ᠵᠢᠭᠤᠯᠴᠢᠯᠠᠯ ᠤᠨ ᠦᠢᠯᠡᠰ ᠤᠨ ᠠᠶᠤᠯᠭᠦᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠡᠷᠴᠢᠮ | ᠵᠢᠴᠢ ᠬᠠᠪᠤᠷ ᠤᠨ ᠤᠯᠠᠷᠢᠯ ᠤᠨ ᠭᠠᠯ ᠰᠡᠷᠭᠡᠶᠢᠯᠡᠬᠦ ᠠᠵᠢᠯ ᠢ ᠴᠢᠩᠭᠠᠳᠬᠠᠨ᠂ ᠠᠮᠤᠷ ᠲᠦᠪᠰᠢᠨ ᠤ ᠭᠡᠮ ᠰᠣᠭᠤᠭ ᠢ | ᠦᠨᠡᠨᠬᠦ ᠵᠢᠭᠰᠠᠭᠠᠨ ᠪᠠᠶᠢᠴᠠᠭᠠᠵᠤ᠂ ᠰᠠᠶᠢᠨ ᠰᠠᠶᠢᠬᠠᠨ ᠵᠢᠭᠤᠯᠴᠢᠯᠠᠯ ᠤᠨ ᠣᠷᠴᠢᠨ ᠲᠣᠭᠤᠷᠢᠨ ᠢ ᠪᠤᠢ ᠪᠣᠯᠭᠠᠬᠤ ᠶᠢᠨ | ᠲᠤᠰᠠᠳᠠ 4 ᠰᠠᠷ᠎ᠠ ᠶᠢᠨ 19 —— 20 ᠤ ᠡᠳᠦᠷ ᠪᠣᠯᠲᠠᠯ᠎ᠠ᠂ ᠬᠦᠷᠢᠶᠡᠲᠦᠨᠠᠭᠤᠷ ᠰᠣᠮᠣ ᠠᠵᠢᠯᠯᠠᠬᠤ | ᠳᠤᠭᠤᠶᠢᠯᠠᠩ ᠵᠣᠬᠢᠶᠠᠨ ᠪᠠᠶᠢᠭᠤᠯᠤᠨ ᠬᠠᠷᠢᠶ᠎ᠠ ᠣᠷᠣᠨ ᠤ ᠵᠢᠭᠤᠯᠴᠢᠯᠠᠯ ᠤᠨ ᠦᠵᠡᠮᠵᠢ ᠶᠢᠨ ᠣᠷᠣᠨ ᠳᠤ | ᠭᠦᠨᠵᠡᠭᠡᠶᠢᠷᠡᠨ ᠠᠶᠤᠯᠭᠦᠢ ᠦᠢᠯᠡᠳᠪᠦᠷᠢᠯᠡᠯ᠂ ᠭᠠᠯ ᠤᠨᠲᠠᠷᠠᠭᠠᠬᠤ᠂ ᠭᠠᠯ ᠰᠡᠷᠭᠡᠶᠢᠯᠡᠬᠦ ᠤᠬᠠᠭᠤᠯᠭ᠎ᠠ ᠪᠣᠯᠣᠨ ᠲᠠᠯᠳᠠ | ᠭᠡᠮ ᠢ ᠵᠢᠭᠰᠠᠭᠠᠨ ᠪᠠᠶᠢᠴᠠᠭᠠᠬᠤ ᠠᠵᠢᠯ ᠢ ᠶᠠᠪᠤᠭᠳᠠᠭᠤᠯᠪᠠ᠃ | ᠠᠵᠢᠯᠲᠠᠳ ᠦᠵᠡᠮᠵᠢ ᠶᠢᠨ ᠣᠷᠣᠨ ᠤ ᠲᠦᠢᠮᠡᠷ ᠭᠠᠷᠬᠤ ᠪᠣᠯᠤᠯᠴᠠᠭ᠎ᠠ ᠨᠡᠯᠢᠶᠡᠳ ᠥᠨᠳᠥᠷ ᠣᠷᠣᠨ | ᠪᠦᠰᠡ ᠳᠤ ᠭᠦᠨᠵᠡᠭᠡᠶᠢᠷᠡᠵᠦ᠂ ᠭᠠᠯ ᠤᠨᠲᠠᠷᠠᠭᠠᠭᠤᠷ᠂ ᠠᠶᠤᠯᠭᠦᠢ ᠶᠢᠨ ᠡᠭᠦᠳᠡ᠂ ᠴᠠᠬᠢᠯᠭᠠᠨ ᠤᠲᠠᠰᠤ ᠵᠢᠴᠢ ᠡᠯ᠎ᠡ | ᠲᠥᠷᠥᠯ ᠤᠨ ᠭᠠᠯ ᠤᠨᠲᠠᠷᠠᠭᠠᠬᠤ ᠲᠥᠬᠦᠭᠡᠷᠦᠮᠵᠢ ᠳᠤ ᠨᠠᠷᠢᠨ ᠨᠢᠮᠪᠠᠢ ᠪᠠᠶᠢᠴᠠᠭᠠᠯᠲᠠ ᠬᠢᠵᠡᠢ᠃ ᠪᠠᠶᠢᠴᠠᠭᠠᠯᠲᠠ ᠶᠢᠨ | ᠳᠤᠮᠳᠠ ᠢᠯᠡᠷᠡᠭᠦᠯᠦᠭᠰᠡᠨ ᠠᠮᠤᠷ ᠲᠦᠪᠰᠢᠨ ᠤ ᠬᠡᠮ ᠰᠣᠭᠤᠭ ᠲᠤ ᠴᠢᠭᠯᠡᠭᠦᠯᠦᠨ᠂ ᠪᠠᠶᠢᠴᠠᠭᠠᠬᠤ ᠠᠵᠢᠯᠲᠠᠨ | ᠲᠤᠬᠠᠢ ᠶᠢᠨ ᠲᠠᠯᠠᠪᠤᠷ ᠲᠤ ᠴᠡᠭᠴᠡᠯᠡᠨ ᠰᠠᠶᠢᠵᠢᠷᠠᠭᠤᠯᠬᠤ ᠰᠠᠨᠠᠭᠤᠯᠭ᠎ᠠ ᠳᠤᠷᠠᠳᠬᠤ ᠶᠢᠨ ᠬᠠᠮᠲᠤ ᠴᠡᠭᠴᠡᠯᠡᠨ | ᠰᠠᠶᠢᠵᠢᠷᠠᠭᠤᠯᠬᠤ ᠮᠡᠳᠡᠭᠳᠡᠯ ᠤᠨ ᠬᠠᠭᠤᠳᠠᠰᠤ ᠪᠠᠭᠤᠯᠭᠠᠵᠤ᠂ ᠬᠠᠮᠢᠶ᠎ᠠ ᠪᠦᠬᠦᠢ ᠬᠠᠷᠢᠭᠤᠴᠠᠯᠭᠠᠲᠠᠨ ᠢ ᠱᠠᠭᠠᠷᠳᠠᠨ | ᠲᠣᠭᠲᠠᠭᠰᠠᠨ ᠬᠤᠭᠤᠴᠠᠭᠠᠨ ᠳᠤ ᠴᠡᠭᠴᠡᠯᠡᠨ ᠰᠠᠶᠢᠵᠢᠷᠠᠭᠤᠯᠵᠤ᠂ ᠳᠠᠯᠳᠠ ᠭᠡᠮ ᠢ ᠴᠠᠭ ᠲᠤᠬᠠᠢ ᠳᠤᠨᠢ | ᠠᠷᠢᠯᠭᠠᠬᠤ ᠶᠢ ᠱᠠᠭᠠᠷᠳᠠᠵᠠᠢ᠃ | ᠲᠣᠰ ᠤᠳᠠᠭᠠᠨ ᠤ ᠪᠠᠶᠢᠴᠠᠭᠠᠯᠲᠠ ᠳᠤ᠂ ᠪᠠᠶᠢᠴᠠᠭᠠᠬᠤ ᠳᠤᠭᠤᠶᠢᠯᠠᠩ ᠤᠨ ᠬᠢᠨ ᠡᠵᠡᠩᠨᠡᠭᠴᠢᠳ ᠢ | ᠵᠢᠯᠣᠭᠤᠳᠤᠨ ᠡᠯ᠎ᠡ ᠲᠥᠷᠥᠯ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠵᠦ᠂ | ᠰᠡᠷᠭᠡᠶᠢᠯᠡᠯᠲᠡ ᠶᠢᠨ ᠠᠷᠭ᠎ᠠ ᠬᠡᠮᠵᠢᠶ᠎ᠡ ᠶᠢ ᠪᠣᠳᠠᠲᠠᠢ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠵᠤ᠂ ᠠᠮᠤᠷ | ᠲᠦᠪᠰᠢᠨ ᠤ ᠰᠡᠷᠭᠡᠶᠢᠯᠡᠯᠲᠡ ᠶᠢᠨ ᠤᠬᠠᠮᠰᠠᠷ ᠢ ᠲᠠᠰᠤᠷᠠᠯᠲᠠ ᠦᠭᠡᠢ ᠳᠡᠭᠡᠭᠰᠢᠯᠡᠭᠦᠯᠦᠨ᠂ ᠠᠮᠤᠷ ᠲᠦᠪᠰᠢᠨ ᠤ ᠠᠳᠡᠯ | ᠭᠠᠷᠬᠤ ᠶᠢ ᠴᠢᠩᠭ᠎ᠠ ᠰᠡᠷᠭᠡᠶᠢᠯᠡᠵᠦ᠂ ᠬᠠᠷᠢᠶ᠎ᠠ ᠣᠷᠣᠨ ᠤ ᠵᠢᠭᠤᠯᠴᠢᠯᠠᠯ ᠤᠨ ᠦᠵᠡᠮᠵᠢ ᠶᠢᠨ ᠣᠷᠣᠨ ᠤ ᠠᠮᠤᠷ | ᠲᠦᠪᠰᠢᠨ ᠢ ᠤᠯᠠᠮ ᠨᠢᠭᠡ ᠠᠯᠬᠤᠮ ᠴᠢᠩᠭᠠᠳᠬᠠᠵᠤ᠂ ᠵᠢᠭᠤᠯᠴᠢᠯᠠᠯ ᠤᠨ ᠦᠵᠡᠮᠵᠢ ᠶᠢᠨ ᠣᠷᠣᠨ ᠤ ᠡᠮᠬᠢ | ᠵᠢᠷᠤᠮ ᠲᠠᠢ ᠠᠵᠢᠯᠯᠠᠬᠤ ᠶᠢ ᠪᠠᠲᠤᠯᠠᠪᠠ᠃ | ᠲᠠᠷᠠᠭᠠᠴᠢ ᠶᠢᠨ ᠠᠯᠬᠤᠮ ᠳᠤ᠂ ᠬᠦᠷᠢᠶᠡᠲᠦᠨᠠᠭᠤᠷ ᠰᠣᠮᠣᠨ ᠤ ᠨᠡᠶᠢᠭᠡᠮ ᠤᠨ ᠵᠠᠰᠠᠯᠲᠠ ᠶᠢᠨ ᠠᠯᠪᠠᠨ ᠭᠡᠷ ᠤᠨ | ᠬᠢᠨ ᠭᠠᠯ ᠤᠨᠲᠠᠷᠠᠭᠠᠬᠤ ᠠᠮᠤᠷ ᠲᠦᠪᠰᠢᠨ ᠤ ᠠᠵᠢᠯ ᠤᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠡᠳᠦᠷ | ᠲᠤᠲᠤᠮ ᠤᠨ ᠬᠢᠨᠠᠯᠲᠠ ᠬᠠᠮᠢᠶᠠᠷᠤᠯᠲᠠ ᠪᠣᠯᠣᠨ ᠤᠬᠠᠭᠤᠯᠵᠤ ᠬᠥᠲᠥᠯᠥᠨ ᠵᠢᠯᠤᠭᠤᠳᠬᠤ ᠶᠢ ᠴᠢᠩᠭᠠᠳᠬᠠᠨ᠂ ᠭᠠᠯ | ᠤᠨᠲᠠᠷᠠᠭᠠᠬᠤ ᠠᠮᠤᠷ ᠲᠦᠪᠰᠢᠨ ᠤ ᠠᠷᠭ᠎ᠠ ᠬᠡᠮᠵᠢᠶ᠎ᠡ ᠶᠢ ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠵᠤ᠂ ︽ᠬᠥᠮᠥᠨ | ᠪᠦᠬᠦᠨ ᠠᠮᠤᠷ ᠲᠦᠪᠰᠢᠨ ᠢ ᠡᠷᠬᠢᠮᠯᠡᠵᠦ᠂ ᠴᠠᠭ ᠢᠮᠠᠭᠲᠠ ᠠᠮᠤᠷ ᠲᠦᠪᠰᠢᠨ ᠢ ᠠᠩᠬᠠᠷᠬᠤ︾ ᠰᠠᠶᠢᠨ ᠰᠠᠶᠢᠬᠠᠨ | ᠠᠭᠤᠷ ᠠᠮᠢᠰᠬᠤᠯ ᠢ ᠪᠣᠶ ᠪᠣᠯᠭᠠᠵᠤ᠂ ᠰᠣᠮᠣᠨ ᠤ ᠲᠣᠭᠲᠠᠭᠤᠨ ᠬᠥᠭᠵᠢᠯᠲᠡ ᠶᠢ ᠬᠠᠮᠠᠭᠠᠯᠠᠨ᠎ᠠ᠃ |