ᠡᠵᠡᠯᠡᠬᠦ ᠶᠡᠷᠦᠩᠬᠡᠶ ᠬᠤᠪᠢ ᠨᠢ 5 ᠬᠤᠪᠢ᠂ ᠣᠨ ᠤ ᠣᠯᠤᠭᠰᠠᠨ ᠬᠤᠪᠢ ᠶᠢᠨ ᠬᠠᠷᠢᠴᠠᠯ ᠢᠶᠠᠷ ᠪᠤᠳᠤᠵᠤ ᠰᠢᠯᠭᠠᠨ ᠬᠢᠨᠠᠭᠰᠠᠨ ᠦᠷ᠎ᠡ ᠳ᠋ᠦᠩ ᠤᠨ ᠬᠤᠪᠢ ᠪᠣᠯᠭᠠᠨ᠎ᠠ᠃ ᠰᠢᠯᠭᠠᠨ ᠬᠢᠨᠠᠭᠰᠠᠨ ᠦᠷ᠎ᠡ ᠳ᠋ᠦᠩ ᠢ ᠪᠥᠬᠦ ᠬᠤᠰᠢᠭᠤᠨ ᠤ ᠵᠢᠯ ᠤᠨ ᠡᠴᠦᠰ ᠤᠨ ᠬᠠᠷᠠᠯᠲᠠᠲᠤ ᠬᠠᠮᠢᠶᠠᠷᠤᠯᠲᠠ ᠶᠢᠨ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠳᠤ ᠬᠤᠪᠢ ᠨᠡᠮᠡᠬᠦ ᠴᠢᠬᠤᠯᠠ ᠦᠨᠳᠦᠰᠦᠯᠡᠯ ᠪᠣᠯᠭᠠᠨ᠎ᠠ᠃      ⒉ᠣᠨ ᠤ ᠬᠢᠨᠠᠨ ᠰᠢᠯᠭᠠᠯᠲᠠ ᠳᠤ ᠣᠯᠣᠭᠰᠠᠨ ᠬᠤᠪᠢ ᠨᠢ 95 ᠬᠤᠪᠢ ᠪᠠ ᠲᠡᠭᠦᠨ ᠠᠴᠠ ᠳᠡᠭᠡᠭᠰᠢ ᠨᠢ ᠰᠢᠯᠢᠳᠡᠭ᠂ 95 ᠬᠤᠪᠢ ᠠᠴᠠ ᠳᠣᠷᠣᠭᠰᠢ ᠨᠢ 80 ᠬᠤᠪᠢ ᠠᠴᠠ ᠳᠡᠭᠡᠭᠰᠢ ᠨᠢ ᠬᠢᠷᠢ ᠲᠡᠩᠴᠡᠭᠰᠡᠨ᠂ 80 ᠬᠤᠪᠢ ᠠᠴᠠ ᠳᠣᠷᠣᠭᠰᠢ ᠨᠢ ᠬᠢᠷᠢ ᠲᠡᠩᠴᠡᠭᠰᠡᠨ ᠦᠭᠡᠢ ᠳᠤ ᠲᠣᠭᠠᠴᠠᠭᠳᠠᠨ᠎ᠠ᠃ ᠰᠢᠯᠭᠠᠨ ᠬᠢᠨᠠᠭᠰᠠᠨ ᠦᠷ᠎ᠡ ᠳ᠋ᠦᠩ ᠨᠢ ᠰᠢᠯᠢᠳᠡᠭ ᠨᠢᠭᠡᠴᠡ ᠶᠢᠨ ᠵᠢᠯ ᠤᠨ ᠡᠴᠦᠰ ᠤᠨ ᠰᠢᠯᠭᠠᠨ ᠬᠢᠨᠠᠬᠤ ᠳᠤ 5 ᠬᠤᠪᠢ ᠨᠡᠮᠡᠵᠦ᠂ ᠰᠢᠯᠭᠠᠨ ᠬᠢᠨᠠᠭᠰᠠᠨ ᠦᠷ᠎ᠡ ᠳ᠋ᠦᠩ ᠨᠢ ᠬᠢᠷᠢ ᠲᠡᠩᠴᠡᠭᠰᠡᠨ ᠨᠢᠭᠡᠴᠡ ᠳᠤ 3 ᠬᠤᠪᠢ ᠨᠡᠮᠡᠵᠦ᠂ ᠰᠢᠯᠭᠠᠨ ᠬᠢᠨᠠᠭᠰᠠᠨ ᠦᠷ᠎ᠡ ᠳ᠋ᠦᠩ ᠨᠢ ᠬᠢᠷᠢ ᠲᠡᠩᠴᠡᠭᠰᠡᠨ ᠦᠭᠡᠢ ᠪᠣᠯ ᠬᠤᠪᠢ ᠣᠯᠭᠤᠬᠤ ᠦᠭᠡᠢ᠃      ᠲᠠᠪᠤ᠂ ᠪᠠᠲᠤᠯᠠᠭ᠎ᠠ ᠶᠢᠨ ᠠᠷᠭ᠎ᠠ ᠬᠡᠮᠵᠢᠶ᠎ᠡ      (ᠨᠢᠭᠡ)ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠦᠨᠡᠨᠬᠦ ᠴᠢᠩᠭᠠᠳᠬᠠᠬᠤ ᠬᠡᠷᠡᠭᠲᠡᠶ᠃ ᠪᠥᠬᠦ ᠬᠤᠰᠢᠭᠤᠨ ᠤ ᠣᠷᠣᠰᠢᠭᠤᠯᠭ᠎ᠠ ᠶᠢᠨ ᠥᠭᠡᠷᠡᠴᠢᠯᠡᠯᠲᠡ ᠶᠢᠨ ᠬᠠᠮᠲᠤᠷᠠᠭᠰᠠᠨ ᠬᠤᠷᠠᠯ ᠤᠨ ᠲᠦᠷᠢᠮ ᠢ ᠦᠨᠡᠨᠬᠦ ᠪᠠᠳᠠᠷᠠᠭᠤᠯᠵᠤ᠂ ᠲᠣᠭᠲᠠᠮᠠᠯ ᠬᠤᠭᠤᠴᠠᠭ᠎ᠠ ᠲᠠᠢ ᠪᠠᠷ ᠣᠷᠣᠰᠢᠭᠤᠯᠭ᠎ᠠ ᠶᠢᠨ ᠥᠭᠡᠷᠡᠴᠢᠯᠡᠯᠲᠡ ᠶᠢᠨ ᠠᠵᠢᠯ ᠤᠨ ᠬᠠᠮᠲᠤᠷᠠᠭᠰᠠᠨ ᠬᠤᠷᠠᠯ ᠢ ᠬᠤᠷᠠᠯᠳᠤᠭᠤᠯᠵᠤ᠂ ᠣᠷᠣᠰᠢᠭᠤᠯᠭ᠎ᠠ ᠶᠢᠨ ᠥᠭᠡᠷᠡᠴᠢᠯᠡᠯᠲᠡ ᠶᠢᠨ ᠪᠠᠶᠢᠳᠠᠯ ᠢ ᠮᠡᠳᠡᠭᠳᠡᠵᠦ᠂ ᠰᠢᠢᠳᠪᠦᠷᠢᠯᠡᠬᠦ ᠠᠰᠠᠭᠤᠳᠠᠯ ᠢ ᠰᠤᠳᠤᠯᠵᠤ᠂ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠣᠷᠣᠰᠢᠭᠤᠯᠭ᠎ᠠ ᠶᠢᠨ ᠥᠭᠡᠷᠡᠴᠢᠯᠡᠯᠲᠡ᠂ ᠣᠷᠣᠰᠢᠭᠤᠯᠭ᠎ᠠ ᠶᠢᠨ ᠦᠢᠯᠡᠴᠢᠯᠡᠭᠡ ᠵᠡᠷᠭᠡ ᠲᠠᠯ᠎ᠠ ᠶᠢᠨ ᠠᠵᠢᠯ ᠤᠨ ᠡᠭᠦᠷᠭᠡ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠲᠣᠳᠣᠷᠬᠠᠶᠢᠯᠠᠵᠤ᠂ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠭᠲᠠᠴᠠ ᠶᠢ ᠪᠠᠶᠢᠭᠤᠯᠤᠨ ᠪᠦᠷᠢᠨᠰᠢᠭᠦᠯᠬᠦ ᠬᠡᠷᠡᠭᠲᠡᠶ᠃ ᠡᠯ᠎ᠡ ᠰᠤᠮᠤ ᠪᠠᠯᠭᠠᠰᠤ(ᠲᠠᠯᠠᠪᠠᠢ)ᠪᠠᠰᠠ ᠭᠤᠤᠯ ᠬᠠᠷᠢᠭᠤᠴᠠᠯᠭᠠᠲᠠᠨ ᠢᠶᠠᠷ ᠳᠤᠭᠤᠶᠢᠯᠠᠩ ᠤᠨ ᠳᠠᠷᠤᠭ᠎ᠠ ᠪᠣᠯᠭᠠᠭᠰᠠᠨ ᠣᠷᠣᠰᠢᠭᠤᠯᠭ᠎ᠠ ᠶᠢᠨ ᠬᠠᠮᠢᠶᠠᠷᠤᠯᠲᠠ ᠶᠢᠨ ᠥᠭᠡᠷᠡᠴᠢᠯᠡᠯᠲᠡ ᠶᠢᠨ ᠬᠠᠷᠠᠯᠲᠠᠲᠤ ᠬᠠᠮᠢᠶᠠᠷᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠵᠤ᠂ ᠭᠤᠤᠯ ᠤᠳᠤᠷᠢᠳᠤᠯᠭ᠎ᠠ ᠪᠡᠶ᠎ᠡ ᠪᠠᠷ ᠢᠶᠠᠨ ᠠᠳᠬᠤᠬᠤ᠂ ᠬᠤᠪᠢᠳᠠᠨ ᠬᠠᠮᠢᠶᠠᠷᠴᠤ ᠪᠥᠬᠦᠶ ᠨᠥᠬᠦᠳ ᠪᠣᠳᠠᠲᠠᠶ ᠠᠳᠬᠤᠬᠤ᠂ ᠭᠠᠴᠠᠭᠠᠨ ᠤ ᠺᠠᠳ᠋ᠷ ᠤᠨ ᠨᠢᠭᠡᠳᠦᠭᠡᠷ ᠹᠷᠣᠨᠲ ᠲᠤ ᠨᠠᠶᠢᠳᠠᠪᠤᠷᠢᠵᠢᠭᠤᠯᠤᠯᠲᠠ ᠶᠢ ᠠᠳᠬᠤᠬᠤ ᠠᠵᠢᠯ ᠤᠨ ᠲᠣᠭᠲᠠᠴᠠ ᠶᠢ ᠪᠣᠶ ᠪᠣᠯᠭᠠᠬᠤ ᠬᠡᠷᠡᠭᠲᠡᠶ᠃      (ᠬᠤᠶᠠᠷ)ᠠᠵᠢᠯ ᠤᠨ ᠬᠠᠷᠢᠭᠤᠴᠠᠯᠭ᠎ᠠ ᠶᠢ ᠦᠨᠡᠨᠬᠦ ᠴᠢᠩᠭᠠᠳᠬᠠᠨ᠎ᠠ᠃ ᠡᠯ᠎ᠡ ᠰᠤᠮᠤ ᠪᠠᠯᠭᠠᠰᠤ ︵ᠲᠠᠯᠠᠪᠠᠶ ︶ ᠶᠢᠨ ᠵᠠᠰᠠᠭ ᠤᠨ ᠣᠷᠳᠣᠨ ᠣᠷᠣᠰᠢᠭᠤᠯᠭ᠎ᠠ ᠶᠢᠨ ᠥᠭᠡᠷᠡᠴᠢᠯᠡᠯᠲᠡ ᠶᠢᠨ ᠬᠠᠷᠠᠯᠲᠠᠲᠤ ᠬᠠᠮᠢᠶᠠᠷᠤᠯᠲᠠ ᠶᠢᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠰᠤᠮᠤ ᠪᠠᠯᠭᠠᠰᠤ ᠭᠠᠴᠠᠭᠠᠨ ᠤ ᠬᠤᠶᠠᠷ ᠵᠥᠪᠯᠡᠯ ᠤᠨ ᠺᠠᠳ᠋ᠷ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ ᠡᠯ᠎ᠡ ᠰᠤᠮᠤ ᠪᠠᠯᠭᠠᠰᠤ ︵ᠲᠠᠯᠠᠪᠠᠶ︶ ᠨᠢ ᠭᠠᠴᠠᠭ᠎ᠠ ︵ᠨᠡᠶᠢᠭᠡᠮ ᠲᠣᠭᠤᠷᠢᠭ︶ ᠳᠤ ᠴᠢᠭᠯᠡᠭᠦᠯᠦᠭᠰᠡᠨ ᠳᠣᠭᠢᠷᠠᠭᠤᠯᠤᠨ ᠰᠢᠯᠭᠠᠨ ᠬᠢᠨᠠᠬᠤ ᠲᠣᠭᠲᠠᠴᠠ ᠶᠢ ᠲᠣᠭᠲᠠᠭᠠᠵᠤ᠂ ᠭᠠᠴᠠᠭ᠎ᠠ ︵ᠨᠡᠶᠢᠭᠡᠮ ᠲᠣᠭᠤᠷᠢᠭ︶ ᠶᠢ ᠲᠣᠳᠣᠷᠬᠠᠶᠢᠯᠠᠬᠤ ᠬᠡᠷᠡᠭᠲᠡᠶ᠃ ᠺᠠᠳ᠋ᠷ ᠳᠤᠭᠤᠶᠢᠯᠠᠩ ᠳᠠᠭᠠᠭᠠᠴᠢᠯᠠᠵᠤ᠂ ᠰᠢᠨ᠎ᠡ ᠪᠠᠷ ᠨᠠᠰᠤ ᠨᠥᠭᠴᠢᠭᠰᠡᠳ ᠤᠨ ᠴᠢᠨᠳᠡᠷ ᠢ ᠳᠡᠭᠳᠡᠭᠡᠬᠦ ᠪᠠᠶᠢᠳᠠᠯ ᠢ ᠴᠠᠭ ᠲᠤᠬᠠᠶ ᠳᠤᠨᠢ ᠡᠵᠡᠮᠰᠢᠬᠦ ᠬᠡᠷᠡᠭᠲᠡᠢ᠃ ᠡᠭᠦᠨ ᠤ ᠬᠠᠮᠲᠤ ᠬᠢᠵᠠᠭᠠᠷᠯᠠᠬᠤ ᠲᠣᠭᠲᠠᠴᠠ ᠶᠢ ᠲᠡᠭᠦᠯᠳᠡᠷᠵᠢᠭᠦᠯᠵᠦ᠂ ᠬᠠᠷᠢᠶ᠎ᠠ ᠭᠠᠵᠠᠷ ᠤᠨ ᠬᠠᠮᠢᠶᠠᠷᠤᠯᠲᠠ ᠶᠢᠨ ᠭᠤᠤᠯ ᠴᠣᠭᠴᠠ ᠶᠢᠨ ᠬᠠᠷᠢᠭᠤᠴᠠᠯᠭ᠎ᠠ ᠨᠡᠬᠡᠮᠵᠢᠯᠡᠬᠦ ᠲᠦᠷᠢᠮ ᠢ ᠬᠡᠷᠡᠭᠵᠢᠭᠦᠯᠦᠨ᠂ ᠰᠤᠮᠤ ᠪᠠᠯᠭᠠᠰᠤᠨ ᠤ ᠬᠠᠷᠢᠶ᠎ᠠ ᠣᠷᠣᠨ ᠳᠤ ᠬᠤᠯᠠᠭᠠᠶᠢᠯᠠᠨ ᠳᠤᠷ᠎ᠠ ᠪᠠᠷ ᠢᠶᠠᠨ ᠣᠷᠣᠰᠢᠭᠤᠯᠤᠭᠰᠠᠨ ᠪᠠᠶᠢᠪᠠᠯ᠂ ᠬᠠᠮᠢᠶ᠎ᠠ ᠪᠥᠬᠦᠶ ᠬᠠᠷᠢᠭᠤᠴᠠᠯᠭᠠᠲᠠᠨ ᠢ ᠪᠥᠬᠦ ᠬᠤᠰᠢᠭᠤᠨ ᠤ ᠬᠡᠪᠴᠢᠶᠡᠨ ᠳᠤ ᠵᠠᠷᠯᠠᠨ ᠰᠢᠭᠦᠮᠵᠢᠯᠡᠬᠦ ᠬᠡᠷᠡᠭᠲᠡᠶ᠃
 
ᠢᠷᠡᠯᠲᠡ᠄ ᠵᠡᠭᠦᠨ ᠦᠵᠦᠮᠦᠴᠢᠨ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠬᠡᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号