ᠮᠠᠯᠴᠢᠳ ᠤᠨ ᠶᠠᠪᠦᠵᠦ ᠰᠠᠭᠤᠬᠤ ᠳᠤ ᠬᠦᠴᠢᠷ ᠠᠰᠠᠭᠤᠳᠠᠯ ᠢ ᠦᠨᠡᠨᠬᠦ ᠰᠢᠢᠳᠪᠦᠷᠢᠯᠡᠵᠦ᠂ ᠤᠷᠤᠨ | ᠪᠦᠰᠡ ᠶᠢᠨ ᠵᠠᠮ ᠬᠠᠷᠢᠯᠴᠠᠭᠠᠨ ᠤ ᠳᠦᠭᠦᠮ ᠦᠵᠠᠭᠦᠯᠬᠦ ᠴᠢᠨᠠᠷ ᠢ ᠳᠡᠭᠡᠭᠰᠢᠯᠡᠭᠦᠯᠬᠦ ᠶᠢᠨ ᠲᠦᠯᠦᠭᠡ᠂ 2025 | ᠣᠨ 4 ᠰᠠᠷ᠎ᠠ ᠶᠢᠨ 24 ᠤ ᠡᠳᠦᠷ᠂ ᠮᠠᠨᠳᠤᠬᠤᠪᠤᠯᠠᠭ ᠪᠠᠯᠭᠠᠰᠣᠨ ᠤ 2025 ᠣᠨ ᠤ ᠠᠷᠠᠳ ᠤᠨ ᠠᠮᠢᠳᠣᠷᠠᠯ ᠤᠨ | ᠪᠤᠳᠠᠲᠦ ᠶᠠᠪᠤᠳᠠᠯ ᠤᠨ ᠲᠦᠷᠦᠯ ᠵᠦᠢᠯ — ᠬᠤᠯᠪᠤᠭ᠎ᠠ ᠭᠠᠴᠠᠭ᠎ᠠ ᠶᠢᠨ ᠠᠷᠠᠳ ᠲᠤ ᠳᠦᠭᠦᠮ ᠦᠵᠡᠭᠦᠯᠭᠦ ᠵᠠᠮ ᠢ | ᠰᠡᠯᠪᠢᠨ ᠵᠠᠰᠠᠬᠤ ᠲᠦᠷᠦᠯ ᠵᠦᠢᠯ ᠤᠨ ᠢᠨᠵᠧᠨᠧᠷᠢᠩ ᠢ ᠬᠤᠯᠪᠣᠭ᠎ᠠ ᠭᠠᠴᠠᠭᠠᠨ ᠳᠤ ᠵᠢᠩᠬᠢᠨᠢ ᠪᠠᠷ ᠡᠬᠢᠯᠡᠪᠡ᠃ | ᠪᠠᠯᠭᠠᠰᠣᠨ ᠤ ᠤᠳᠤᠷᠢᠳᠬᠤ ᠪᠠᠭ ᠤᠨ ᠪᠦᠷᠢᠯᠳᠦᠭᠦᠨ᠂ ᠭᠠᠴᠠᠭᠠᠨ ᠤ ︽ ᠬᠤᠶᠠᠷ ᠵᠦᠪᠯᠡᠯ︾᠂ ᠬᠡᠰᠡᠭ ᠪᠦᠯᠦᠭ | ᠮᠠᠯᠴᠢᠳ ᠤᠨ ᠲᠦᠯᠦᠭᠡᠯᠡᠭᠴᠢ ᠵᠢᠴᠢ ᠪᠠᠷᠢᠯᠭ᠎ᠠ ᠬᠢᠵᠦ ᠪᠠᠶᠢᠭ᠎ᠠ ᠪᠠᠶᠢᠭᠤᠯᠭ᠎ᠠ ᠨᠢᠭᠡᠴᠡ ᠵᠡᠷᠭᠡ 20 ᠭᠠᠷᠤᠢ | ᠬᠦᠮᠦᠨ ᠡᠬᠢᠯᠡᠯᠲᠡ ᠶᠢᠨ ᠶᠣᠰᠤᠯᠠᠯ ᠳᠤ ᠣᠷᠣᠯᠴᠠᠪᠠ᠃ | ᠵᠠᠰᠠᠪᠤᠷᠢ ᠤᠷᠤᠭᠤᠯᠥᠭ᠌ᠰᠠᠨ ᠵᠠᠮ ᠤᠨ ᠬᠡᠰᠡᠭ ᠨᠢ ᠬᠤᠯᠪᠤᠭ᠎ᠠ ᠭᠠᠴᠠᠭ᠎ᠠ ᠶᠢᠨ ᠵᠡᠭᠦᠨ ᠡᠮᠦᠨ᠎ᠡ ᠬᠡᠰᠡᠭ ᠤᠨ | ᠭᠤᠣᠯ ᠤᠷᠤᠨ ᠪᠦᠰᠡ ᠪᠠᠶᠢᠵᠦ᠂ ᠮᠠᠨᠳᠣᠬᠤᠪᠤᠯᠠᠭ᠂ ᠪᠠᠶᠠᠨᠪᠦᠷᠢᠳᠦ᠂ ᠲᠣᠰᠣᠨᠨᠠᠭᠤᠷ ᠭᠤᠷᠪᠠᠨ ᠭᠠᠴᠠᠭ᠎ᠠ ᠶᠢ | ᠬᠤᠯᠪᠤᠭᠰᠠᠨ ᠵᠠᠮ ᠬᠠᠷᠢᠯᠴᠠᠭᠠᠨ ᠤ ᠬᠤᠯᠪᠤᠭᠠᠰᠤ ᠪᠤᠯᠵᠦ᠂ ᠵᠠᠮ ᠳᠠᠭᠤ ᠮᠢᠩᠭ᠎ᠠ ᠭᠠᠷᠤᠢ ᠮᠠᠯᠴᠢᠳ ᠤᠨ | ᠦᠢᠯᠡᠳᠪᠦᠷᠢᠯᠡᠯ ᠠᠮᠢᠳᠣᠷᠠᠯ᠂ ᠡᠳ᠋ ᠪᠣᠳᠠᠰ ᠤᠨ ᠵᠦᠭᠡᠭᠡᠪᠦᠷᠢ ᠪᠠ ᠪᠠᠴᠢᠮ ᠡᠮᠴᠢᠯᠡᠭᠡ ᠵᠡᠷᠭᠡ ᠦᠨᠳᠦᠰᠦᠨ | ᠠᠷᠠᠳ ᠤᠨ ᠠᠮᠢᠳᠤᠷᠠᠯ ᠤᠨ ᠬᠡᠷᠡᠭᠴᠡᠭᠡ ᠳᠤ ᠰᠢᠭᠤᠳ ᠦᠢᠯᠡᠴᠢᠯᠡᠵᠦ ᠪᠤᠢ᠃ ᠤᠤᠯ ᠵᠠᠮ ᠨᠢ ᠡᠩᠭᠦᠯ ᠳᠤᠩᠬᠤᠯ᠂ | ᠪᠤᠷᠤᠭᠠᠨ ᠴᠠᠰᠤ ᠤᠷᠤᠪᠠᠯ ᠵᠠᠮ ᠬᠠᠷᠢᠯᠴᠠᠭ᠎ᠠ ᠲᠦᠭᠵᠢᠷᠠᠵᠦ ᠮᠠᠯᠴᠢᠳ ᠤᠨ ᠶᠠᠪᠦᠵᠦ ᠰᠠᠭᠤᠬᠤ᠂ ᠡᠪᠡᠰᠦ ᠬᠠᠳᠠᠬᠤ᠂ | ᠮᠠᠯ ᠪᠡᠯᠴᠢᠭᠡᠷ ᠤᠨ ᠭᠠᠷᠭᠠᠯᠲᠠ᠂ ᠡᠪᠡᠰᠦ ᠪᠤᠷᠳᠤᠭᠠᠨ ᠤ ᠵᠦᠭᠡᠭᠡᠪᠦᠷᠢᠯᠡᠯᠲᠡ ᠵᠡᠷᠭᠡ ᠠᠵᠢᠯ ᠢ ᠶᠡᠭᠡ ᠪᠠᠷ | ᠨᠦᠯᠦᠭᠡᠯᠡᠵᠡᠢ ᠃ ᠬᠤᠯᠪᠤᠭ᠎ᠠ ᠭᠠᠴᠠᠭ᠎ᠠ ᠶᠢᠨ ᠠᠷᠠᠳ ᠲᠤ ᠳᠦᠭᠦᠮ ᠦᠵᠡᠭᠦᠯᠭᠦ ᠵᠠᠮ ᠢ ᠰᠡᠯᠪᠢᠨ ᠵᠠᠰᠠᠬᠤ | ᠲᠦᠷᠦᠯ ᠵᠦᠢᠯ ᠨᠢ ᠤᠷᠤᠨ ᠪᠦᠰᠡ ᠶᠢᠨ ᠬᠦᠭᠵᠢᠯᠲᠡ ᠶᠢ ᠬᠠᠷᠰᠢᠯᠡᠵᠦ ᠪᠠᠶᠢᠭ᠎ᠠ ᠬᠦᠴᠢᠷᠳᠡᠯ ᠢ ᠦᠨᠡᠨᠬᠦ | ᠰᠢᠢᠳᠪᠦᠷᠢᠯᠡᠵᠦ᠂ ᠠᠷᠠᠳ ᠤᠨ ᠠᠮᠢᠳᠤᠷᠠᠯ ᠤᠨ ᠨᠦᠭᠦᠴᠡᠯ ᠢ ᠰᠠᠶᠢᠵᠢᠷᠠᠭᠤᠯᠤᠨ᠂ ᠤᠷᠤᠨ ᠨᠤᠲᠤᠭ ᠤᠨ ᠬᠦᠳᠡᠭᠡ | ᠲᠣᠰᠬᠤᠨ ᠢ ᠬᠦᠭᠵᠢᠭᠦᠯᠦᠨ ᠮᠠᠨᠳᠤᠭᠤᠯᠬᠤ ᠪᠠ ᠠᠵᠦ ᠠᠬᠤᠢ ᠶᠢᠨ ᠬᠦᠭᠵᠢᠯᠲᠡ ᠳᠤ ᠪᠠᠲᠦ ᠪᠠᠬᠢ ᠪᠠᠲᠤᠯᠠᠭ᠎ᠠ | ᠬᠠᠩᠭᠠᠨ᠎ᠠ᠃ | ᠬᠤᠯᠪᠤᠭ᠎ᠠ ᠭᠠᠴᠠᠭ᠎ᠠ ᠶᠢᠨ ᠠᠷᠠᠳ ᠲᠤ ᠳᠦᠭᠦᠮ ᠦᠵᠡᠭᠦᠯᠭᠦ ᠵᠠᠮ ᠢ ᠰᠡᠯᠪᠢᠨ ᠵᠠᠰᠠᠬᠤ ᠲᠦᠷᠦᠯ ᠵᠦᠢᠯ ᠢ | ᠡᠬᠢᠯᠡᠭᠦᠯᠦᠭᠰᠡᠨ ᠨᠢ᠂ ᠮᠠᠨᠳᠣᠬᠤᠪᠤᠯᠠᠭ ᠪᠠᠯᠭᠠᠰᠣᠨ ᠤ ᠵᠠᠰᠠᠭ ᠤᠨ ᠣᠷᠳᠣᠨ ᠤ ᠠᠷᠠᠳ ᠤᠨ ᠠᠮᠢᠳᠤᠷᠠᠯ ᠢ | ᠠᠩᠬᠠᠷᠴᠤ᠂ ᠠᠷᠠᠳ ᠲᠦᠮᠡᠨ ᠳᠤ ᠪᠣᠳᠠᠲᠠᠢ ᠶᠠᠪᠤᠳᠠᠯ ᠬᠢᠵᠦ ᠪᠠᠶᠢᠬᠤ ᠶᠢᠨ ᠪᠣᠳᠠᠲᠦ ᠢᠯᠡᠷᠡᠯ ᠪᠤᠯᠤᠨ᠎ᠠ᠃ | ᠢᠷᠡᠭᠡᠳᠦᠢ ᠳᠤ᠂ ᠮᠠᠨᠳᠣᠬᠤᠪᠤᠯᠠᠭ ᠪᠠᠯᠭᠠᠰᠤ ᠰᠠᠭᠤᠷᠢ ᠳᠦᠬᠦᠭᠡᠷᠦᠮᠵᠢ ᠶᠢᠨ ᠪᠦᠲᠦᠭᠡᠨ ᠪᠠᠶᠢᠭᠤᠯᠤᠯᠳᠠ ᠶᠢᠨ | ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠦ᠂ ᠮᠠᠯᠴᠢᠳ ᠤᠨ ᠠᠮᠢᠳᠤᠷᠠᠯ ᠤᠨ ᠨᠦᠭᠦᠴᠠᠯ ᠢ ᠳᠠᠰᠤᠷᠠᠯᠲᠠ ᠦᠭᠡᠢ | ᠰᠠᠶᠢᠵᠢᠷᠠᠭᠤᠯᠵᠦ᠂ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠪᠠᠶᠢᠯᠳᠥᠬᠤ ᠪᠣᠳᠤᠯᠭ᠎ᠠ ᠶᠢᠨ | ᠬᠠᠷᠠᠯᠲᠠ ᠶᠢ ᠪᠡᠶᠡᠯᠡᠭᠦᠯᠬᠦ ᠶᠢᠨ ᠲᠦᠯᠥᠭᠡ ᠴᠢᠷᠮᠠᠶᠢᠨ ᠲᠡᠮᠡᠴᠡᠨ᠎ᠡ᠃ |