ᠮᠠᠯ ᠡᠮᠨᠡᠯᠭᠡ ᠶᠢᠨ ᠤᠯᠠᠨ ᠨᠡᠶᠢᠲᠡ ᠶᠢᠨ ᠦᠢᠯᠡᠴᠢᠯᠡᠭᠡ ᠪᠣᠯᠣᠨ ᠠᠮᠢᠲᠠᠨ ᠤ ᠬᠢᠵᠢᠭ ᠡᠪᠡᠳᠴᠢᠨ ᠢ | ᠰᠡᠷᠭᠡᠶᠢᠯᠡᠨ ᠡᠵᠡᠮᠳᠡᠬᠦ ᠴᠢᠳᠠᠪᠤᠷᠢ ᠶᠢ ᠪᠦᠲᠦᠮᠵᠢᠲᠡᠢ ᠳᠡᠭᠡᠭᠰᠢᠯᠡᠭᠦᠯᠬᠦ ᠶᠢᠨ ᠲᠥᠯᠥᠭᠡ᠂ 4 ᠰᠠᠷ᠎ᠠ ᠶᠢᠨ 29 ᠤ | ᠡᠳᠦᠷ᠂ ᠠᠯᠲᠠᠨᠬᠢᠯᠢ ᠰᠤᠮᠤ ᠨᠢ ᠮᠠᠯ ᠡᠮᠨᠡᠯᠭᠡ ᠶᠢᠨ ᠨᠡᠶᠢᠭᠡᠮᠴᠢᠯᠡᠭᠰᠡᠨ ᠦᠢᠯᠡᠴᠢᠯᠡᠭᠡ ᠶᠢ ᠤᠷᠢᠨ ᠠᠪᠴᠢᠷᠠᠬᠤ | ᠭᠡᠷ᠎ᠡ ᠳᠤᠭᠲᠠᠬᠤ ᠶᠤᠰᠤᠯᠠᠯ ᠶᠠᠪᠤᠭᠳᠠᠭᠤᠯᠪᠠ᠃ | ᠶᠣᠰᠣᠯᠠᠯ ᠳᠡᠭᠡᠷ᠎ᠡ ᠠᠯᠲᠠᠨᠬᠢᠯᠢ ᠰᠤᠮᠤ ᠨᠢ ᠪᠠᠶᠠᠨᠬᠠᠩᠭᠠᠢ ᠭᠠᠴᠠᠭᠠᠨ ᠤ ᠬᠤᠪᠢᠴᠠᠭᠠᠳᠤ ᠠᠵᠤ ᠠᠬᠤᠢ ᠶᠢᠨ | ᠬᠤᠷᠰᠢᠶᠠᠵᠢᠯ ᠲᠠᠢ 2025 ᠣᠨ ᠤ ᠮᠠᠯ ᠡᠮᠨᠡᠯᠭᠡ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠭᠡᠷ᠎ᠡ ᠳᠤ ᠭᠠᠷ ᠤᠨ | ᠦᠰᠦᠭ ᠵᠢᠷᠤᠵᠤ᠂ ᠬᠢᠵᠢᠭ ᠢ ᠰᠡᠷᠭᠡᠶᠢᠯᠡᠬᠦ᠂ ᠠᠷᠢᠭᠤᠳᠬᠠᠬᠤ᠂ ᠳᠠᠬᠤᠯ ᠤᠨ ᠪᠠᠶᠢᠴᠠᠭᠠᠯᠳᠠ᠂ ᠦᠯᠢᠭᠡᠷ ᠡᠳ᠋ | ᠠᠪᠬᠤ᠂ ᠳᠤᠰᠬᠠᠢ ᠮᠡᠷᠭᠡᠵᠢᠯ ᠤᠨ ᠪᠤᠯᠪᠠᠰᠤᠷᠠᠯ᠂ ᠬᠠᠮᠵᠢᠯᠴᠠᠨ ᠠᠮᠢᠳᠠᠨ ᠤ ᠬᠢᠵᠢᠭ ᠤᠨ ᠭᠡᠷᠡᠴᠢ ᠬᠠᠩᠭᠠᠬᠤ ᠵᠡᠷᠭᠡ | ᠦᠢᠯᠡᠴᠢᠯᠡᠭᠡᠨ ᠤ ᠲᠦᠷᠦᠯ ᠢ ᠵᠠᠰᠠᠭ ᠤᠨ ᠣᠷᠳᠣᠨ ᠤ ᠬᠤᠳᠠᠯᠳᠤᠨ ᠠᠪᠬᠤ ᠨᠡᠶᠢᠭᠡᠮᠴᠢᠯᠡᠭᠰᠡᠨ ᠦᠢᠯᠡᠴᠢᠯᠡᠭᠡᠨ ᠤ | ᠲᠦᠷᠦᠯ ᠵᠦᠢᠯ ᠳᠤ ᠤᠷᠤᠭᠤᠯᠵᠤ᠂ ᠬᠠᠮᠲᠤ ᠳᠤ ᠨᠢ ᠬᠤᠨᠢ ᠤᠭᠢᠶᠠᠬᠤ᠂ ᠬᠤᠷᠣᠬᠠᠢ ᠲᠠᠭᠤᠬᠤ᠂ ᠮᠡᠰᠡ ᠵᠠᠰᠠᠯ | ᠵᠡᠷᠭᠡ ᠲᠥᠯᠥᠪᠦᠷᠢᠲᠦ ᠦᠢᠯᠡᠴᠢᠯᠡᠭᠡᠨ ᠤ ᠬᠦᠷᠢᠶ᠎ᠡ ᠬᠡᠪᠴᠢᠶ᠎ᠡ ᠶᠢ ᠥᠷᠭᠡᠳᠬᠡᠵᠡᠢ᠃ | ᠳᠠᠷᠠᠭᠠᠴᠢ ᠶᠢᠨ ᠠᠯᠬᠤᠮ ᠳᠤ᠂ ᠠᠯᠲᠠᠨᠬᠢᠯᠢ ᠰᠤᠮᠤ ᠨᠢ ᠵᠠᠰᠠᠭ ᠤᠨ ᠣᠷᠳᠣᠨ ᠤ ᠡᠭᠦᠷᠭᠡ ᠴᠢᠳᠠᠪᠬᠢ ᠶᠢᠨ | ᠬᠤᠪᠢᠷᠠᠭᠤᠯᠤᠯᠲᠠ ᠶᠢ ᠦᠷᠭᠦᠯᠵᠢᠯᠡᠨ ᠠᠬᠢᠭᠤᠯᠵᠤ᠂ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ | ᠬᠠᠮᠢᠶᠠᠷᠤᠯᠲᠠ ᠶᠢ ᠴᠢᠩᠭᠠᠳᠬᠠᠨ᠂ ᠬᠢᠨᠠᠯᠲᠠ ᠲᠠᠯᠪᠢᠬᠤ ᠡᠷᠴᠢᠮ ᠢᠶᠠᠨ ᠴᠢᠩᠭᠠᠷᠠᠭᠤᠯᠤᠨ᠂ ᠵᠠᠰᠠᠭ ᠤᠨ ᠣᠷᠳᠣᠨ | ᠬᠢᠭᠡᠳ ᠮᠠᠯ ᠡᠮᠨᠡᠯᠭᠡ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠲᠠᠯ᠎ᠠ ᠶᠢᠨ ᠠᠵᠢᠯ ᠤᠨ ᠬᠤᠪᠢᠶᠠᠷᠢᠯᠠᠯ ᠢ | ᠲᠣᠳᠣᠷᠬᠠᠶᠢᠯᠠᠵᠤ᠂ ᠡᠯ᠎ᠡ ᠭᠠᠴᠠᠭᠠᠨ ᠤ ᠬᠠᠷᠢᠶ᠎ᠠ ᠭᠠᠵᠠᠷ ᠤᠨ ᠬᠠᠮᠢᠶᠠᠷᠤᠯᠲᠠ ᠶᠢ ᠴᠢᠩᠭᠠᠷᠠᠭᠤᠯᠤᠨ᠂ ᠮᠠᠯᠵᠢᠬᠤ | ᠡᠷᠦᠬᠡ ᠶᠢᠨ ᠬᠢᠵᠢᠭ ᠢ ᠰᠡᠷᠭᠡᠶᠢᠯᠡᠬᠦ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠭᠠᠴᠠᠭᠠᠨ ᠤ | ᠠᠮᠢᠲᠠᠨ ᠤ ᠬᠢᠵᠢᠭ ᠢ ᠰᠡᠷᠭᠡᠶᠢᠯᠡᠭᠴᠢ ᠶᠢᠨ ᠢᠳᠡᠪᠬᠢᠵᠢᠯ ᠢ ᠳᠠᠶᠢᠴᠢᠯᠠᠵᠤ᠂ ᠨᠠᠩ ᠪᠥᠬᠦ ᠲᠠᠯ᠎ᠠ ᠶᠢᠨ᠂ ᠥᠨᠳᠥᠷ ᠦᠷ᠎ᠡ | ᠪᠦᠲᠦᠮᠵᠢᠲᠡᠶ ᠮᠠᠯ ᠡᠮᠨᠡᠯᠭᠡ ᠶᠢᠨ ᠦᠢᠯᠡᠴᠢᠯᠡᠭᠡ ᠶᠢ ᠬᠠᠩᠭᠠᠵᠤ᠂ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ | ᠬᠢᠵᠠᠭᠠᠷᠯᠠᠬᠤ ᠠᠵᠢᠯ ᠳᠤ ᠪᠠᠲᠤᠯᠠᠭ᠎ᠠ ᠪᠤᠯᠭᠠᠨ᠎ᠠ᠃ | |