4 ᠰᠠᠷ᠎ᠠ ᠶᠢᠨ 28 ᠤ ᠡᠳᠦᠷ᠂ 2025 ᠣᠨ ᠤ ᠵᠡᠭᠦᠨ ᠦᠵᠦᠮᠦᠴᠢᠨ ᠬᠤᠰᠢᠭᠤᠨ ᠤ | 《 ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ 》 ᠶᠢᠨ ᠠᠵᠢᠯᠯᠠᠭᠠᠨ ᠤ ᠡᠬᠢᠯᠡᠯᠲᠡ | ᠶᠢᠨ ᠶᠣᠰᠣᠯᠠᠯ ᠡᠵᠢᠨᠠᠭᠤᠷ ᠪᠠᠯᠭᠠᠰᠤᠨ ᠳᠤ ᠶᠠᠪᠤᠭᠳᠠᠪᠠ ᠃ | ᠶᠣᠰᠣᠯᠠᠯ ᠳᠡᠭᠡᠷ᠎ᠡ᠂ ᠬᠤᠰᠢᠭᠤ ᠤᠯᠠᠭᠠᠨᠮᠥ᠋ᠴᠢᠷ ᠦᠨᠳᠦᠰᠦᠲᠡᠨ ᠤ ᠣᠨᠴᠠᠯᠢᠭ ᠪᠥᠬᠦᠶ ᠤᠷᠠᠨ ᠰᠠᠶᠢᠬᠠᠨ ᠤ | ᠲᠣᠭᠯᠠᠯᠲᠠ ᠭᠠᠷᠭᠠᠵᠤ᠂ ᠤᠬᠠᠭᠤᠯᠭ᠎ᠠ ᠶᠢᠨ ᠰᠠᠷ᠎ᠠ ᠳᠤ ᠰᠣᠶᠣᠯ ᠤᠨ ᠠᠮᠢᠵᠢᠷᠠᠯ ᠤᠨ ᠬᠦᠴᠦᠨ ᠨᠡᠮᠡᠷᠢᠯᠡᠭᠰᠡᠨ | ᠪᠠᠶᠢᠨ᠎ᠠ᠃ | ᠲᠠᠯ᠎ᠠ ᠨᠤᠲᠤᠭ ᠲᠤ ᠦᠨᠳᠦᠰᠦᠯᠡᠭᠰᠡᠨ ᠤᠳᠬ᠎ᠠ ᠤᠷᠠᠯᠢᠭ ᠤᠨ ᠬᠦᠩᠭᠡᠨ ᠮᠣᠷᠢᠲᠤ ᠴᠡᠷᠢᠭ ᠪᠣᠯᠤᠭᠰᠠᠨ ᠤ | ᠬᠤᠪᠢ ᠳᠤ᠂ ᠵᠡᠭᠦᠨ ᠦᠵᠦᠮᠦᠴᠢᠨ ᠬᠤᠰᠢᠭᠤᠨ ᠤ ᠤᠯᠠᠭᠠᠨᠮᠥ᠋ᠴᠢᠷ ᠤᠷᠲᠤ ᠬᠤᠭᠤᠴᠠᠭ᠎ᠠ ᠪᠠᠷ ᠦᠨᠳᠦᠰᠦᠨ | ᠱᠠᠲᠤᠨ ᠳᠤ ᠭᠦᠨᠵᠡᠭᠡᠶᠢᠷᠡᠵᠦ᠂ ᠪᠦᠬᠦ ᠬᠤᠰᠢᠭᠤᠨ ᠤ ᠰᠤᠮᠤ᠂ ᠭᠠᠴᠠᠭ᠎ᠠ ᠳᠤ ᠤᠯᠠ ᠮᠥᠷ ᠢᠶᠠᠨ ᠦᠯᠡᠳᠡᠭᠡᠵᠦ᠂ | ᠢᠮᠠᠭᠲᠠ ᠤᠯᠠᠨ ᠲᠦᠮᠡᠨ ᠤ ᠳᠤᠷ᠎ᠠ ᠪᠠᠬ᠎ᠠ ᠶᠢ ᠲᠠᠲᠠᠭᠰᠠᠨ ᠬᠡᠯᠪᠡᠷᠢ ᠪᠠᠷ ᠨᠠᠮ ᠤᠨ ᠳᠠᠭᠤᠨ ᠢ ᠳᠠᠮᠵᠢᠭᠤᠯᠵᠤ | ᠪᠠᠶᠢᠳᠠᠭ᠃ ᠲᠣᠭᠯᠠᠯᠲᠠ ᠳᠤ᠂ ᠤᠯᠠᠭᠠᠨᠮᠥ᠋ᠴᠢᠷ ᠤᠨ ᠲᠣᠭᠯᠠᠭᠴᠢᠳ ᠤᠨ ᠪᠣᠯᠪᠠᠰᠤᠷᠠᠨ ᠪᠡᠯᠡᠳᠬᠡᠭᠰᠡᠨ ᠪᠦᠵᠢᠭ᠂ | ᠬᠠᠮᠲᠤ ᠶᠢᠨ ᠳᠠᠭᠤᠤ᠂ ᠭᠤᠴᠤᠯᠠᠯ ᠳᠠᠭᠤᠤ᠂ ᠬᠦᠭᠡᠮᠡᠢ᠂ ᠮᠣᠷᠢᠨ ᠬᠤᠭᠤᠷ ᠤᠨ ᠠᠶᠠᠯᠭᠤ ᠵᠡᠷᠭᠡ ᠣᠯᠠᠨ | ᠲᠤᠭᠯᠠᠯᠲᠠ ᠪᠠᠷ ᠦᠵᠡᠭᠴᠢ ᠣᠯᠠᠨ ᠢᠶᠠᠨ ᠪᠠᠶᠠᠰᠬᠠᠵᠤ᠂ ᠭᠠᠷ ᠬᠤᠯᠪᠣᠨ ᠬᠦᠰᠡᠯ ᠵᠡᠭᠦᠳᠦ ᠪᠠᠨ ᠲᠡᠷᠭᠡᠯᠰᠢᠭᠦᠯᠬᠦ | ᠬᠦᠴᠦᠷᠬᠡᠭ ᠶᠡᠭᠡ ᠬᠦᠴᠦᠨ ᠢ ᠨᠢᠭᠲᠠᠷᠠᠭᠤᠯᠪᠠ᠃ ᠡᠲᠡᠭᠡᠷ ᠫᠷᠤᠭ᠍ᠷᠠᠮ ᠨᠢ ᠦᠵᠡᠯ ᠰᠠᠨᠠᠭᠠᠨ ᠤ ᠭᠦᠨᠴᠡ ᠲᠠᠢ | ᠮᠥᠷᠲᠡᠭᠡᠨ ᠤᠷᠠᠯᠢᠭ ᠤᠨ ᠨᠥᠯᠥᠭᠡᠯᠡᠬᠦ ᠬᠦᠴᠦᠨ ᠲᠠᠢ ᠪᠠᠶᠢᠵᠤ᠂ ᠲᠠᠯ᠎ᠠ ᠨᠤᠲᠤᠭ ᠤᠨ ᠰᠣᠶᠣᠯ ᠤᠨ ᠷᠢᠳᠢ ᠰᠢᠳᠢ ᠶᠢ | ᠢᠯᠡᠷᠡᠭᠦᠯᠦᠭᠰᠡᠨ ᠮᠥᠷᠲᠡᠭᠡᠨ ᠪᠠᠰᠠ ᠨᠠᠮ ᠤᠨ ᠦᠨᠳᠦᠰᠦᠲᠡᠨ ᠤ ᠲᠥᠷᠥ ᠶᠢᠨ ᠪᠣᠳᠣᠯᠭ᠎ᠠ ᠶᠢ ᠬᠥᠮᠦᠰ ᠤᠨ ᠰᠡᠳᠬᠢᠯ | ᠳᠤ ᠭᠦᠨ ᠬᠠᠳᠠᠩᠰᠢᠭᠤᠯᠵᠠᠶ ᠃ | ᠣᠶᠢᠯᠠᠭᠠᠭᠰᠠᠨ ᠢᠶᠠᠷ᠂ ︽ᠦᠨᠳᠦᠰᠦᠲᠡᠨ ᠤ ᠲᠥᠷᠥ ᠶᠢᠨ ᠪᠣᠳᠣᠯᠭ᠎ᠠ ᠶᠢ ᠤᠬᠠᠭᠤᠯᠬᠤ ᠰᠠᠷ᠎ᠠ︾ ᠶᠢᠨ | ᠬᠤᠭᠤᠴᠠᠭᠠᠨ ᠳᠤ᠂ ᠵᠡᠭᠦᠨ ᠦᠵᠦᠮᠦᠴᠢᠨ ᠬᠤᠰᠢᠭᠤ ᠪᠠᠰᠠ ᠲᠥᠷᠥ ᠶᠢᠨ ᠪᠣᠳᠣᠯᠭ᠎ᠠ ᠶᠢ ᠤᠬᠠᠭᠤᠯᠤᠨ | ᠲᠠᠶᠢᠯᠪᠤᠷᠢᠯᠠᠬᠤ᠂ ᠰᠣᠶᠣᠯ ᠢ ᠣᠶᠢᠯᠠᠭᠠᠬᠤ᠂ ᠠᠷᠠᠳ ᠲᠤ ᠠᠰᠢᠭ ᠬᠦᠷᠲᠡᠭᠡᠬᠦ ᠦᠶᠯᠡᠴᠢᠯᠡᠭᠡ ᠵᠡᠷᠭᠡ ᠰᠢᠷᠢᠰ | ᠠᠵᠢᠯᠯᠠᠭ᠎ᠠ ᠥᠷᠨᠢᠭᠦᠯᠵᠦ᠂ ᠦᠨᠳᠦᠰᠦᠲᠡᠨ ᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ | ᠭᠠᠷᠭᠠᠬᠤ ᠶᠢ ᠠᠬᠢᠭᠤᠯᠵᠤ᠂ ᠪᠥᠬᠦ ᠨᠡᠶᠢᠭᠡᠮ ᠢᠶᠠᠷ ᠢᠶᠠᠨ ᠦᠨᠳᠦᠰᠦᠲᠡᠨ ᠤ ᠪᠦᠯᠬᠦᠮᠳᠡᠯ ᠢ ᠬᠠᠮᠲᠤ ᠪᠠᠷ ᠬᠠᠮᠠᠭᠠᠯᠠᠬᠤ | ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠬᠤ ᠪᠣᠯᠤᠨ᠎ᠠ ᠃ | ᠲᠣᠰ ᠤᠳᠠᠭᠠᠨ ᠤ ᠤᠯᠠᠭᠠᠨᠮᠥ᠋ᠴᠢᠷ ᠤᠨ ᠲᠣᠭᠯᠠᠯᠲᠠ ᠨᠢ ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ | 《 ᠤᠳᠬ᠎ᠠ ᠤᠷᠠᠯᠢᠭ ᠤᠨ ᠢᠯᠡᠷᠬᠡᠶᠢᠯᠡᠯ 》 ᠪᠣᠯᠬᠤ ᠪᠠᠷ ᠪᠠᠷᠠᠬᠤ ᠥᠬᠡᠶ᠂ ᠨᠠᠩ ᠴᠤ ᠪᠦᠯᠬᠦᠮᠳᠡᠨ ᠲᠡᠮᠡᠴᠡᠬᠦ | ᠵᠣᠷᠢᠭ ᠰᠠᠨᠠᠭᠠᠨ ᠤ ᠢᠯᠡᠷᠬᠡᠶᠢᠯᠡᠯ ᠪᠣᠯᠤᠨ᠎ᠠ᠃ ᠲᠡᠷᠡ ᠨᠢ ᠤᠬᠠᠭᠤᠯᠭ᠎ᠠ ᠶᠢᠨ ᠰᠠᠷ᠎ᠠ ᠶᠢᠨ ᠠᠵᠢᠯᠯᠠᠭ᠎ᠠ ᠳᠤ ᠬᠦᠭ | ᠠᠶᠠᠰ ᠨᠡᠮᠡᠷᠢᠯᠡᠵᠦ᠂ ᠪᠦᠬᠦ ᠬᠤᠰᠢᠭᠤᠨ ᠤ ᠦᠨᠳᠦᠰᠦᠲᠡᠨ ᠨᠦᠭᠦᠳ ᠤᠨ ᠤᠯᠠᠨ ᠲᠦᠮᠡᠨ ᠤ ᠭᠠᠷ ᠬᠤᠯᠪᠣᠨ ᠰᠢᠨ᠎ᠡ | ᠠᠶᠠᠨ ᠳᠠᠭᠠᠨ ᠡᠷᠡᠯᠬᠡᠭᠯᠡᠨ ᠤᠷᠤᠭᠰᠢᠯᠠᠬᠤ ᠳᠤ ᠬᠦᠴᠦᠷᠬᠡᠭ ᠶᠡᠭᠡ ᠤᠶᠤᠨ ᠰᠠᠨᠠᠭᠠᠨ ᠤ ᠬᠦᠴᠦᠨ ᠴᠢᠳᠠᠯ ᠢ | ᠨᠢᠭᠲᠠᠷᠠᠭᠤᠯᠪᠠ ᠃ |