ᠶᠡᠷᠦᠩᠬᠡᠶ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ | ᠲᠤᠬᠠᠶ ᠴᠢᠬᠤᠯᠠ ᠦᠵᠡᠯ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠤᠨ ᠭᠤᠤᠯ ᠱᠤᠭᠤᠮ ᠢ ᠪᠠᠲᠤ ᠴᠤᠭᠴᠠᠯᠠᠨ᠂ | ᠦᠨᠳᠦᠰᠦᠲᠡᠨ ᠤ ᠭᠠᠷ ᠦᠶᠯᠡᠳᠪᠦᠷᠢ ᠶᠢᠨ ᠰᠢᠨ᠎ᠡ ᠶᠢ ᠡᠭᠦᠳᠬᠦ ᠬᠥᠭᠵᠢᠯᠲᠡ ᠶᠢ ᠠᠬᠢᠭᠤᠯᠵᠤ᠂ ᠦᠨᠳᠦᠰᠦᠲᠡᠨ | ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠤᠨ᠂ ᠮᠠᠯᠴᠢᠳ ᠤᠨ ᠠᠵᠢᠯ ᠣᠯᠵᠤ ᠦᠶᠯᠡᠰ | ᠴᠣᠭᠴᠠᠯᠠᠬᠤ ᠴᠢᠳᠠᠪᠤᠷᠢ ᠶᠢ ᠳᠡᠭᠡᠭᠰᠢᠯᠡᠭᠦᠯᠬᠦ ᠶᠢᠨ ᠲᠥᠯᠥᠭᠡ᠂ 4 ᠰᠠᠷ᠎ᠠ ᠶᠢᠨ 25 ᠤ ᠡᠳᠦᠷ᠂ ᠬᠤᠰᠢᠭᠤ | ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠠᠴᠠ 5 ᠡᠳᠦᠷ ᠤᠨ ᠠᠵᠦ ᠦᠢᠯᠡᠰ ᠤᠨ ᠬᠦᠭᠵᠢᠯᠲᠡ ᠶᠢ ᠠᠬᠢᠭᠤᠯᠬᠤ | ᠮᠠᠯᠴᠢᠳ ᠤᠨ ᠤᠷ᠎ᠠ ᠮᠡᠷᠭᠡᠵᠢᠯ ᠤᠨ ᠪᠣᠯᠪᠠᠰᠣᠷᠠᠯ ᠤᠨ ᠠᠩᠭᠢ ᠡᠷᠭᠢᠯᠡᠪᠡ᠃ ᠪᠣᠯᠪᠠᠰᠤᠷᠠᠯ ᠤᠨ ᠠᠩᠭᠢ ᠳᠤ ᠥᠪᠥᠷ | ᠮᠣᠩᠭᠤᠯ ᠤᠨ ᠪᠦᠰᠡᠭᠦᠢ ᠺᠣᠮᠫᠠᠨᠢ ᠶᠢᠨ ᠪᠣᠳᠠᠰ ᠤᠨ ᠪᠤᠰᠤ ᠰᠣᠶᠣᠯ ᠤᠨ ᠥᠪ ᠲᠣᠷᠭᠠᠨ ᠰᠢᠯᠪᠢ ᠶᠢᠨ ᠤᠷᠠᠯᠠᠯ ᠤᠨ | ᠭᠠᠷ ᠤᠷᠠᠯᠢᠭᠴᠢᠨ ᠶᠦᠨ ᠴᠦᠨ ᠶᠠᠨ᠂ ᠬᠠᠨ ᠹᠧᠨ ᠬᠤᠶᠠᠷ ᠪᠠᠭᠰᠢ ᠶᠢ ᠤᠷᠢᠵᠦ᠂ ᠮᠠᠨ ᠤ ᠬᠤᠰᠢᠭᠤᠨ ᠤ ᠡᠯ᠎ᠡ | ᠰᠤᠮᠤ ᠪᠠᠯᠭᠠᠰᠤᠨ ᠤ 80 ᠭᠠᠷᠤᠶ ᠮᠠᠯᠴᠢᠨ ᠪᠦᠰᠡᠭᠦᠢ ᠳᠤ ᠬᠠᠨᠳᠤᠭᠤᠯᠤᠨ ᠲᠣᠷᠭᠠᠨ ᠰᠢᠯᠪᠢ ᠶᠢᠨ ᠤᠷᠠᠯᠠᠯ ᠤᠨ | ᠤᠷ᠎ᠠ ᠮᠡᠷᠭᠡᠵᠢᠯ ᠤᠨ ᠪᠣᠯᠪᠠᠰᠤᠷᠠᠯ ᠦᠷᠨᠢᠭᠦᠯᠦᠭᠰᠡᠨ ᠪᠠᠶᠢᠨ᠎ᠠ᠃ | ᠪᠣᠯᠪᠠᠰᠤᠷᠠᠯ ᠤᠨ ᠠᠩᠭᠢ ᠳᠤ᠂ ᠬᠢᠴᠢᠯᠡᠯᠯᠡᠬᠦ ᠪᠠᠭᠰᠢ ᠰᠠᠭᠤᠷᠢ ᠤᠨᠤᠯ ᠤᠨ ᠮᠡᠳᠡᠯᠭᠡ ᠶᠢ ᠰᠢᠰᠲ᠋ᠧᠮ ᠲᠠᠢ | ᠡᠮᠬᠢᠯᠡᠬᠦ ᠠᠴᠠ ᠪᠣᠳᠠᠲᠠᠢ ᠭᠠᠷ ᠤᠷᠠᠯᠠᠯ ᠤᠨ ᠠᠯᠬᠤᠮ ᠲᠠᠷᠠᠭ᠎ᠠ ᠬᠦᠷᠲᠡᠯ᠎ᠡ᠂ ᠪᠦᠷᠢᠨ ᠨᠠᠷᠢᠨ ᠲᠠᠶᠢᠯᠤᠮᠵᠢ ᠬᠢᠵᠦ᠂ | ᠬᠢᠴᠢᠶᠡᠯ ᠳᠤ ᠣᠷᠣᠯᠴᠠᠭᠰᠠᠳ ᠣᠯᠣᠯᠲᠠ ᠳᠦᠭᠦᠷᠡᠩ ᠪᠠᠶᠢᠯ᠎ᠠ᠃ | ᠲᠣᠰ ᠤᠳᠠᠭᠠᠨ ᠤ ᠪᠣᠯᠪᠠᠰᠤᠷᠠᠯ ᠳᠤ ᠣᠷᠣᠯᠴᠠᠭᠰᠠᠨ ᠮᠠᠯᠴᠢᠨ ᠪᠦᠰᠡᠭᠦᠢ ᠨᠠᠷ ᠲᠤ ᠤᠯᠠᠮᠵᠢᠯᠠᠯᠲᠤ ᠤᠷ᠎ᠠ | ᠮᠡᠷᠭᠡᠵᠢᠯ ᠢ ᠡᠵᠡᠮᠰᠢᠭᠦᠯᠬᠦ ᠶᠢᠨ ᠬᠠᠮᠲᠤ ᠲᠡᠳᠡᠨ ᠤ ᠠᠵᠢᠯ ᠣᠯᠵᠤ ᠣᠷᠣᠯᠭ᠎ᠠ ᠤᠯᠬᠤ ᠵᠠᠪᠰᠢᠶᠠᠨ ᠢ ᠠᠬᠢᠭᠤᠯᠵᠤ᠂ | ᠪᠥᠬᠦ ᠬᠤᠰᠢᠭᠤᠨ ᠤ ᠭᠠᠷ ᠦᠶᠯᠡᠳᠪᠦᠷᠢ ᠶᠢᠨ ᠠᠭᠤᠰᠤᠯᠴᠠᠨ ᠰᠢᠨ᠎ᠡ ᠶᠢ ᠡᠭᠦᠳᠬᠦ ᠬᠥᠭᠵᠢᠯᠲᠡ ᠳᠤ ᠰᠢᠨ᠎ᠡ | ᠬᠥᠳᠡᠯᠭᠡᠬᠦ ᠬᠦᠴᠦᠨ ᠨᠡᠮᠡᠷᠢᠯᠡᠪᠡ ᠃ |