ᠨᠠᠮ ᠤᠨ ᠦᠨᠳᠦᠰᠦᠲᠡᠨ ᠤ ᠲᠥᠷᠥ ᠶᠢᠨ ᠪᠣᠳᠣᠯᠭ᠎ᠠ ᠶᠢ ᠭᠦᠨᠵᠡᠭᠡᠶ ᠲᠣᠭᠤᠰᠢᠯᠠᠭᠤᠯᠵᠣ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠶᠢᠨ ᠲᠥᠯᠥᠭᠡ᠂ 5 ᠰᠠᠷ᠎ᠠ ᠶᠢᠨ 7 ᠤ | ᠡᠳᠦᠷ᠂ ᠪᠠᠶ᠋ᠬᠠᠷᠬᠡᠳᠣ ᠨᠡᠶᠢᠭᠡᠮ ᠲᠣᠭᠤᠷᠢᠭ ᠤᠨ ᠬᠢᠨ ᠤᠬᠠᠭᠤᠯᠭ᠎ᠠ ᠶᠢᠨ ᠬᠡᠯᠪᠡᠷᠢ ᠢᠶᠠᠨ ᠰᠢᠨᠡᠴᠢᠯᠡᠵᠣ᠂ ᠮᠣᠩᠭᠤᠯ | ᠦᠨᠳᠦᠰᠦᠲᠡᠨ ᠤ ᠤᠯᠠᠮᠵᠢᠯᠠᠯᠲᠤ ᠰᠢᠲᠠᠷ᠎ᠠ ᠶᠢᠨ ᠲᠣᠭᠯᠠᠭᠠᠮ ᠢᠶᠠᠷ ᠠᠴᠢᠶᠠᠯᠠᠭᠴᠢ ᠪᠣᠯᠭᠠᠵᠣ᠂ 2025 ᠣᠨ ᠤ | ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ ᠶᠢᠨ ᠠᠵᠢᠯᠯᠠᠭ᠎ᠠ ᠪᠠᠨ ᠵᠢᠩᠬᠢᠨᠢ ᠪᠠᠷ | ᠡᠬᠢᠯᠡᠭᠦᠯᠵᠠᠢ᠃ | ᠠᠵᠢᠯᠯᠠᠭ᠎ᠠ ᠶᠢᠨ ᠠᠬᠤᠢ ᠲᠠᠯᠠᠪᠠᠢ ᠳᠤ᠂ ᠰᠠᠭᠤᠭᠠᠯᠢ ᠠᠷᠠᠳ ᠨᠢᠭᠡ ᠲᠠᠩᠬᠢᠮ ᠳᠤ ᠲᠣᠭᠤᠷᠢᠨ ᠰᠠᠭᠤᠵᠤ᠂ | ᠲᠠᠯ᠎ᠠ ᠨᠤᠲᠤᠭ ᠤᠨ ᠰᠣᠶᠣᠯ ᠤᠨ ᠤᠶᠤᠨ ᠤᠬᠠᠭᠠᠨ ᠢ ᠠᠴᠢᠶᠠᠯᠠᠭᠰᠠᠨ ︽ᠠᠮᠤᠷ ᠪᠠᠶᠠᠰᠬᠤᠯᠠᠩ︾ ᠰᠢᠲᠠᠷ᠎ᠠ ᠶᠢ | ᠲᠣᠭᠯᠠᠵᠤ᠂ ᠤᠷ᠎ᠠ ᠮᠡᠷᠭᠡᠵᠢᠯ ᠢᠶᠠᠨ ᠰᠣᠯᠢᠯᠴᠠᠵᠤ᠂ ᠪᠠᠶᠠᠷ ᠬᠦᠷ ᠢᠶᠠᠷ ᠪᠢᠯᠬᠠᠵᠤ ᠪᠠᠶᠢᠯ᠎ᠠ᠃ ᠲᠣᠭᠯᠠᠬᠤ ᠶᠢᠨ ᠳᠠᠭᠠᠦ᠂ | ᠨᠡᠶᠢᠭᠡᠮ ᠲᠣᠭᠤᠷᠢᠭ ᠤᠨ ᠠᠵᠢᠯᠳᠠᠨ ᠠᠴᠠ ᠰᠠᠭᠤᠭᠠᠯᠢ ᠠᠷᠠᠳ ᠲᠠᠢ ᠰᠡᠳᠭᠢᠯ ᠰᠠᠨᠠᠭ᠎ᠠ ᠪᠠᠨ ᠰᠣᠯᠢᠯᠴᠠᠵᠣ᠂ | ᠬᠠᠯᠭᠤᠨ ᠶᠠᠷᠢᠯᠴᠠᠭ᠎ᠠ ᠲᠣᠮᠳᠠ ᠠᠰᠠᠭᠤᠯᠲᠠ ᠠᠰᠠᠭᠤᠬᠤ᠂ ᠬᠡᠷᠡᠭ ᠤᠨ ᠵᠢᠱᠢᠶ᠎ᠡ ᠶᠢ ᠬᠤᠪᠢᠶᠠᠯᠴᠠᠨ ᠡᠳ᠋ᠯᠡᠬᠦ ᠵᠡᠷᠭᠡ | ᠬᠡᠯᠪᠡᠷᠢ ᠪᠠᠷ ᠳᠦᠭᠦᠮ ᠣᠶᠢᠯᠠᠭᠠᠮᠵᠢᠲᠠᠢ ᠦᠭᠡ ᠬᠡᠯᠡ ᠪᠠᠷ ᠦᠨᠳᠦᠰᠦᠲᠡᠨ ᠤ ᠲᠦᠷᠦ ᠶᠢᠨ ᠪᠤᠳᠤᠯᠭ᠎ᠠ ᠶᠢᠨ | ᠮᠡᠳᠡᠯᠭᠡ ᠶᠢ ᠲᠠᠶᠢᠯᠪᠤᠷᠢᠯᠠᠵᠤ᠂ ᠦᠨᠳᠦᠰᠦᠲᠡᠨ ᠤ ᠡᠷᠬᠡ ᠲᠡᠭᠰᠢ᠂ ᠪᠦᠯᠬᠦᠮᠳᠡᠯ ᠤᠨ ᠤᠢᠢᠯᠠᠭᠠᠭᠳᠠᠬᠤᠨ ᠢ ᠣᠯᠠᠨ ᠤ | ᠰᠡᠳᠬᠢᠯ ᠳᠤ ᠬᠠᠳᠠᠩᠰᠢᠭᠤᠯᠪᠠ᠃ | ᠲᠣᠰ ᠤᠳᠠᠭᠠᠨ ᠤ ᠠᠵᠢᠯᠯᠠᠭ᠎ᠠ ᠨᠢ ᠤᠯᠠᠮᠵᠢᠯᠠᠯᠲᠤ ᠤᠬᠠᠭᠤᠯᠭ᠎ᠠ ᠶᠢᠨ ᠠᠷᠭ᠎ᠠ ᠠᠪᠴᠢᠯ ᠢ ᠡᠪᠳᠡᠵᠦ᠂ | ᠰᠣᠶᠣᠯ ᠢ ᠤᠯᠠᠮᠵᠢᠯᠠᠨ ᠵᠠᠯᠭᠠᠮᠵᠢᠯᠠᠬᠤ ᠪᠠ ᠲᠥᠷᠥ ᠶᠢᠨ ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠬᠤ ᠶᠢ | ᠣᠷᠭᠠᠨᠢᠭ ᠢᠶᠠᠷ ᠤᠶᠠᠯᠳᠤᠭᠤᠯᠵᠤ᠂ ᠰᠠᠭᠤᠭᠠᠯᠢ ᠠᠷᠠᠳ ᠲᠤ ᠵᠤᠭ᠎ᠠ ᠴᠡᠩᠭᠡᠯ ᠤᠨ ᠳᠤᠮᠳᠠ ᠦᠨᠳᠦᠰᠦᠲᠡᠨ ᠤ | ᠰᠣᠶᠣᠯ ᠤᠨ ᠷᠢᠳᠢ ᠰᠢᠳᠢ ᠶᠢ ᠮᠡᠳᠡᠷᠡᠭᠦᠯᠬᠦ ᠪᠠᠷ ᠪᠠᠷᠠᠬᠤ ᠥᠬᠡᠶ ᠪᠠᠰᠠ ᠦᠨᠳᠦᠰᠦᠲᠡᠨ ᠤ ᠲᠥᠷᠥ ᠶᠢᠨ | ᠪᠣᠳᠣᠯᠭ᠎ᠠ ᠶᠢᠨ ᠠᠭᠤᠯᠤᠭᠳᠠᠬᠤᠨ ᠢ ᠣᠶᠢᠯᠠᠭᠠᠭᠤᠯᠪᠠ ᠃ ︽ ᠨᠢᠭᠡ ᠲᠠᠯ᠎ᠠ ᠪᠠᠷ ᠲᠣᠭᠯᠠᠭᠠᠮ ᠨᠠᠭᠠᠳᠴᠤ᠂ ᠨᠢᠭᠡ | ᠲᠠᠯ᠎ᠠ ᠪᠠᠷ ᠮᠡᠳᠡᠯᠭᠡ ᠰᠤᠷᠴᠤ᠂ ᠲᠥᠷᠦ ᠶᠢᠨ ᠪᠣᠳᠣᠯᠭ᠎ᠠ ᠶᠢ ᠤᠶᠢᠯᠭᠠᠵᠤ ᠪᠠᠶᠢᠨ᠎ᠠ᠂ ᠡᠶᠢᠮᠦᠷᠬᠦ ᠠᠵᠢᠯᠯᠠᠭ᠎ᠠ ᠨᠢ ᠲᠣᠩ | ᠰᠣᠨᠢᠷᠬᠠᠯᠲᠠᠶ ᠪᠠᠶᠢᠨ᠎ᠠ︕︾ ᠭᠡᠵᠦ ᠣᠷᠣᠯᠴᠠᠭᠰᠠᠨ ᠰᠠᠭᠤᠭᠠᠯᠢ ᠠᠷᠠᠳ ᠠᠴᠠ ᠢᠯᠡᠷᠬᠡᠶᠢᠯᠡᠵᠡᠢ᠃ | ᠡᠨᠡ ᠬᠦ ᠠᠵᠢᠯᠯᠠᠭ᠎ᠠ ᠨᠢ ᠦᠪᠡᠷᠮᠢᠴᠠ ᠭᠠᠵᠠᠷ ᠣᠷᠣᠨ ᠤ ᠣᠨᠴᠠᠯᠢᠭ ᠢᠶᠠᠷ ᠢᠶᠠᠨ ᠰᠠᠭᠤᠭᠠᠯᠢ ᠠᠷᠠᠳ ᠤᠨ | ᠰᠡᠳᠬᠢᠯ ᠳᠤ ᠬᠠᠳᠠᠩᠰᠢᠬᠤ ᠪᠠᠷ ᠪᠠᠷᠠᠬᠤ ᠥᠬᠡᠶ᠂ ᠨᠠᠩ ᠴᠤ ᠰᠣᠶᠣᠯ ᠤᠨ ᠬᠠᠮᠲᠤ ᠶᠢᠨ ᠲᠠᠨᠢᠯᠲᠠ ᠪᠠᠷ | ᠳᠠᠮᠵᠢᠭᠤᠯᠤᠨ ᠡᠯ᠎ᠡ ᠦᠨᠳᠦᠰᠦᠲᠡᠨ ᠤ ᠰᠠᠭᠤᠭᠠᠯᠢ ᠠᠷᠠᠳ ᠤᠨ ᠬᠤᠭᠤᠷᠣᠨᠳᠣᠬᠢ ᠬᠠᠶᠢᠷ᠎ᠠ ᠰᠡᠳᠬᠢᠯᠭᠡ ᠶᠢᠨ | ᠬᠤᠯᠪᠣᠭ᠎ᠠ ᠶᠢ ᠠᠬᠢᠭᠤᠯᠤᠭᠰᠠᠨ ᠪᠠᠶᠢᠨ᠎ᠠ᠃ ᠬᠤᠶᠢᠰᠢᠳᠠ᠂ ᠪᠠᠶ᠋ᠬᠠᠷᠬᠡᠳᠣ ᠨᠡᠶᠢᠭᠡᠮ ᠲᠣᠭᠤᠷᠢᠭ ᠤᠨ ᠬᠢᠨ ︽ᠰᠣᠶᠣᠯ | + ᠲᠥᠷᠥ ᠶᠢᠨ ᠪᠣᠳᠣᠯᠭ᠎ᠠ︾ ᠶᠢ ᠠᠭᠤᠰᠤᠯᠴᠠᠭᠤᠯᠬᠤ ᠵᠠᠭᠪᠤᠷ ᠢ ᠦᠷᠭᠦᠯᠵᠢᠯᠡᠨ ᠰᠦᠪᠡᠭᠴᠢᠯᠡᠵᠦ᠂ ᠦᠨᠳᠦᠰᠦᠨ | ᠱᠠᠲᠤᠨ ᠤ ᠦᠨᠳᠦᠰᠦᠲᠡᠨ ᠤ ᠠᠵᠢᠯ ᠤᠨ ᠰᠢᠨ᠎ᠡ ᠶᠢ ᠡᠭᠦᠳᠬᠦ ᠦᠢᠯᠡᠳᠦᠯᠭᠡ ᠳᠤ ᠲᠣᠯᠢ ᠪᠣᠯᠭᠠᠵᠤ ᠪᠣᠯᠬᠤ | ᠲᠤᠷᠰᠢᠯᠭ᠎ᠠ ᠶᠢ ᠬᠠᠩᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠢ | ᠨᠡᠶᠢᠭᠡᠮ ᠲᠣᠭᠤᠷᠢᠭ ᠲᠤ ᠨᠠᠶᠢᠳᠠᠪᠤᠷᠢᠵᠢᠭᠤᠯᠬᠤ ᠳᠤ ᠬᠦᠴᠦᠨ ᠨᠡᠮᠡᠷᠢᠯᠡᠬᠦ ᠪᠣᠯᠣᠨ᠎ᠠ᠃ |