4 ᠰᠠᠷ᠎ᠠ ᠶᠢᠨ 28 ᠤ ᠡᠳᠦᠷ᠂ 2025 ᠣᠨ ᠤ ᠵᠡᠭᠦᠨ ᠦᠵᠦᠮᠦᠴᠢᠨ ᠬᠤᠰᠢᠭᠤᠨ ᠤ | 《 ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ 》 ᠶᠢᠨ ᠭᠤᠤᠯ ᠲᠠᠯᠠᠪᠤᠷ ᠤᠨ | ᠠᠵᠢᠯᠯᠠᠭ᠎ᠠ ᠡᠵᠢᠨᠠᠭᠤᠷ ᠪᠠᠯᠭᠠᠰᠤᠨ ᠳᠤ ᠶᠠᠪᠤᠭᠳᠠᠪᠠ ᠃ | ᠲᠣᠰ ᠤᠳᠠᠭᠠᠨ ᠤ ᠠᠵᠢᠯᠯᠠᠭ᠎ᠠ ᠶᠢ ᠬᠤᠰᠢᠭᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠨᠢᠭᠡᠳᠦᠮᠡᠯ | ᠹᠷᠣᠨᠲ ᠤᠨ ᠬᠡᠯᠲᠡᠰ᠂ ᠬᠤᠰᠢᠭᠤ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ᠂ ᠰᠤᠷᠭᠠᠨ ᠬᠥᠮᠦᠵᠢᠯ ᠤᠨ | ᠲᠣᠪᠴᠢᠶ᠎ᠠ᠂ ᠬᠠᠤᠯᠢ ᠴᠠᠭᠠᠵᠠ ᠶᠢᠨ ᠲᠣᠪᠴᠢᠶ᠎ᠠ ᠪᠣᠯᠤᠨ ᠡᠵᠢᠨᠠᠭᠤᠷ ᠪᠠᠯᠭᠠᠰᠤᠨ ᠤ ᠨᠠᠮ ᠤᠨ ᠬᠤᠷᠢᠶ᠎ᠠ᠂ ᠵᠠᠰᠠᠭ | ᠤᠨ ᠣᠷᠳᠣᠨ ᠬᠠᠮᠲᠤᠷᠠᠨ ᠡᠷᠭᠢᠯᠡᠪᠡ ᠃ | ᠲᠣᠰ ᠤᠳᠠᠭᠠᠨ ᠤ ᠠᠵᠢᠯᠯᠠᠭ᠎ᠠ ᠨᠢ 《 ᠰᠠᠬᠢᠨ ᠪᠡᠷᠡᠯᠡᠵᠦ ᠬᠠᠷᠢᠯᠴᠠᠨ ᠬᠠᠪᠰᠤᠷᠤᠯᠴᠠᠵᠤ᠂ ᠪᠦᠯᠬᠦᠮᠳᠡᠨ | ᠲᠡᠮᠡᠴᠡᠵᠦ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠪᠥᠬᠦ ᠲᠠᠯ᠎ᠠ ᠪᠠᠷ | ᠠᠬᠢᠭᠤᠯᠤᠶ᠎ᠠ 》 ᠭᠡᠬᠦ ᠭᠤᠤᠯ ᠰᠡᠳᠦᠪ ᠲᠤ ᠠᠩᠬᠠᠷᠤᠯ ᠢᠶᠠᠨ ᠲᠥᠪᠯᠡᠷᠡᠭᠦᠯᠵᠦ᠂ ᠡᠯᠪᠡᠭ ᠪᠠᠶᠠᠯᠢᠭ ᠠᠵᠢᠯᠯᠠᠭᠠᠨ ᠤ | ᠬᠡᠯᠪᠡᠷᠢ ᠪᠠᠷ ᠳᠠᠮᠵᠢᠭᠤᠯᠤᠨ᠂ ᠨᠠᠮ ᠤᠨ ᠦᠨᠳᠦᠰᠦᠲᠡᠨ ᠤ ᠣᠨᠣᠯ ᠤᠨ ᠲᠥᠷᠥ ᠶᠢᠨ ᠪᠣᠳᠣᠯᠭ᠎ᠠ ᠪᠠ ᠬᠠᠤᠯᠢ | ᠴᠠᠭᠠᠵᠠ ᠬᠠᠤᠯᠢ ᠲᠣᠭᠲᠠᠭᠠᠯ ᠢ ᠬᠥᠮᠦᠰ ᠤᠨ ᠰᠡᠳᠬᠢᠯ ᠳᠤ ᠬᠠᠳᠠᠩᠰᠢᠭᠤᠯᠬᠤ ᠶᠢ ᠳᠥᠯᠭᠢᠨ ᠠᠬᠢᠭᠤᠯᠵᠤ᠂ ᠪᠥᠬᠦ | ᠬᠤᠰᠢᠭᠤᠨ ᠤ ᠦᠨᠳᠦᠰᠦᠲᠡᠨ ᠨᠦᠭᠦᠳ ᠤᠨ ᠠᠷᠠᠳ ᠲᠦᠮᠡᠨ ᠤ ᠰᠠᠬᠢᠨ ᠪᠡᠷᠡᠯᠡᠵᠦ ᠬᠠᠷᠢᠯᠴᠠᠨ ᠬᠠᠪᠰᠤᠷᠤᠯᠴᠠᠬᠤ᠂ | ᠪᠦᠯᠬᠦᠮᠳᠡᠨ ᠲᠡᠮᠡᠴᠡᠬᠦ ᠬᠦᠴᠦᠷᠬᠡᠭ ᠶᠡᠭᠡ ᠨᠡᠶᠢᠯᠡᠮᠡᠯ ᠬᠦᠴᠦᠨ ᠢ ᠨᠢᠭᠲᠠᠷᠠᠭᠤᠯᠵᠤ᠂ ᠳᠤᠮᠳᠠᠳᠤ ᠶᠢᠨ ᠦᠨᠳᠦᠰᠦᠲᠡᠨ | ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠪᠥᠬᠦ ᠲᠠᠯ᠎ᠠ ᠪᠠᠷ ᠳᠥᠯᠭᠢᠨ ᠠᠬᠢᠭᠤᠯᠬᠤ᠂ ᠵᠡᠭᠦᠨ ᠦᠵᠦᠮᠦᠴᠢᠨ | ᠬᠤᠰᠢᠭᠤᠨ ᠤ 《 ᠨᠢᠭᠡ ᠭᠤᠤᠯ ᠱᠤᠭᠤᠮ ᠢ ᠲᠤᠭᠤᠰᠢᠯᠠᠭᠤᠯᠬᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ᠂ | ᠮᠣᠩᠭᠤᠯ ᠮᠣᠷᠢᠨ ᠤ ᠵᠣᠷᠢᠭ ᠰᠠᠨᠠᠭ᠎ᠠ ᠶᠢ ᠪᠠᠳᠠᠷᠠᠭᠤᠯᠬᠤ᠂ ᠰᠢᠨ᠎ᠡ ᠵᠠᠮ ᠨᠡᠭᠡᠭᠡᠨ᠂ ᠳᠤᠮᠳᠠ ᠶᠢᠨ ᠳᠥᠪᠰᠢᠨ ᠳᠤ | ᠣᠷᠤᠬᠤ 》 ᠠᠶᠠᠨ ᠵᠠᠮ ᠳᠤ ᠨᠠᠩ ᠶᠡᠭᠡ ᠠᠬᠢᠯᠲᠠ ᠲᠠᠢ ᠪᠣᠯᠬᠤ ᠳᠤ ᠬᠦᠴᠦᠨ ᠴᠢᠳᠠᠯ ᠢᠶᠠᠨ ᠡᠷᠭᠦᠬᠦ ᠪᠣᠯᠤᠨ᠎ᠠ ᠃ | | ᠠᠵᠢᠯᠯᠠᠭ᠎ᠠ ᠡᠬᠢᠯᠡᠮᠡᠭᠴᠡ᠂ ᠰᠦᠷ ᠵᠢᠪᠬᠤᠭᠠᠲᠤ 《 ᠵᠢᠷᠤᠮ ᠤᠨ ᠴᠡᠷᠢᠭ ᠤᠨ ᠤᠷᠤᠭᠰᠢᠯᠠᠯᠲᠠ ᠶᠢᠨ | ᠳᠠᠭᠤᠤ》 ᠴᠤᠤᠷᠢᠶᠠᠲᠤᠵᠤ᠂ ᠪᠦᠭᠦᠳᠡᠭᠡᠷ ᠤᠯᠤᠰ ᠤᠨ ᠲᠤᠭ ᠮᠠᠨᠳᠤᠭᠤᠯᠬᠤ ᠶᠤᠰᠤᠯᠠᠯ ᠳᠤ ᠤᠷᠤᠯᠴᠠᠯ᠎ᠠ ᠃ | ᠲᠤᠭ ᠮᠠᠨᠳᠤᠭᠤᠯᠬᠤ ᠶᠣᠰᠣᠯᠠᠯ ᠲᠡᠭᠦᠰᠦᠭᠰᠡᠨ ᠤ ᠳᠠᠷᠠᠭ᠎ᠠ᠂ ᠲᠤᠬᠠᠢ ᠶᠢᠨ ᠲᠠᠯᠠᠪᠠᠢ ᠳᠤ 《 ᠪᠢ ᠤᠯᠤᠰ | ᠤᠨ ᠲᠤᠭ ᠲᠠᠢ ᠬᠠᠮᠲᠤ ᠶᠢᠨ ᠰᠡᠭᠦᠳᠡᠷ ᠲᠠᠲᠠᠶ᠎ᠠ 》 ᠭᠡᠬᠦ ᠭᠤᠣᠯ ᠰᠡᠳᠦᠪᠲᠦ ᠠᠵᠢᠯᠯᠠᠭ᠎ᠠ ᠥᠷᠨᠢᠭᠦᠯᠪᠡ ᠃ | ᠡᠵᠢᠨᠠᠭᠤᠷ ᠪᠠᠯᠭᠠᠰᠤᠨ ᠤ ᠬᠠᠷᠠᠭᠠᠲᠤ ᠭᠠᠴᠠᠭᠠᠨ ᠤ ᠨᠠᠮ ᠤᠨ ᠡᠭᠦᠷ ᠤᠨ ᠱᠦᠵᠢ ᠮᠥᠩᠬᠡᠪᠠᠲᠤ ᠢᠯᠡᠳᠬᠡᠯ | ᠬᠢᠵᠦ᠂ 2008 ᠣᠨ ᠳᠤ ᠨᠤᠲᠤᠭ ᠲᠠᠭᠠᠨ ᠪᠤᠴᠠᠵᠤ ᠦᠨᠳᠦᠰᠦᠨ ᠱᠠᠲᠤᠨ ᠳᠤ ᠠᠵᠢᠯᠯᠠᠵᠤ᠂ ᠲᠡᠭᠦᠨ ᠤ | ᠳᠠᠭᠠᠭᠤᠯᠭ᠎ᠠ ᠳᠣᠤᠷ᠎ᠠ᠂ ᠡᠵᠢᠨᠠᠭᠤᠷ ᠪᠠᠯᠭᠠᠰᠤ ︽ᠡᠵᠢ ᠶᠢᠨ ᠭᠤᠪᠢ︾ ᠠᠮᠢᠳᠤ ᠮᠠᠯ ᠤᠨ ᠰᠣᠯᠢᠯᠴᠠᠭᠠᠨ ᠤ ᠵᠠᠬ᠎ᠠ | ᠳᠡᠯᠭᠡᠭᠦᠷ ᠢ ᠪᠠᠶᠢᠭᠤᠯᠵᠤ᠂ ︽ᠭᠠᠭᠴᠠᠭᠠᠷ ᠠᠵᠢᠯᠯᠠᠵᠤ ᠭᠠᠭᠴᠠᠭᠠᠷ ᠲᠡᠮᠡᠴᠡᠬᠦ︾ ᠶᠢ ︽ ᠬᠠᠮᠲᠤ ᠪᠠᠷ ᠬᠥᠭᠵᠢᠬᠦ︾ | ᠪᠣᠯᠭᠠᠨ ᠬᠤᠪᠢᠷᠠᠭᠤᠯᠵᠤ᠂ ᠵᠠᠬ᠎ᠠ ᠳᠡᠯᠭᠡᠭᠦᠷ ᠤᠨ ᠠᠷᠠᠯᠵᠢᠶᠠᠨ ᠤ ᠲᠤᠭ᠎ᠠ ᠶᠢ 10 ᠳ᠋ᠦᠩᠰᠢᠭᠤᠷ ᠲᠥᠭᠦᠷᠢᠭ | ᠪᠡᠶᠡᠯᠡᠭᠦᠯᠵᠦ᠂ ᠮᠠᠯᠴᠢᠳ ᠤᠨ ᠣᠷᠣᠯᠭ᠎ᠠ ᠶᠢ ᠨᠡᠮᠡᠭᠳᠡᠭᠦᠯᠪᠡ᠃ ᠪᠠᠰᠠ ᠭᠠᠴᠠᠭᠠᠨ ᠤ ᠲᠡᠵᠢᠭᠡᠯ ᠪᠣᠷᠳᠤᠭ᠎ᠠ | ᠪᠣᠯᠪᠠᠰᠤᠷᠠᠭᠤᠯᠬᠤ ᠦᠶᠯᠡᠳᠪᠦᠷᠢ ᠪᠠᠶᠢᠭᠤᠯᠵᠤ᠂ ᠭᠠᠴᠠᠭᠠᠨ ᠤ ᠮᠠᠯ ᠠᠵᠤ ᠠᠬᠤᠶ ᠶᠢᠨ ᠥᠪᠡᠷ ᠤᠨ ᠥᠷᠲᠡᠭ ᠢ | ᠪᠠᠭᠤᠷᠠᠭᠤᠯᠪᠡ᠃ ᠰᠢᠯᠢᠳᠡᠭ ᠴᠢᠳᠠᠪᠤᠷᠢᠲᠠᠨ ᠢ ᠰᠣᠩᠭᠤᠨ ᠭᠠᠴᠠᠭᠠᠨ ᠤ ᠡᠩᠨᠡᠭᠡ ᠶᠢ ᠲᠡᠭᠦᠯᠳᠡᠷᠵᠢᠭᠦᠯᠵᠦ᠂ ᠮᠠᠯᠵᠢᠬᠤ | ᠣᠷᠣᠨ ᠤ ᠬᠥᠭᠵᠢᠯᠲᠡ ᠶᠢᠨ ᠰᠢᠨ᠎ᠡ ᠬᠦᠴᠦᠨ ᠢ ᠪᠣᠶᠢᠵᠢᠭᠤᠯᠵᠤ᠂ ᠮᠠᠯᠴᠢᠳ ᠤᠨ ᠣᠷᠣᠯᠭ᠎ᠠ ᠶᠢ ᠨᠡᠮᠡᠭᠳᠡᠭᠦᠯᠬᠦ ᠪᠠ | ᠦᠨᠳᠦᠰᠦᠲᠡᠨ ᠤ ᠪᠦᠯᠬᠦᠮᠳᠡᠯ ᠤᠨ ᠠᠵᠢᠯ ᠳᠤ ᠨᠠᠨᠳᠢᠨ ᠲᠤᠷᠰᠢᠯᠭ᠎ᠠ ᠬᠠᠩᠭᠠᠭᠰᠠᠨ ᠲᠤᠬᠠᠢ ᠪᠠᠨ ᠬᠤᠪᠢᠶᠠᠯᠴᠠᠪᠠ᠃ | ᠬᠤᠰᠢᠭᠤ ᠤᠯᠠᠭᠠᠨᠮᠥ᠋ᠴᠢᠷ ᠤᠨ ᠲᠣᠭᠯᠠᠭᠴᠢᠳ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ | ᠶᠢᠨ ᠤᠬᠠᠮᠰᠠᠷ ᠢ ᠪᠠᠲᠤ ᠴᠣᠭᠴᠠᠯᠠᠬᠤ ᠭᠤᠤᠯ ᠰᠡᠳᠦᠪᠲᠦ ᠤᠷᠠᠨ ᠰᠠᠶᠢᠬᠠᠨ ᠤ ᠲᠣᠭᠯᠠᠯᠲᠠ ᠭᠠᠷᠭᠠᠵᠤ᠂ ᠡᠨᠡ ᠬᠦ | ᠲᠣᠭᠯᠠᠯᠲᠠ ᠨᠢ ᠦᠵᠡᠭᠴᠢᠳ ᠨᠢᠭᠡᠪᠦᠷᠢ ᠶᠢ ᠰᠣᠶᠣᠯ ᠤᠨ ᠠᠭᠤᠰᠤᠯᠴᠠᠯ ᠤᠨ ᠭᠤᠶᠢᠳᠠ ᠰᠠᠶᠢᠬᠠᠨ ᠬᠦᠭ ᠠᠶᠠᠰ | ᠳᠤᠮᠳᠠ ᠠᠭᠤᠰᠬᠠᠵᠠᠢ ᠃ | ᠲᠤᠬᠠᠶ ᠶᠢᠨ ᠲᠠᠯᠠᠪᠠᠶ ᠳᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ | ᠪᠠᠲᠤ ᠴᠣᠭᠴᠠᠯᠠᠬᠤ ᠠᠰᠠᠭᠤᠯᠲᠠ ᠬᠠᠷᠢᠭᠤᠯᠲᠠ ᠶᠢᠨ ᠱᠠᠩᠨᠠᠯᠲᠤ ᠤᠷᠤᠯᠳᠤᠭᠠᠨ ᠲᠣᠬᠢᠷᠠᠭᠤᠯᠵᠤ᠂ ᠣᠯᠠᠨ ᠲᠦᠮᠡᠨ | ᠢᠳᠡᠪᠬᠢᠲᠡᠶ ᠣᠷᠣᠯᠴᠠᠭᠰᠠᠨ ᠪᠠᠶᠢᠨ᠎ᠠ᠃ ᠬᠤᠰᠢᠭᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠨᠢᠭᠡᠳᠦᠮᠡᠯ | ᠹᠷᠣᠨᠲ ᠤᠨ ᠬᠡᠯᠲᠡᠰ᠂ ᠬᠤᠰᠢᠭᠤ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ᠂ ᠬᠠᠤᠯᠢ ᠴᠠᠭᠠᠵᠠ ᠶᠢᠨ ᠲᠣᠪᠴᠢᠶ᠎ᠠ | ᠂ ᠠᠷᠠᠳ ᠤᠨ ᠶᠠᠪᠤᠳᠠᠯ ᠤᠨ ᠲᠣᠪᠴᠢᠶ᠎ᠠ᠂ ᠰᠣᠶᠣᠯ ᠲᠠᠮᠢᠷ ᠤᠨ ᠲᠣᠪᠴᠢᠶ᠎ᠠ ᠵᠡᠷᠭᠡ ᠣᠯᠠᠨ ᠰᠠᠯᠠᠭ᠎ᠠ ᠮᠥᠴᠢᠷ | ᠬᠠᠮᠲᠤᠷᠠᠨ ᠦᠨᠳᠦᠰᠦᠲᠡᠨ ᠤ ᠲᠥᠷᠥ ᠶᠢᠨ ᠪᠣᠳᠣᠯᠭ᠎ᠠ ᠵᠢᠴᠢ ᠬᠠᠮᠢᠶ᠎ᠠ ᠪᠥᠬᠦᠶ ᠤᠬᠠᠭᠤᠯᠭ᠎ᠠ ᠶᠢᠨ ᠠᠵᠢᠯᠯᠠᠭ᠎ᠠ | ᠥᠷᠨᠢᠭᠦᠯᠵᠦ᠂ ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠮᠡᠳᠡᠯᠭᠡ ᠶᠢ ᠲᠦᠭᠡᠮᠡᠯᠵᠢᠭᠦᠯᠪᠡ᠃ ᠬᠤᠰᠢᠭᠤ | ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠵᠣᠬᠢᠶᠠᠨ ᠪᠠᠶᠢᠭᠤᠯᠤᠭᠰᠠᠨ ᠠᠯᠪᠠᠨ ᠵᠢᠷᠤᠮ ᠤᠨ ᠡᠮᠴᠢᠯᠡᠭᠡᠨ ᠤ | ᠠᠵᠢᠯᠯᠠᠭ᠎ᠠ ᠥᠷᠨᠢᠭᠦᠯᠵᠦ᠂ ᠲᠥᠬᠦᠮ ᠣᠶᠢᠯᠠᠭᠠᠮᠵᠢᠲᠠᠶ ᠦᠭᠡ ᠬᠡᠯᠡ ᠪᠠᠷ ᠡᠷᠡᠭᠦᠯ ᠮᠡᠨᠳᠦ ᠶᠢᠨ ᠮᠡᠳᠡᠯᠭᠡ ᠶᠢ | ᠲᠦᠭᠡᠮᠡᠯᠵᠢᠭᠦᠯᠵᠦ᠂ ᠲᠤᠰᠬᠠᠶ ᠮᠡᠷᠭᠡᠵᠢᠯ ᠤᠨ ᠡᠮᠴᠢᠯᠡᠭᠡᠨ ᠤ ᠦᠶᠯᠡᠴᠢᠯᠡᠭᠡ ᠪᠣᠯᠤᠨ ᠬᠠᠶᠢᠷ᠎ᠠ ᠬᠠᠯᠠᠮᠵᠢ ᠶᠢ ᠣᠯᠠᠨ | ᠲᠦᠮᠡᠨ ᠤ ᠳᠡᠷᠭᠡᠳᠡ ᠬᠦᠷᠭᠡᠪᠡ ᠃ | ᠠᠵᠢᠯᠯᠠᠭ᠎ᠠ ᠶᠢᠨ ᠡᠴᠦᠰ ᠲᠤ᠂ ᠬᠤᠷᠠᠯ ᠳᠤ ᠣᠷᠣᠯᠴᠠᠭᠰᠠᠳ ᠡᠵᠢᠨᠠᠭᠤᠷ ᠪᠠᠯᠭᠠᠰᠤᠨ ᠤ ᠦᠨᠳᠦᠰᠦᠲᠡᠨ ᠤ | ᠪᠦᠯᠬᠦᠮᠳᠡᠯ ᠤᠨ ᠬᠥᠮᠦᠵᠢᠯ ᠤᠨ ᠰᠠᠭᠤᠷᠢᠨ ᠭᠠᠵᠠᠷ ᠢ ᠲᠣᠭᠤᠷᠢᠨ ᠦᠵᠡᠪᠡ᠃ ᠰᠠᠭᠤᠷᠢᠨ ᠳᠤ ᠣᠷᠣᠪᠠᠯ᠂ | ᠲᠠᠶᠢᠯᠪᠤᠷᠢᠯᠠᠭᠴᠢ ᠠᠴᠠ ᠲᠤᠬᠠᠢ ᠶᠢᠨ ᠭᠠᠵᠠᠷ ᠤᠨ ᠤᠯᠠᠨ ᠦᠨᠳᠦᠰᠦᠲᠡᠨ ᠬᠠᠮᠲᠤ ᠪᠠᠷ ᠲᠡᠮᠡᠴᠡᠵᠦ᠂ ᠭᠡᠷ ᠣᠷᠣᠨ | ᠢᠶᠠᠨ ᠬᠠᠮᠲᠤ ᠪᠠᠷ ᠪᠦᠳᠦᠭᠡᠨ ᠪᠠᠶᠢᠭᠤᠯᠤᠭᠰᠠᠨ ᠦᠯᠢᠬᠡᠷ ᠢ ᠮᠠᠭᠲᠠᠨ ᠳᠠᠭᠤᠯᠠᠵᠤ᠂ ᠬᠤᠷᠠᠯ ᠳᠤ ᠣᠷᠣᠯᠴᠠᠭᠰᠠᠳ | ᠬᠢᠴᠢᠶᠡᠩᠭᠦᠶᠢᠯᠡᠨ ᠰᠣᠨᠣᠰᠴᠤ᠂ ᠲᠣᠭᠤᠷᠢᠨ ᠦᠵᠡᠵᠦ ᠪᠡᠶᠡᠴᠢᠯᠡᠨ ᠣᠶᠢᠯᠠᠭᠠᠬᠤ ᠳᠤᠮᠳᠠ᠂ ᠦᠨᠳᠦᠰᠦᠲᠡᠨ ᠤ | ᠪᠦᠯᠬᠦᠮᠳᠡᠯ ᠲᠠᠪᠰᠢᠯᠳᠠ ᠶᠢᠨ ᠦᠢᠯᠡᠰ ᠤᠨ ᠡᠯᠪᠡᠭ ᠪᠠᠶᠠᠯᠢᠭ ᠦᠷ᠎ᠡ ᠪᠦᠲᠦᠭᠡᠯ ᠢ ᠭᠦᠨᠵᠡᠭᠡᠢ ᠣᠶᠢᠯᠠᠭᠠᠵᠤ᠂ ᠨᠡᠩ | ᠴᠤ ᠦᠨᠳᠦᠰᠦᠲᠡᠨ ᠤ ᠰᠡᠷᠭᠦᠨ ᠮᠠᠨᠳᠤᠯᠲᠠ ᠶᠢᠨ ᠰᠢᠨ᠎ᠡ ᠬᠠᠭᠤᠳᠠᠰᠤ ᠶᠢ ᠭᠠᠷ ᠬᠤᠯᠪᠣᠨ ᠬᠠᠮᠲᠤ ᠪᠠᠷ ᠵᠢᠷᠤᠭᠯᠠᠬᠤ | ᠢᠲᠡᠭᠡᠯ ᠵᠣᠷᠢᠭ ᠢᠶᠠᠨ ᠪᠠᠲᠤᠳᠬᠠᠪᠠ ᠃ | ᠣᠶᠢᠷ᠎ᠠ ᠶᠢᠨ ᠵᠢᠯ ᠤᠳ ᠲᠤ᠂ ᠵᠡᠭᠦᠨ ᠦᠵᠦᠮᠦᠴᠢᠨ ᠬᠤᠰᠢᠭᠤ ᠶᠡᠷᠦᠩᠬᠡᠶ ᠱᠦᠵᠢ ᠰᠢ ᠶᠢᠨ ᠫᠢᠩ ᠤᠨ | ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠶᠢ ᠭᠦᠨᠵᠡᠭᠡᠶ | ᠰᠤᠷᠤᠯᠴᠠᠨ ᠲᠤᠭᠤᠰᠢᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ | ᠪᠠᠲᠤ ᠴᠣᠭᠴᠠᠯᠠᠬᠤ ᠡᠨᠡ ᠬᠦ ᠭᠤᠤᠯ ᠰᠢᠵᠢᠮ ᠲᠠᠢ ᠨᠢᠭᠲᠠ ᠤᠶᠠᠯᠳᠤᠭᠤᠯᠤᠨ᠂ ︽134︾ ᠦᠨᠳᠦᠰᠦᠲᠡᠨ ᠤ | ᠠᠵᠢᠯ ᠤᠨ ᠰᠢᠰᠲ᠋ᠧᠮ ᠢ ᠨᠠᠷᠢᠨ ᠨᠢᠮᠪᠠᠶ ᠪᠠᠶᠢᠭᠤᠯᠪᠠ ᠃ ︽ᠨᠢᠭᠡ ᠭᠤᠣᠯ ᠱᠤᠭᠤᠮ ︾ ᠤᠨ ᠲᠣᠭᠤᠷᠢᠨ ᠳᠤ᠂ | ᠵᠡᠭᠦᠨ ᠦᠵᠦᠮᠦᠴᠢᠨ ᠬᠤᠰᠢᠭᠤ ᠨᠢ ᠤᠯᠤᠰ ᠲᠥᠷᠥ ᠶᠢᠨ ᠵᠢᠯᠣᠭᠤᠳᠤᠮᠵᠢ ᠶᠢ ᠲᠡᠷᠢᠭᠦᠨ ᠪᠠᠶᠢᠷᠢᠨ ᠳᠤ ᠲᠠᠯᠪᠢᠵᠤ᠂ | ᠲᠤᠰᠬᠠᠢ ᠰᠡᠳᠦᠪᠲᠦ ᠰᠤᠷᠤᠯᠴᠠᠯᠭ᠎ᠠ ᠥᠷᠨᠢᠭᠦᠯᠬᠦ᠂ ᠪᠣᠯᠪᠠᠰᠤᠷᠠᠯ ᠢ ᠵᠣᠬᠢᠶᠠᠨ ᠪᠠᠶᠢᠭᠤᠯᠬᠤ ᠵᠡᠷᠭᠡ ᠠᠷᠭ᠎ᠠ ᠬᠡᠯᠪᠡᠷᠢ | ᠪᠠᠷ ᠳᠠᠮᠵᠢᠨ᠂ ᠡᠯ᠎ᠡ ᠱᠠᠲᠤᠨ ᠤ ᠺᠠᠳ᠋ᠷ ᠤᠨ ᠦᠨᠳᠦᠰᠦᠲᠡᠨ ᠤ ᠲᠥᠷᠦ ᠶᠢᠨ ᠪᠣᠳᠣᠯᠭ᠎ᠠ ᠶᠢ ᠣᠶᠢᠯᠭᠠᠨ ᠬᠡᠷᠡᠭᠵᠢᠭᠦᠯᠬᠦ | ᠶᠢ ᠴᠢᠩᠭᠠᠳᠬᠠᠵᠤ᠂ ᠡᠭᠦᠳᠦᠨ ᠪᠠᠶᠢᠭᠤᠯᠬᠤ ᠠᠵᠢᠯ ᠤᠨ ᠤᠯᠤᠰ ᠲᠥᠷᠦ ᠶᠢᠨ ᠰᠠᠭᠤᠷᠢ ᠶᠢ ᠪᠠᠬᠢᠵᠢᠭᠦᠯᠵᠦ᠂ | ᠦᠨᠳᠦᠰᠦᠲᠡᠨ ᠤ ᠠᠵᠢᠯ ᠤᠨ ᠢᠮᠠᠭᠲᠠ ᠵᠥᠪ ᠴᠢᠭᠯᠡᠯ ᠢᠶᠠᠷ ᠤᠷᠤᠭᠰᠢᠯᠠᠬᠤ ᠶᠢ ᠪᠠᠲᠤᠯᠠᠪᠠ ᠃ ︽ᠭᠤᠷᠪᠠᠨ | ᠵᠦᠶᠯ ᠤᠨ ᠲᠥᠯᠥᠪᠯᠡᠭᠡ︾ ᠶᠢ ᠨᠠᠶᠢᠳᠠᠪᠤᠷᠢᠵᠢᠭᠤᠯᠬᠤ ᠲᠠᠯ᠎ᠠ ᠪᠠᠷ᠂ ᠠᠵᠢᠯᠯᠠᠭᠠᠨ ᠤ ᠠᠴᠢᠶᠠᠯᠠᠪᠤᠷᠢ ᠶᠢ | ᠰᠠᠨᠠᠭᠠᠴᠢᠯᠠᠭ᠎ᠠ ᠠᠴᠠ ᠪᠠᠨ ᠪᠠᠶᠠᠯᠢᠭᠵᠢᠭᠤᠯᠵᠤ᠂ ᠪᠥᠬᠦ ᠲᠠᠯ᠎ᠠ ᠪᠠᠷ ᠬᠠᠷᠢᠯᠴᠠᠨ ᠰᠢᠭᠢᠳᠬᠡᠨ ᠠᠭᠤᠰᠤᠯᠴᠠᠭᠤᠯᠬᠤ | ᠮᠠᠶ᠋ᠢᠭ ᠤᠨ ᠨᠡᠶᠢᠭᠡᠮ ᠤᠨ ᠣᠷᠴᠢᠨ ᠲᠣᠭᠤᠷᠢᠨ ᠢ ᠪᠠᠶᠢᠭᠤᠯᠤᠨ᠎ᠠ᠃ ᠦᠨᠳᠦᠰᠦᠲᠡᠨ ᠨᠦᠭᠦᠳ ᠤᠨ ᠵᠠᠯᠠᠭᠤᠴᠤᠳ | ᠪᠠᠭᠠᠴᠤᠳ ᠤᠨ ᠰᠣᠯᠢᠯᠴᠠᠭ᠎ᠠ ᠶᠢ ᠢᠳᠡᠪᠬᠢᠲᠡᠢ ᠠᠬᠢᠭᠤᠯᠵᠤ᠂ ᠣᠷᠣᠨ ᠪᠦᠰᠡ ᠠᠯᠤᠰᠯᠠᠨ ᠰᠤᠳᠤᠯᠤᠨ ᠰᠤᠷᠤᠯᠴᠠᠬᠤ | ᠠᠵᠢᠯᠯᠠᠭ᠎ᠠ ᠶᠢ ᠵᠣᠬᠢᠶᠠᠨ ᠪᠠᠶᠢᠭᠤᠯᠤᠨ᠎ᠠ᠃ ᠦᠨᠳᠦᠰᠦᠲᠡᠨ ᠨᠦᠭᠦᠳ ᠤᠨ ᠣᠯᠠᠨ ᠲᠦᠮᠡᠨ ᠤ ᠬᠠᠷᠢᠯᠴᠠᠨ ᠰᠢᠭᠢᠳᠬᠡᠬᠦ | ᠮᠠᠶ᠋ᠢᠭ ᠤᠨ ᠬᠥᠭᠵᠢᠯᠲᠡ ᠶᠢ ᠠᠬᠢᠭᠤᠯᠵᠤ᠂ ᠠᠳᠠᠯᠢ ᠪᠤᠰᠤ ᠦᠨᠳᠦᠰᠦᠲᠡᠨ ᠤ ᠰᠠᠭᠤᠭᠠᠯᠢ ᠠᠷᠠᠳ ᠲᠤ | ᠠᠭᠤᠰᠤᠯᠴᠠᠨ ᠰᠠᠭᠤᠷᠢᠰᠢᠬᠤ᠂ ᠠᠵᠢᠯ ᠣᠯᠭᠤᠬᠤ ᠰᠠᠶᠢᠨ ᠰᠠᠶᠢᠬᠠᠨ ᠣᠷᠴᠢᠨ ᠲᠣᠭᠤᠷᠢᠨ ᠢ ᠬᠠᠩᠭᠠᠭᠨᠠ᠃ | ᠵᠢᠭᠤᠯᠴᠢᠯᠠᠯ ᠢᠶᠠᠷ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠬᠤ | ᠲᠥᠯᠥᠪᠯᠡᠭᠡ ᠶᠢ ᠬᠡᠷᠡᠭᠵᠢᠭᠦᠯᠵᠦ᠂ ᠲᠠᠯ᠎ᠠ ᠨᠤᠲᠤᠭ ᠤᠨ ᠣᠨᠴᠠᠯᠢᠭᠲᠤ ᠵᠢᠭᠤᠯᠴᠢᠯᠠᠯ ᠤᠨ ᠡᠬᠢ ᠪᠠᠶᠠᠯᠢᠭ ᠢ | ᠠᠰᠢᠭᠯᠠᠨ᠂ ᠡᠯ᠎ᠡ ᠭᠠᠵᠠᠷ ᠤᠨ ᠵᠢᠭᠤᠯᠴᠢᠯᠠᠭᠴᠢᠳ ᠢ ᠲᠠᠲᠠᠵᠤ᠂ ᠦᠨᠳᠦᠰᠦᠲᠡᠨ ᠤ ᠬᠤᠭᠤᠷᠣᠨᠳᠣᠬᠢ | ᠣᠶᠢᠯᠠᠭᠠᠯᠴᠠᠭ᠎ᠠ ᠪᠠ ᠨᠥᠬᠦᠷᠯᠡᠯ ᠢ ᠨᠡᠮᠡᠭᠳᠡᠭᠦᠯᠦᠨ᠎ᠡ ᠃ ᠡᠭᠦᠨ ᠤ ᠬᠠᠮᠲᠤ᠂ 《 