ᠰᠢ ᠶᠢᠨ ᠫᠢᠩ ᠶᠡᠷᠦᠩᠬᠡᠶ ᠱᠦᠵᠢ ᠶᠢᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ | ᠴᠢᠬᠤᠯᠠ ᠦᠵᠡᠯ ᠰᠠᠨᠠᠭ᠎ᠠ ᠵᠢᠴᠢ ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠬᠥᠬᠢᠭᠦᠯᠦᠨ | ᠰᠠᠶᠢᠰᠢᠶᠠᠬᠤ ᠶᠡᠭᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠡᠯ᠎ᠡ ᠦᠨᠳᠦᠰᠦᠲᠡᠨ ᠤ ᠪᠦᠯᠬᠦᠮᠳᠡᠯ᠂ ᠡᠶ᠎ᠡ ᠵᠣᠬᠢᠴᠠᠯ᠂ ᠲᠣᠭᠲᠠᠭᠤᠨ ᠪᠠᠶᠢᠳᠠᠯ ᠤᠨ ᠭᠦᠨ | ᠵᠤᠵᠠᠭᠠᠨ ᠠᠭᠤᠷ ᠠᠮᠢᠰᠬᠤᠯ ᠢ ᠪᠥᠬᠦ ᠬᠦᠴᠦᠨ ᠢᠶᠠᠷ ᠢᠶᠠᠨ ᠪᠣᠶ ᠪᠣᠯᠭᠠᠬᠤ ᠶᠢᠨ ᠲᠥᠯᠥᠭᠡ᠂ 4 ᠰᠠᠷ᠎ᠠ ᠶᠢᠨ 28 ᠤ | ᠡᠳᠦᠷ᠂ ᠠᠯᠲᠠᠨᠬᠢᠯᠢ ᠰᠤᠮᠤ ᠨᠢ ᠪᠦᠯᠢᠶᠠᠨ ᠭᠠᠴᠠᠭᠠᠨ ᠤ ᠨᠠᠮ ᠤᠨ ᠭᠡᠰᠢᠭᠦᠨ ᠭᠤᠤᠯᠯᠠᠬᠤ ᠡᠷᠦᠬᠡ ᠳᠤ ᠬᠦᠨᠵᠡᠬᠡᠶᠢᠷᠠᠨ | ︽ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ᠂ ᠪᠦᠯᠬᠦᠮᠳᠡᠨ ᠲᠡᠮᠡᠴᠡᠵᠦ᠂ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠪᠥᠬᠦ ᠲᠠᠯ᠎ᠠ ᠪᠠᠷ ᠠᠬᠢᠭᠤᠯᠤᠶ᠎ᠠ︾ ᠭᠤᠤᠯ ᠰᠠᠲᠤᠪᠲᠤ | ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ ᠶᠢᠨ ᠡᠬᠢᠯᠡᠯᠲᠡ ᠶᠢᠨ ᠶᠤᠰᠤᠯᠠᠯ ᠢ | ᠡᠷᠬᠢᠯᠡᠨ ᠶᠠᠪᠤᠭᠳᠠᠭᠤᠯᠪᠠ᠃ | ᠬᠦᠲᠠᠯᠬᠡᠬᠡᠨ ᠳᠤ᠂ ᠬᠤᠰᠢᠭᠤ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠳᠡᠳ᠋ ᠵᠠᠬᠢᠷᠤᠯ᠂ ᠳᠤᠮᠳᠠ | ᠵᠡᠷᠭᠡ ᠶᠢᠨ ᠯᠧᠺᠲ᠋ᠣᠷ ᠵᠤᠷᠢᠭᠲᠤ ᠪᠠᠭᠰᠢ ᠶᠢ ᠤᠷᠢᠵᠤ᠂ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠤ ᠴᠤᠭᠴᠠᠯᠠᠬᠤ︾ ᠪᠠᠷ ᠭᠤᠣᠯ ᠰᠡᠳᠦᠪ ᠪᠣᠯᠭᠠᠵᠤ᠂ ︽ᠵᠢᠷᠭᠤᠭᠠᠨ | ᠥᠭᠦᠯᠡᠪᠦᠷᠢ ᠶᠢᠨ ᠪᠣᠳᠠᠲᠤ ᠶᠠᠪᠤᠳᠠᠯ ᠪᠠ ᠶᠣᠰᠣ ᠤᠴᠢᠷ︾ ᠤᠨ ᠲᠣᠭᠤᠷᠢᠨ ᠳᠤ᠂ ᠠᠬᠤᠢ ᠪᠠᠶᠢᠳᠠᠯ ᠤᠨ ᠠᠴᠢ | ᠬᠤᠯᠪᠣᠭᠳᠠᠯ᠂ ᠰᠢᠨᠵᠢᠯᠡᠬᠦ ᠤᠬᠠᠭᠠᠨᠴᠢ ᠠᠭᠤᠯᠤᠭᠳᠠᠬᠤᠨ᠂ ᠦᠢᠯᠡᠳᠦᠯᠭᠡ ᠶᠢᠨ ᠬᠡᠷᠡᠭᠯᠡᠯᠲᠡ᠂ ᠦᠵᠡᠯ ᠰᠠᠨᠠᠭᠠᠨ ᠤ | ᠮᠡᠳᠡᠷᠡᠮᠵᠢ ᠵᠡᠷᠭᠡ ᠲᠠᠯ᠎ᠠ ᠪᠠᠷ ᠨᠠᠷᠢᠨ ᠲᠠᠶᠢᠯᠤᠮᠵᠢ ᠬᠢᠵᠦ᠂ ᠠᠮᠢᠳᠤᠯᠢᠭ ᠬᠡᠷᠡᠭ ᠤᠨ ᠵᠢᠱᠢᠶ᠎ᠡ᠂ ᠨᠠᠷᠢᠨ ᠪᠣᠳᠠᠲᠠᠢ | ᠲᠤᠭ᠎ᠠ ᠪᠠᠷᠢᠮᠲᠠ ᠪᠠᠷ ᠳᠠᠮᠵᠢᠭᠤᠯᠤᠨ᠂ ᠣᠯᠠᠨ ᠲᠦᠮᠡᠨ ᠳᠤ ᠦᠨᠳᠦᠰᠦᠲᠡᠨ ᠤ ᠠᠵᠢᠯ ᠤᠨ ᠴᠢᠬᠤᠯᠠ ᠠᠴᠢ | ᠬᠤᠯᠪᠣᠭᠳᠠᠯ ᠤᠶᠢᠯᠠᠭᠤᠯᠪᠠ᠃ | ᠬᠦᠲᠠᠯᠬᠡᠬᠡᠨ ᠤ ᠠᠬᠤᠢ ᠲᠠᠯᠠᠪᠠᠢ ᠳᠤ᠂ ︽ᠪᠢ ᠤᠯᠤᠰ ᠤᠨ ᠲᠤᠭ ᠲᠠᠢ ᠬᠠᠮᠲᠤ ᠰᠠᠬᠦᠲᠠᠷᠯᠠᠵᠤ᠂ | ᠦᠨᠳᠦᠰᠦᠲᠡᠨ ᠤ ᠪᠦᠯᠬᠦᠮᠳᠡᠯ ᠤᠨ ᠨᠣᠮ ᠢ ᠬᠠᠮᠲᠤ ᠪᠠᠷ ᠤᠩᠰᠢᠶ᠎ᠠ︾ ᠠᠵᠢᠯᠯᠠᠭ᠎ᠠ ᠥᠷᠨᠢᠭᠦᠯᠵᠤ᠂ ᠨᠠᠮ ᠤᠨ | ᠬᠤᠷᠢᠶᠠᠨ ᠤ ᠱᠦᠵᠢ ᠳᠠᠭᠠᠭᠤᠯᠤᠨ ᠤᠩᠰᠢᠬᠤ᠂ ᠨᠠᠮ ᠤᠨ ᠡᠭᠦᠷ ᠤᠨ ᠱᠦᠵᠢ ᠲᠦᠷᠤᠬᠦᠯᠤᠨ ᠤᠩᠰᠢᠬᠤ᠂ ᠣᠯᠠᠨ | ᠲᠦᠮᠡᠨ ᠥᠪᠡᠷ ᠢᠶᠠᠨ ᠤᠩᠰᠢᠬᠤ᠂ ᠺᠡᠳ᠋ᠴᠤᠤᠨ ᠰᠤᠳᠤᠯᠤᠨ ᠤᠩᠰᠢᠬᠤ ᠵᠡᠷᠭᠡ ᠠᠷᠭ᠎ᠠ ᠪᠠᠷ ᠺᠠᠳ᠋ᠷ ᠣᠯᠠᠨ ᠲᠦᠮᠡᠨ ᠤ | ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠠᠬᠢ ᠬᠠᠶᠢᠷ᠎ᠠ ᠬᠠᠯᠠᠮᠵᠢ ᠪᠠ ᠬᠦᠰᠡᠯ ᠨᠠᠶᠢᠳᠠᠯᠭ᠎ᠠ ᠶᠢ | ᠤᠯᠠᠮ ᠨᠢᠭᠡ ᠠᠯᠬᠤᠮ ᠤᠶᠢᠯᠠᠭᠤᠯᠵᠤ᠂ ︽ᠵᠢᠷᠭᠤᠭᠠᠨ ᠥᠭᠦᠯᠡᠪᠦᠷᠢ ᠶᠢᠨ ᠪᠣᠳᠠᠲᠤ ᠶᠠᠪᠤᠳᠠᠯ ᠪᠠ ᠶᠣᠰᠣ ᠤᠴᠢᠷ︾ | ᠢ ᠭᠦᠨᠵᠡᠭᠡᠢ ᠲᠠᠨᠢᠵᠤ᠂ ᠦᠨᠳᠦᠰᠦᠲᠡᠨ ᠤ ᠪᠦᠯᠬᠦᠮᠳᠡᠯ ᠪᠠ ᠨᠡᠶᠢᠭᠡᠮ ᠤᠨ ᠲᠣᠭᠲᠠᠭᠤᠨ ᠢ ᠤᠬᠠᠮᠰᠠᠷ ᠠᠴᠠ ᠪᠠᠨ | ᠬᠠᠮᠠᠭᠠᠯᠠᠵᠤ᠂ ᠪᠣᠳᠠᠲᠤ ᠠᠵᠢᠯᠯᠠᠭ᠎ᠠ ᠪᠠᠷ ᠢᠶᠠᠨ ︽ᠬᠤᠶᠠᠷ ᠢ ᠬᠠᠮᠠᠭᠠᠯᠠᠬᠤ︾ ᠶᠢ ᠦᠢᠯᠡᠳᠦᠯᠭᠡᠵᠢᠭᠦᠯᠵᠦ᠂ ᠰᠢ ᠶᠢᠨ | ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠲᠤᠰᠢᠶᠠᠭᠰᠠᠨ ︽ᠲᠠᠪᠤᠨ ᠶᠡᠭᠡ ᠡᠭᠦᠷᠭᠡ︾ ᠶᠢ ᠰᠠᠶᠢᠲᠤᠷ | ᠪᠡᠶᠡᠯᠡᠭᠦᠯᠬᠦ ᠪᠠ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ ᠬᠤᠶᠠᠷ ᠶᠡᠭᠡ | ᠶᠠᠪᠤᠳᠠᠯ ᠢ ᠰᠠᠶᠢᠲᠤᠷ ᠪᠡᠶᠡᠯᠡᠭᠦᠯᠬᠦ ᠳᠤ ᠬᠦᠴᠦᠨ ᠴᠢᠳᠠᠯ ᠢᠶᠠᠨ ᠡᠷᠭᠦᠨ᠎ᠡ᠃ | ᠲᠤᠰ ᠤᠲᠠᠭᠠᠨ ᠤ ᠠᠵᠢᠯᠯᠠᠭ᠎ᠠ ᠶᠢ ᠠᠮᠵᠢᠯᠲᠠ ᠲᠠᠢ ᠡᠷᠬᠢᠯᠡᠭᠰᠡᠡ ᠨᠢ ᠠᠯᠲᠠᠨᠬᠢᠯᠢ ᠰᠤᠮᠤᠨ ᠤ | ᠦᠨᠳᠦᠰᠦᠲᠡᠨ ᠤ ᠲᠦᠷᠦ ᠶᠢᠨ ᠪᠤᠳᠤᠯᠭ᠎ᠠ ᠪᠣᠯᠤᠨ ᠬᠠᠤᠯᠢ ᠴᠠᠭᠠᠵᠠ ᠳᠦᠷᠢᠮ ᠲᠣᠭᠲᠠᠭᠠᠯ ᠤᠨ ᠤᠬᠠᠭᠤᠯᠭ᠎ᠠ | ᠬᠥᠮᠦᠵᠢᠯ ᠢ ᠴᠢᠩᠭᠠᠳᠬᠠᠬᠤ ᠳᠤ ︽ᠡᠬᠢᠯᠡᠯᠲᠡ ᠶᠢᠨ ᠳᠠᠷᠤᠪᠴᠢ︾ ᠶᠢ ᠳᠠᠷᠤᠭᠰᠠᠨ ᠢᠶᠠᠷ ᠪᠠᠷᠠᠬᠤ ᠦᠭᠡᠢ᠂ | ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠬᠥᠮᠦᠵᠢᠯ ᠢ ᠭᠦᠨᠵᠡᠭᠡᠶᠢᠷᠡᠭᠦᠯᠬᠦ ᠴᠢᠬᠤᠯᠠ ᠠᠵᠠ ᠲᠣᠬᠢᠶᠠᠯ ᠪᠣᠯᠵᠠᠢ᠃ | ᠲᠡᠷᠡ ᠨᠢ ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ ᠤ ᠦᠨᠳᠦᠰᠦᠲᠡᠨ ᠢᠶᠠᠨ ᠮᠡᠳᠡᠷᠡᠬᠦ ᠰᠡᠳᠬᠢᠯᠭᠡ ᠶᠢ | ᠨᠡᠮᠡᠭᠳᠡᠭᠦᠯᠦᠭᠰᠡᠨ ᠢᠶᠠᠷ ᠪᠠᠷᠠᠬᠤ ᠦᠭᠡᠢ᠂ ᠤᠯᠠᠨ ᠤ ᠤᠬᠠᠮᠰᠠᠷ ᠠᠴᠠ ᠪᠠᠨ ᠦᠨᠳᠦᠰᠦᠲᠡᠨ ᠤ ᠪᠦᠯᠬᠦᠮᠳᠡᠯ ᠢ | ᠬᠠᠮᠠᠭᠠᠯᠠᠬᠤ᠂ ᠤᠯᠤᠰ ᠣᠷᠣᠨ ᠤ ᠲᠠᠪᠰᠢᠯᠳᠠ ᠶᠢ ᠠᠬᠢᠭᠤᠯᠬᠤ ᠬᠠᠷᠢᠭᠤᠴᠠᠯᠭᠠᠲᠤ ᠰᠡᠳᠬᠢᠯᠭᠡ ᠪᠣᠯᠤᠨ ᠡᠭᠦᠷᠭᠡᠲᠦ | ᠰᠡᠳᠬᠢᠯᠭᠡ ᠶᠢ ᠤᠯᠠᠮ ᠨᠢᠭᠡ ᠠᠯᠬᠤᠮ ᠰᠡᠩᠬᠡᠷᠡᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠠᠬᠢᠭᠤᠯᠬᠤ ᠳᠤ ᠬᠦᠴᠦᠷᠬᠡᠭ ᠶᠡᠭᠡ ᠬᠥᠳᠡᠯᠭᠡᠬᠦ ᠬᠦᠴᠦᠨ | ᠨᠡᠮᠡᠷᠢᠯᠡᠭᠰᠡᠨ ᠪᠠᠶᠢᠨ᠎ᠠ᠃ | ᠬᠤᠰᠢᠭᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ᠤᠨ ᠳᠡᠳ᠋ ᠳᠠᠷᠤᠭ᠎ᠠ ᠲᠠᠯᠢᠨᠲᠤᠶᠠᠭᠠ᠂ | ᠬᠤᠸᠠ ᠶᠢᠦ ᠪᠤᠯᠠᠭ ᠤᠨ ᠠᠵᠢᠯᠯᠠᠬᠤ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠬᠤᠸᠠ ᠫᠧᠩ᠂ ᠡᠵᠢᠨᠠᠭᠤᠷ | ᠳᠠᠪᠤᠰᠤ ᠦᠢᠯᠡᠳᠬᠦ ᠬᠢᠵᠠᠭᠠᠷᠲᠤ ᠺᠣᠮᠫᠠᠨᠢ ᠶᠢᠨ ᠨᠠᠮ ᠤᠨ ᠬᠤᠷᠢᠶᠠᠨ ᠤ ᠳᠡᠳ᠋ ᠱᠦᠵᠢ ᠯᠢᠦ ᠪᠢᠨ᠂ ᠪᠦᠯᠢᠶᠡᠨ | ᠭᠠᠴᠠᠭᠠᠨ ᠤ ᠨᠢᠭᠡᠳᠦᠭᠡᠷ ᠱᠦᠵᠢ ᠸᠧᠨ ᠵᠧᠨ ᠵᠢᠶᠠᠩ ᠵᠢᠴᠢ ᠰᠤᠮᠤᠨ ᠤ ᠨᠠᠮ ᠵᠠᠰᠠᠭ ᠤᠨ ᠤᠳᠤᠷᠢᠳᠬᠤ ᠪᠠᠭ ᠤᠨ | ᠭᠡᠰᠢᠭᠦᠳ ᠲᠣᠰ ᠤᠳᠠᠭᠠᠨ ᠤ ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃ |