ᠥᠨᠥ ᠵᠢᠯ ᠠᠴᠠ ᠨᠠᠭᠠᠰᠢ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ︽ᠴᠢᠬᠤᠯᠠ ᠶᠡᠭᠡ ᠲᠥᠷᠥᠯ | ᠵᠦᠢᠯ︾ ᠭᠡᠬᠦ ᠡᠨᠡ ᠬᠦ ᠵᠠᠩᠭᠢᠯᠠᠭ᠎ᠠ ᠶᠢ ᠴᠢᠩᠭ᠎ᠠ ᠠᠳᠬᠤᠵᠤ᠂ ︽ᠤᠬᠠᠭᠠᠯᠠᠨ ᠲᠥᠯᠥᠪᠯᠡᠬᠦ ᠶᠢ ᠠᠳᠬᠤᠬᠤ᠂ | ᠨᠥᠭᠡᠴᠡᠯᠡᠬᠦ ᠶᠢ ᠠᠳᠬᠤᠬᠤ᠂ ᠡᠮᠦᠨᠡᠬᠢ ᠬᠤᠭᠤᠴᠠᠭ᠎ᠠ ᠶᠢ ᠠᠳᠬᠤᠬᠤ᠂ ᠠᠵᠢᠯ ᠡᠬᠢᠯᠡᠭᠦᠯᠬᠦ ᠶᠢ ᠠᠳᠬᠤᠬᠤ᠂ | ᠠᠬᠢᠴᠠ ᠶᠢ ᠠᠳᠬᠤᠬᠤ᠂ ᠠᠰᠢᠭᠯᠠᠯᠲᠠ ᠳᠤ ᠣᠷᠣᠭᠤᠯᠬᠤ ᠶᠢ ᠠᠳᠬᠤᠬᠤ︾ ᠠᠵᠢᠯ ᠤᠨ ᠪᠠᠶᠢᠷᠢᠰᠢᠯ ᠢ ᠪᠣᠶ | ᠪᠣᠯᠭᠠᠪᠠ᠃ ᠨᠢᠭᠡᠳᠦᠭᠡᠷ ᠤᠯᠠᠷᠢᠯ ᠳᠤ᠂ ᠪᠥᠬᠦ ᠣᠷᠣᠨ ᠤ ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠠᠵᠤ | ᠦᠢᠯᠡᠳᠪᠦᠷᠢ ᠶᠢᠨ ᠨᠡᠶᠢᠲᠡ 1079 ᠴᠢᠬᠤᠯᠠ ᠶᠡᠭᠡ ᠲᠥᠷᠥᠯ ᠵᠦᠢᠯ ᠢ ᠠᠵᠢᠯ ᠡᠬᠢᠯᠡᠭᠦᠯᠦᠭᠰᠡᠨ ᠪᠠ ᠰᠡᠷᠭᠦᠭᠡᠵᠦ᠂ | ᠠᠵᠢᠯ ᠡᠬᠢᠯᠡᠭᠦᠯᠦᠭᠰᠡᠨ ᠪᠠ ᠰᠡᠷᠭᠦᠭᠡᠭᠰᠡᠨ ᠶᠡᠷᠦᠩᠬᠡᠢ ᠨᠣᠷᠮ᠎ᠠ 77.2% ᠲᠤ ᠬᠦᠷᠴᠡᠢ︔ ᠴᠢᠬᠤᠯᠠ ᠶᠡᠭᠡ ᠲᠥᠷᠥᠯ | ᠵᠦᠢᠯ ᠢ ᠤᠬᠠᠭᠠᠯᠠᠨ ᠲᠥᠯᠥᠪᠯᠡᠵᠦ ᠬᠡᠷᠡᠭᠵᠢᠭᠦᠯᠦᠭᠰᠡᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠵᠦ᠂ | ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ 20% ᠪᠠᠷ ᠨᠡᠮᠡᠭᠳᠡᠬᠦ ᠶᠢ ᠲᠤᠯᠭᠠᠭᠤᠷᠢᠯᠠᠭᠤᠯᠤᠨ᠂ | ︽ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ︾ ᠶᠢᠨ ᠬᠤᠭᠤᠴᠠᠭᠠᠨ ᠳᠤ 5 ᠵᠢᠯ ᠳᠠᠷᠠᠭᠠᠯᠠᠨ | ᠨᠢᠭᠡᠳᠦᠭᠡᠷ ᠤᠯᠠᠷᠢᠯ ᠳᠤ ᠪᠠᠨ ᠰᠠᠶᠢᠨ ᠡᠬᠢᠯᠡᠯᠲᠡ ᠲᠠᠢ ᠪᠠᠶᠢᠬᠤ ᠶᠢ ᠪᠡᠶᠡᠯᠡᠭᠦᠯᠪᠡ᠃ | ᠣᠷᠳᠣᠰ ᠬᠤᠳᠠ ᠶᠢᠨ ᠲᠠᠯᠠᠳ ᠤᠨ ᠠᠵᠤ ᠠᠬᠤᠢ ᠶᠢᠨ ᠨᠡᠭᠡᠭᠡᠨ ᠬᠥᠭᠵᠢᠭᠦᠯᠬᠦ ᠲᠣᠭᠤᠷᠢᠭ ᠲᠤ᠂ ᠷᠦᠩ ᠰᠢᠨ | ᠬᠢᠮᠢ ᠶᠢᠨ ᠠᠵᠤ ᠦᠢᠯᠡᠳᠪᠦᠷᠢ ᠶᠢᠨ ᠵᠢᠯ ᠳᠤ 80 ᠲᠦᠮᠡᠨ ᠲᠣᠨ ᠠᠯᠺᠧᠨ ᠦᠢᠯᠡᠳᠪᠦᠷᠢᠯᠡᠬᠦ ᠲᠦᠷᠦᠯ ᠵᠦᠢᠯ ᠤᠨ | ᠪᠦᠲᠦᠭᠡᠨ ᠪᠠᠶᠢᠭᠤᠯᠤᠯᠲᠠ ᠶᠠᠭ ᠬᠥᠭᠵᠢᠶᠡᠨᠲᠡᠢ ᠶᠠᠪᠤᠭᠳᠠᠵᠤ ᠪᠤᠢ᠃ ᠥᠪᠡᠷᠲᠡᠭᠡᠨ ᠵᠠᠰᠠᠬᠤ ᠣᠷᠣᠨ ᠤ ᠭᠤᠣᠯᠳᠠᠯᠭ᠎ᠠ | ᠪᠣᠯᠬᠤ ᠲᠥᠷᠥᠯ ᠵᠦᠢᠯ ᠪᠣᠯᠤᠭᠰᠠᠨ ᠤ ᠬᠤᠪᠢ ᠳᠤ᠂ ᠲᠣᠰ ᠲᠥᠷᠥᠯ ᠵᠦᠢᠯ ᠤᠨ ᠶᠡᠷᠦᠩᠬᠡᠢ ᠪᠡᠯᠡ | ᠣᠷᠣᠭᠤᠯᠤᠯᠲᠠ ᠨᠢ 98.3 ᠳ᠋ᠦᠩᠰᠢᠭᠤᠷ ᠲᠥᠭᠦᠷᠢᠭ ᠪᠣᠯᠣᠨ᠎ᠠ᠃ ᠲᠥᠷᠥᠯ ᠵᠦᠢᠯ ᠢ ᠠᠰᠢᠭᠯᠠᠯᠲᠠ ᠳᠤ | ᠣᠷᠣᠭᠤᠯᠤᠭᠰᠠᠨ ᠤ ᠳᠠᠷᠠᠭ᠎ᠠ᠂ ᠵᠢᠯ ᠪᠦᠷᠢ ᠶᠢᠨ ᠰᠢᠨ᠎ᠡ ᠪᠠᠷ ᠨᠡᠮᠡᠭᠳᠡᠬᠦ ᠦᠢᠯᠡᠳᠬᠦᠨ ᠤ ᠥᠷᠲᠡᠭ 67 ᠳ᠋ᠦᠩᠰᠢᠭᠤᠷ | ᠲᠥᠭᠦᠷᠢᠭ ᠰᠢᠬᠠᠮ ᠪᠣᠯᠬᠤ ᠪᠣᠯᠣᠨ᠎ᠠ᠃ ᠡᠨᠡ ᠵᠢᠯ᠂ ᠠᠯᠠᠱᠠ ᠠᠶᠢᠮᠠᠭ 141 ᠴᠢᠬᠤᠯᠠ ᠶᠡᠭᠡ ᠲᠥᠷᠥᠯ ᠵᠦᠢᠯ ᠢ | ᠬᠡᠷᠡᠭᠵᠢᠭᠦᠯᠬᠦ ᠪᠠᠷ ᠲᠥᠯᠥᠪᠯᠡᠵᠦ᠂ ᠣᠨ ᠤ ᠪᠡᠯᠡ ᠣᠷᠤᠭᠤᠯᠤᠯᠲᠠ ᠶᠢᠨ ᠲᠥᠯᠥᠪᠯᠡᠭᠡ ᠨᠢ 418.7 ᠳ᠋ᠦᠩᠰᠢᠭᠤᠷ | ᠲᠥᠭᠦᠷᠢᠭ ᠪᠣᠯᠣᠨ᠎ᠠ᠃ ᠦᠬᠠᠢ ᠬᠤᠳᠠ ᠶᠢᠨ ᠬᠢᠨ ᠡᠨᠡ ᠵᠢᠯ ᠬᠤᠳᠠ ᠶᠢᠨ ᠲᠡᠰ ᠤᠨ 233 ᠭᠤᠣᠯᠳᠠᠯᠭ᠎ᠠ ᠪᠣᠯᠬᠤ | ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠢ ᠬᠡᠷᠡᠭᠵᠢᠭᠦᠯᠬᠦ ᠪᠠᠷ ᠤᠬᠠᠭᠠᠯᠠᠨ ᠲᠥᠯᠥᠪᠯᠡᠵᠦ ᠪᠠᠶᠢᠨ᠎ᠠ᠂ | ᠡᠭᠦᠨ ᠳᠤ ᠶᠡᠷᠦᠩᠬᠡᠢ ᠪᠡᠯᠡ ᠣᠷᠣᠭᠤᠯᠤᠯᠲᠠ ᠨᠢ 1170.9 ᠳ᠋ᠦᠩᠰᠢᠭᠤᠷ ᠲᠥᠭᠦᠷᠢᠭ ᠪᠠᠶᠢᠵᠤ᠂ ᠵᠢᠯ ᠳᠤ | 218.4 ᠳ᠋ᠦᠩᠰᠢᠭᠤᠷ ᠲᠥᠭᠦᠷᠢᠭ ᠪᠡᠯᠡ ᠣᠷᠣᠭᠤᠯᠬᠤ ᠪᠠᠷ ᠲᠥᠯᠥᠪᠯᠡᠵᠦ ᠪᠠᠶᠢᠨ᠎ᠠ᠂ ᠪᠠᠰᠠ ᠥᠨᠥ ᠵᠢᠯ ᠳᠤ 120 | ᠲᠦᠷᠦᠯ ᠵᠦᠢᠯ ᠢ ᠪᠠᠶᠢᠭᠤᠯᠵᠤ ᠠᠰᠢᠭᠯᠠᠯᠲᠠ ᠳᠤ ᠣᠷᠣᠭᠤᠯᠬᠤ ᠪᠠᠷ ᠵᠢᠱᠢᠵᠦ᠂ ᠲᠡᠳᠡᠭᠡᠷ ᠲᠤ ᠬᠤᠯᠪᠣᠭᠳᠠᠬᠤ | ᠶᠡᠷᠦᠩᠬᠡᠢ ᠪᠡᠯᠡ ᠣᠷᠣᠭᠤᠯᠤᠯᠲᠠ ᠨᠢ 391.2 ᠳ᠋ᠦᠩᠰᠢᠭᠤᠷ ᠲᠥᠭᠦᠷᠢᠭ ᠲᠤ ᠬᠦᠷᠬᠦ ᠪᠣᠯᠣᠨ᠎ᠠ᠃ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ | ᠵᠥᠪᠯᠡᠯ ᠤᠨ ᠳᠡᠳ᠋ ᠡᠷᠬᠢᠯᠡᠭᠴᠢ ᠾᠧ ᠵᠢᠶᠧ ᠲᠠᠨᠢᠯᠴᠠᠭᠤᠯᠤᠭᠰᠠᠨ ᠢᠶᠠᠷ᠂ ᠣᠳᠣᠬᠠᠨ ᠳᠤ ᠨᠢᠭᠡᠨᠲᠡ 2025 | ᠣᠨ ᠳᠤ ᠬᠡᠷᠡᠭᠵᠢᠭᠦᠯᠬᠦ ᠪᠠᠷ ᠲᠥᠯᠥᠪᠯᠡᠵᠦ ᠪᠠᠶᠢᠭ᠎ᠠ ᠵᠠᠰᠠᠭ ᠤᠨ ᠣᠷᠳᠣᠨ ᠤ 5000 ᠲᠦᠮᠡᠨ ᠲᠥᠭᠦᠷᠢᠭ ᠤᠨ | ᠪᠡᠯᠡ ᠣᠷᠣᠭᠤᠯᠤᠯᠲᠠ ᠪᠠ ᠠᠵᠤ ᠠᠬᠤᠶᠢᠯᠠᠯ ᠤᠨ ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠪᠡᠯᠡ | ᠣᠷᠣᠭᠤᠯᠤᠯᠲᠠ ᠲᠠᠢ 3352 ᠴᠢᠬᠤᠯᠠ ᠶᠡᠭᠡ ᠲᠥᠷᠥᠯ ᠵᠦᠢᠯ ᠢ ᠤᠬᠠᠭᠠᠯᠠᠨ ᠲᠥᠯᠥᠪᠯᠡᠵᠦ ᠨᠥᠭᠡᠴᠡᠯᠡᠭᠡᠳ | ᠪᠠᠶᠢᠨ᠎ᠠ᠂ ᠲᠡᠳᠡᠭᠡᠷ ᠤᠨ ᠶᠡᠷᠦᠩᠬᠡᠢ ᠪᠡᠯᠡ ᠣᠷᠣᠭᠤᠯᠤᠯᠲᠠ ᠨᠢ 3.6 ᠲᠦᠮᠡᠨ ᠳ᠋ᠦᠩᠰᠢᠭᠤᠷ ᠲᠥᠭᠦᠷᠢᠭ ᠪᠠᠶᠢᠵᠤ᠂ | ᠣᠨ ᠤ ᠲᠥᠯᠥᠪᠯᠡᠭᠡ ᠶᠢᠨ ᠪᠦᠲᠦᠭᠡᠨ ᠪᠠᠶᠢᠭᠤᠯᠤᠯᠲᠠ ᠶᠢᠨ ᠪᠡᠯᠡ ᠣᠷᠣᠭᠤᠯᠤᠯᠲᠠ ᠨᠢ ᠲᠦᠮᠡᠨ ᠳ᠋ᠦᠩᠰᠢᠭᠤᠷ | ᠲᠥᠭᠦᠷᠢᠭ ᠲᠤ ᠬᠥᠷᠥᠭᠰᠡᠨ ᠪᠠᠶᠢᠨ᠎ᠠ᠃ |