ᠰᠤᠷᠭᠠᠨ ᠬᠥᠮᠦᠵᠢᠯ ᠤᠨ ᠰᠦᠭ | ᠰᠦᠨᠡᠰᠦ ᠶᠢ ᠱᠤᠭᠤᠬᠤ᠂ ᠨᠠᠮ ᠤᠨ ᠪᠠᠶᠢᠭᠤᠯᠤᠯᠲᠠ ᠪᠠᠷ ᠬᠢᠯᠢ ᠬᠢᠵᠠᠭᠠᠷ ᠢ ᠪᠠᠬᠢᠵᠢᠭᠦᠯᠬᠦ᠂ ᠬᠥᠭᠵᠢᠯᠲᠡ ᠪᠠᠷ ᠠᠷᠠᠳ | ᠢ ᠪᠠᠶᠠᠵᠢᠭᠤᠯᠬᠤ᠂ ᠠᠮᠢ ᠠᠬᠤᠢ ᠶᠢᠨ ᠰᠠᠭᠤᠷᠢ ᠶᠢ ᠴᠣᠭᠴᠠᠯᠠᠬᠤ 》 ᠳᠦᠷᠪᠡᠨ ᠶᠡᠭᠡ ᠰᠢᠰᠲ᠋ᠧᠮ ᠢ ᠨᠠᠷᠢᠨ ᠨᠢᠮᠪᠠᠢ | ᠪᠠᠶᠢᠭᠤᠯᠵᠤ᠂ ᠦᠨᠳᠦᠰᠦᠲᠡᠨ ᠤ ᠬᠡᠷᠡᠭ ᠶᠠᠪᠤᠳᠠᠯ ᠤᠨ ᠵᠠᠰᠠᠯᠲᠠ ᠶᠢᠨ ᠲᠦᠪᠰᠢᠨ ᠢ ᠳᠠᠰᠤᠷᠠᠯᠳᠠ ᠦᠭᠡᠢ | ᠳᠡᠭᠡᠭᠰᠢᠯᠡᠭᠦᠯᠵᠦ᠂ ᠪᠦᠬᠦ ᠬᠤᠰᠢᠭᠤᠨ ᠤ ᠦᠨᠳᠦᠰᠦᠲᠡᠨ ᠤ ᠪᠦᠯᠬᠦᠮᠳᠡᠯ ᠳᠠᠪᠰᠢᠯᠳᠠ ᠶᠢᠨ ᠦᠢᠯᠡᠰ ᠲᠤ ᠬᠦᠴᠦᠷᠬᠡᠭ | ᠶᠡᠭᠡ ᠬᠥᠳᠡᠯᠭᠡᠬᠦ ᠬᠦᠴᠦᠨ ᠨᠡᠮᠡᠷᠢᠯᠡᠪᠡ ᠃ | ᠬᠤᠰᠢᠭᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠨᠢᠭᠡᠳᠦᠮᠡᠯ ᠹᠷᠣᠨᠲ ᠤᠨ ᠬᠡᠯᠲᠡᠰ᠂ ᠬᠤᠰᠢᠭᠤ | ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ᠂ ᠬᠠᠤᠯᠢ ᠴᠠᠭᠠᠵᠠ ᠶᠢᠨ ᠲᠣᠪᠴᠢᠶ᠎ᠠ᠂ ᠠᠷᠠᠳ ᠤᠨ ᠶᠠᠪᠤᠳᠠᠯ ᠤᠨ | ᠲᠣᠪᠴᠢᠶ᠎ᠠ᠂ ᠰᠣᠶᠣᠯ ᠲᠠᠮᠢᠷ ᠤᠨ ᠲᠣᠪᠴᠢᠶ᠎ᠠ᠂ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ᠂ ᠡᠮᠡᠭᠲᠡᠶᠢᠴᠦᠳ | ᠤᠨ ᠬᠤᠯᠪᠣᠭ᠎ᠠ ᠵᠡᠷᠭᠡ ᠬᠤᠯᠪᠣᠭᠳᠠᠯ ᠪᠥᠬᠦᠶ ᠰᠠᠯᠠᠭ᠎ᠠ ᠮᠥᠴᠢᠷ᠂ ᠡᠵᠢᠨᠠᠭᠤᠷ ᠪᠠᠯᠭᠠᠰᠤᠨ ᠤ ᠺᠠᠳ᠋ᠷ ᠠᠵᠢᠯᠲᠠᠨ ᠵᠢᠴᠢ | ᠣᠯᠠᠨ ᠲᠦᠮᠡᠨ ᠤ ᠲᠥᠯᠥᠭᠡᠯᠡᠭᠴᠢ ᠵᠡᠷᠭᠡ ᠵᠠᠭᠤ ᠭᠠᠷᠤᠶ ᠬᠥᠮᠦᠨ ᠠᠵᠢᠯᠯᠠᠭ᠎ᠠ ᠳᠤ ᠤᠷᠤᠯᠴᠠᠵᠠᠢ᠃ |