ᠮᠠᠯᠴᠢᠳ ᠤᠨ ᠰᠢᠨᠵᠢᠯᠡᠬᠦ ᠤᠬᠠᠭᠠᠨᠴᠢ ᠪᠠᠷ ᠲᠡᠵᠢᠭᠡᠨ ᠦᠷᠡᠵᠢᠭᠦᠯᠬᠦ ᠬᠢᠷᠢ ᠲᠦᠪᠰᠢᠨ ᠢ ᠳᠡᠭᠡᠭᠰᠢᠯᠡᠭᠦᠯᠵᠦ᠂ | ᠮᠢᠬᠠᠨ ᠤ ᠦᠬᠡᠷ ᠤᠨ ᠡᠭᠦᠯᠳᠡᠷ ᠰᠠᠶᠢᠵᠢᠷᠠᠭᠤᠯᠬᠤ ᠠᠵᠢᠯ ᠢ ᠠᠬᠢᠭᠤᠯᠬᠤ ᠶᠢᠨ ᠲᠥᠯᠥᠭᠡ᠂ 4 ᠰᠠᠷ᠎ᠠ ᠶᠢᠨ 29 ᠤ | ᠡᠳᠦᠷ᠂ ᠤᠯᠢᠶᠠᠰᠤᠲᠠᠢ ᠪᠠᠯᠭᠠᠰᠤᠨ ᠤ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠲᠦᠭᠡᠮᠡᠯᠵᠢᠭᠦᠯᠬᠦ ᠲᠥᠪ ᠠᠴᠠ | ᠭᠤᠣᠯᠯᠠᠨ ᠡᠷᠭᠢᠯᠡᠵᠦ᠂ ᠠᠩᠭᠠᠷ ᠭᠠᠴᠠᠭᠠᠨ ᠤ ᠮᠠᠯ ᠠᠵᠤ ᠠᠬᠤᠢ ᠶᠢᠨ ᠬᠤᠣᠰ ᠪᠣᠶᠢᠵᠢᠭᠤᠯᠤᠯᠲᠠ ᠶᠢᠨ | ᠪᠣᠯᠪᠠᠰᠤᠷᠠᠯ ᠤᠨ ᠰᠠᠭᠤᠷᠢᠨ ᠭᠠᠵᠠᠷ ᠠᠴᠠ ᠳᠠᠭᠠᠭᠠᠴᠢᠯᠠᠨ ᠡᠷᠭᠢᠯᠡᠭᠰᠡᠨ ᠮᠢᠬᠠᠨ ᠤ ᠦᠬᠡᠷ ᠤᠨ ᠭᠠᠷ | ᠬᠡᠭᠡᠯᠲᠦᠭᠦᠯᠭᠡ ᠶᠢᠨ ᠮᠡᠷᠭᠡᠵᠢᠯ ᠤᠨ ᠲᠤᠰᠬᠠᠢ ᠰᠡᠳᠦᠪᠲᠦ ᠪᠣᠯᠪᠠᠰᠤᠷᠠᠯ ᠤᠨ ᠠᠩᠭᠢ ᠠᠮᠵᠢᠯᠲᠠ ᠲᠠᠢ ᠬᠢᠴᠢᠶᠡᠯᠯᠡᠯ᠎ᠡ᠂ | ᠪᠣᠯᠪᠠᠰᠤᠷᠠᠯ ᠤᠨ ᠠᠩᠭᠢ ᠳᠤ 50 ᠭᠠᠷᠤᠢ ᠮᠠᠯᠵᠢᠬᠤ ᠡᠷᠦᠬᠡ ᠢᠳᠡᠪᠬᠢᠲᠡᠢ ᠣᠷᠣᠯᠴᠠᠭᠰᠠᠨ ᠪᠠᠶᠢᠨ᠎ᠠ᠃ | ᠲᠣᠰ ᠤᠳᠠᠭᠠᠨ ᠤ ᠪᠣᠯᠪᠠᠰᠤᠷᠠᠯ ᠳᠤ ︽ᠣᠨᠣᠯ + ᠦᠢᠯᠡᠳᠦᠯᠭᠡ︾ ᠬᠤᠣᠰ ᠴᠢᠭᠯᠡᠯ ᠤᠨ ᠵᠢᠭᠠᠨ | ᠰᠤᠷᠭᠠᠯᠲᠠ ᠶᠢᠨ ᠵᠠᠭᠪᠤᠷ ᠢ ᠬᠡᠷᠡᠭᠯᠡᠪᠡ᠃ ᠲᠠᠷᠢᠶᠠᠯᠠᠩ ᠮᠠᠯ ᠠᠵᠤ ᠠᠬᠤᠢ ᠰᠢᠨᠵᠢᠯᠡᠬᠦ ᠤᠬᠠᠭᠠᠨ ᠤ ᠲᠣᠪᠴᠢᠶ᠎ᠠ ᠶᠢᠨ | ᠮᠠᠯ ᠠᠵᠤ ᠠᠬᠤᠢ ᠶᠢᠨ ᠠᠵᠢᠯ ᠤᠨ ᠥᠷᠲᠡᠭᠡᠨ ᠤ ᠲᠤᠰᠬᠠᠢ ᠮᠡᠷᠭᠡᠵᠢᠯᠲᠡᠨ ᠣᠯᠠᠨ ᠵᠠᠭᠤᠴᠢᠲᠤ ᠦᠵᠡᠭᠦᠯᠦᠯᠭᠡ ᠪᠠᠷ | ᠳᠡᠮᠵᠢᠨ᠂ ᠢᠴᠡᠭᠡᠯ ᠦᠷ᠎ᠡ ᠶᠢ ᠬᠠᠳᠠᠭᠠᠯᠠᠬᠤ ᠵᠢᠴᠢ ᠲᠡᠭᠦᠨ ᠤ ᠬᠠᠮᠢᠶᠠᠷᠤᠯᠲᠠ᠂ ᠡᠬᠡ ᠮᠠᠯ ᠤᠨ ᠣᠷᠤᠭ᠎ᠠ | ᠣᠷᠣᠬᠤ ᠶᠢ ᠬᠢᠨᠠᠨ ᠲᠣᠭᠲᠠᠭᠠᠬᠤ᠂ ᠪᠠᠭᠠᠵᠢ ᠬᠡᠷᠡᠭᠰᠡᠯ ᠢ ᠪᠠᠷᠢᠮᠵᠢᠶ᠎ᠠ ᠪᠠᠷ ᠬᠡᠷᠡᠭᠯᠡᠬᠦ ᠵᠡᠷᠭᠡ ᠵᠠᠩᠭᠢᠯᠠᠭ᠎ᠠ ᠶᠢᠨ | ᠮᠡᠷᠭᠡᠵᠢᠯ ᠢ ᠰᠢᠰᠲ᠋ᠧᠮ ᠲᠠᠢ ᠲᠠᠶᠢᠯᠪᠤᠷᠢᠯᠠᠵᠤ᠂ ᠬᠢᠵᠢᠭ ᠢ ᠰᠡᠷᠭᠡᠶᠢᠯᠡᠨ ᠠᠷᠢᠭᠤᠳᠬᠠᠬᠤ᠂ ᠬᠡᠭᠡᠯᠲᠦᠭᠦᠯᠭᠡ ᠬᠢᠬᠦ | ᠴᠠᠭ ᠤᠨ ᠳᠠᠷᠠᠭᠠᠯᠠᠯ ᠵᠡᠷᠭᠡ ᠠᠩᠬᠠᠷᠬᠤ ᠵᠦᠢᠯᠡᠰ ᠢ ᠴᠢᠬᠤᠯᠠᠴᠢᠯᠠᠨ ᠵᠢᠭᠠᠭᠰᠠᠨ ᠪᠠᠶᠢᠨ᠎ᠠ᠃ ᠪᠣᠳᠠᠲᠠᠢ | ᠪᠣᠯᠪᠠᠰᠤᠷᠠᠯ ᠤᠨ ᠶᠠᠪᠤᠴᠠᠨ ᠳᠤ᠂ ᠪᠣᠯᠪᠠᠰᠤᠷᠠᠯ ᠳᠤ ᠣᠷᠣᠯᠴᠠᠭᠰᠠᠨ ᠮᠠᠯᠴᠢᠳ ᠮᠡᠷᠭᠡᠵᠢᠯᠲᠡᠨ ᠤ ᠵᠢᠯᠣᠭᠤᠳᠤᠯᠭ᠎ᠠ | ᠳᠣᠣᠷ᠎ᠠ ᠳᠤᠭᠤᠶᠢᠯᠠᠩ ᠬᠤᠪᠢᠶᠠᠨ ᠪᠠᠭᠠᠵᠢ ᠬᠡᠷᠡᠭᠰᠡᠯ ᠤᠨ ᠬᠡᠷᠡᠭᠯᠡᠭᠡᠨ ᠤ ᠰᠣᠷᠢᠯᠲᠠ ᠬᠢᠵᠦ᠂ ᠨᠢᠭᠡ ᠨᠢᠭᠡ ᠪᠠᠷ ᠵᠢᠭᠠᠨ | ᠰᠤᠷᠭᠠᠯᠲᠠ ᠬᠢᠬᠦ ᠪᠠᠷ ᠳᠠᠮᠵᠢᠭᠤᠯᠤᠨ ᠰᠣᠷᠣᠭᠴᠢ ᠨᠢᠭᠡᠪᠦᠷᠢ ᠳᠤ ᠭᠠᠷ ᠬᠡᠭᠡᠯᠲᠦᠭᠦᠯᠭᠡ ᠶᠢᠨ ᠠᠵᠢᠯᠯᠠᠭᠠᠨ ᠤ | ᠵᠢᠷᠤᠮᠵᠢᠯ ᠢ ᠡᠵᠡᠮᠰᠢᠭᠦᠯᠬᠦ ᠶᠢ ᠪᠠᠲᠤᠯᠠᠪᠠ᠃ ᠪᠣᠯᠪᠠᠰᠤᠷᠠᠯ ᠤᠨ ᠲᠤᠬᠠᠢ ᠶᠢᠨ ᠲᠠᠯᠠᠪᠤᠷ ᠲᠤ ᠪᠠᠰᠠ ᠮᠣᠩᠭᠤᠯ ᠬᠢᠲᠠᠳ | ᠬᠤᠣᠰ ᠬᠡᠯᠡᠨ ᠤ ︽ᠮᠢᠬᠠᠨ ᠤ ᠦᠬᠡᠷ ᠤᠨ ᠭᠠᠷ ᠬᠡᠭᠡᠯᠲᠦᠭᠦᠯᠭᠡ ᠶᠢᠨ ᠮᠡᠷᠭᠡᠵᠢᠯ ᠤᠨ ᠭᠠᠷ ᠳᠡᠪᠲᠡᠷ︾ ᠢ 40 | ᠭᠠᠷᠤᠢ ᠬᠤᠪᠢ ᠲᠠᠷᠬᠠᠭᠠᠪᠠ᠃ | ︽ᠡᠨᠡ ᠤᠳᠠᠭᠠᠨ ᠤ ᠪᠣᠯᠪᠠᠰᠤᠷᠠᠯ ᠮᠠᠰᠢ ᠬᠡᠷᠡᠭᠴᠡᠭᠡ ᠲᠠᠢ︕ ᠮᠡᠷᠭᠡᠵᠢᠯᠲᠡᠳ ᠬᠢᠯᠪᠠᠷ ᠣᠶᠢᠯᠠᠭᠠᠮᠵᠢᠲᠠᠢ | ᠦᠭᠡ ᠬᠡᠯᠡ ᠪᠠᠷ ᠲᠠᠶᠢᠯᠪᠤᠷᠢᠯᠠᠬᠤ ᠶᠢᠨ ᠬᠠᠮᠲᠤ ᠪᠢᠳᠡ ᠪᠠᠰᠠ ᠥᠪᠡᠷ ᠢᠶᠠᠨ ᠭᠠᠷ ᠬᠥᠳᠡᠯᠦᠨ ᠬᠢᠵᠦ᠂ ᠭᠠᠷ | ᠬᠡᠭᠡᠯᠲᠦᠭᠦᠯᠬᠦ ᠮᠡᠷᠭᠡᠵᠢᠯ ᠤᠨ ᠲᠦᠪᠡᠭᠲᠡᠢ ᠠᠰᠠᠭᠤᠳᠠᠯ ᠢ ᠵᠢᠩᠬᠡᠨᠢ ᠰᠢᠢᠳᠪᠦᠷᠢᠯᠡᠭᠰᠡᠨ ᠪᠠᠶᠢᠨ᠎ᠠ︾ ᠬᠡᠮᠡᠨ | ᠪᠣᠯᠪᠠᠰᠤᠷᠠᠯ ᠳᠤ ᠣᠷᠣᠯᠴᠠᠭᠰᠠᠨ ᠮᠠᠯᠴᠢᠳ ᠤᠨ ᠲᠥᠯᠥᠭᠡᠯᠡᠭᠴᠢ ᠬᠡᠯᠡᠪᠡ᠃ ᠲᠣᠰ ᠤᠳᠠᠭᠠᠨ ᠤ ᠪᠣᠯᠪᠠᠰᠤᠷᠠᠯ ᠨᠢ | ᠮᠠᠯᠵᠢᠬᠤ ᠡᠷᠦᠬᠡ ᠶᠢᠨ ᠰᠠᠶᠢᠨ ᠡᠭᠦᠯᠳᠡᠷ ᠢ ᠦᠷᠡᠵᠢᠭᠦᠯᠦᠨ ᠪᠣᠶᠢᠵᠢᠭᠤᠯᠬᠤ ᠮᠡᠷᠭᠡᠵᠢᠯ ᠤᠨ ᠬᠢᠷᠢ ᠲᠦᠪᠰᠢᠨ ᠢ | ᠪᠦᠲᠦᠮᠵᠢᠲᠡᠶ ᠳᠡᠭᠡᠭᠰᠢᠯᠡᠭᠦᠯᠪᠡ᠃ | ᠲᠠᠷᠠᠭᠠᠴᠢ ᠶᠢᠨ ᠠᠯᠬᠤᠮ ᠳᠤ᠂ ᠪᠠᠯᠭᠠᠰᠤᠨ ᠤ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ | ᠲᠦᠭᠡᠮᠡᠯᠵᠢᠭᠦᠯᠬᠦ ᠲᠥᠪ ᠠᠴᠠ ᠪᠣᠯᠪᠠᠰᠤᠷᠠᠯ ᠤᠨ ᠦᠷ᠎ᠡ ᠪᠦᠲᠦᠮᠵᠢ ᠶᠢ ᠦᠷᠭᠦᠯᠵᠢᠯᠡᠨ ᠮᠥᠷᠳᠡᠵᠦ᠂ ᠲᠣᠭᠲᠠᠮᠠᠯ | ᠬᠤᠭᠤᠴᠠᠭ᠎ᠠ ᠲᠠᠢ ᠪᠠᠷ ᠮᠡᠷᠭᠡᠵᠢᠯ ᠤᠨ ᠬᠠᠷᠢᠭᠤ ᠰᠣᠷᠪᠤᠯᠵᠢᠯᠠᠭ᠎ᠠ ᠶᠢ ᠵᠣᠬᠢᠶᠠᠨ ᠪᠠᠶᠢᠭᠤᠯᠬᠤ ᠶᠢᠨ ᠬᠠᠮᠲᠤ ᠬᠦᠪᠦᠷᠡᠯ | ᠰᠢᠯᠵᠢᠭᠦᠯᠬᠦ ᠵᠡᠷᠭᠡ ᠳᠡᠭᠡᠳᠦ ᠰᠢᠨ᠎ᠡ ᠦᠷᠡᠵᠢᠭᠦᠯᠦᠨ ᠪᠣᠶᠢᠵᠢᠭᠤᠯᠬᠤ ᠮᠡᠷᠭᠡᠵᠢᠯ ᠤᠨ ᠳᠡᠯᠭᠡᠷᠡᠭᠦᠯᠦᠯᠲᠡ ᠶᠢᠨ ᠡᠷᠴᠢᠮ ᠢ | ᠴᠢᠩᠭᠠᠷᠠᠭᠤᠯᠵᠤ᠂ ᠰᠢᠨᠵᠢᠯᠡᠬᠦ ᠤᠬᠠᠭᠠᠨᠴᠢ ᠮᠡᠷᠭᠡᠵᠢᠯ ᠢᠶᠠᠷ ᠤᠯᠠᠮᠵᠢᠯᠠᠯᠲᠤ ᠮᠠᠯ ᠠᠵᠤ ᠠᠬᠤᠢ ᠶᠢᠨ | ᠣᠳᠣᠬᠢᠴᠢᠯᠠᠯᠲᠠ᠂ ᠡᠷᠴᠢᠮᠵᠢᠯᠲᠡ ᠳᠠᠰᠢ ᠬᠡᠯᠪᠡᠷᠢ ᠬᠤᠪᠢᠷᠠᠭᠤᠯᠤᠨ ᠲᠠᠰ ᠳᠡᠪᠰᠢᠬᠦ ᠶᠢ ᠲᠦᠯᠬᠢᠨ ᠠᠬᠢᠭᠤᠯᠤᠨ᠎ᠠ᠃ |