ᠶᠡᠷᠦᠩᠬᠡᠶᠢᠯᠡᠨ ᠵᠠᠰᠠᠬᠤ ᠠᠵᠢᠯ ᠢ ᠤᠯᠠᠮ ᠨᠢᠭᠡ ᠠᠯᠬᠤᠮ ᠴᠢᠩᠭᠠᠳᠬᠠᠵᠤ᠂ ᠥᠷᠭᠡᠨ ᠤᠯᠠᠨ ᠮᠠᠯᠴᠢᠨ | ᠲᠦᠮᠡᠨ ᠳᠤ ᠶᠡᠷᠦᠩᠬᠡᠶᠢᠯᠡᠨ ᠵᠠᠰᠠᠬᠤ ᠲᠥᠪ ᠤᠨ ᠡᠭᠦᠷᠭᠡ ᠴᠢᠳᠠᠪᠬᠢ ᠶᠢᠨ ᠦᠢᠯᠡᠳᠦᠯ ᠢ ᠭᠦᠨᠵᠡᠭᠡᠢ ᠣᠶᠢᠯᠠᠭᠠᠭᠤᠯᠵᠤ᠂ | ᠮᠠᠯᠴᠢᠨ ᠲᠦᠮᠡᠨ ᠤ ᠦᠨᠳᠦᠰᠦᠨ ᠱᠠᠲᠤᠨ ᠤ ᠵᠠᠰᠠᠯᠲᠠ ᠶᠢᠨ ᠠᠵᠢᠯ ᠤᠨ ᠲᠤᠬᠠᠢ ᠣᠶᠢᠯᠠᠭᠠᠬᠤ ᠨᠤᠷᠮ᠎ᠠ ᠪᠣᠯᠣᠨ | ᠬᠠᠨᠤᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠵᠦ᠂ ᠮᠠᠯᠴᠢᠳ ᠤᠨ ᠠᠮᠤᠷ ᠲᠦᠪᠰᠢᠨ ᠤ ᠤᠬᠠᠮᠰᠠᠷ᠂ ᠬᠠᠥᠯᠢ ᠶᠢᠨ | ᠦᠵᠡᠯᠲᠡ ᠪᠣᠯᠣᠨ ᠬᠥᠳᠡᠭᠡ ᠲᠣᠰᠬᠤᠨ ᠤ ᠵᠠᠰᠠᠯᠲᠠ ᠳᠤ ᠣᠷᠣᠯᠴᠠᠬᠤ ᠢᠳᠡᠪᠬᠢᠵᠢᠯ ᠢ ᠳᠡᠭᠡᠭᠰᠢᠯᠡᠭᠦᠯᠬᠦ ᠶᠢᠨ | ᠲᠥᠯᠦᠭᠡ᠂ ᠬᠦᠷᠢᠶᠡᠲᠦᠨᠠᠭᠤᠷ ᠰᠣᠮᠣᠨ ᠤ ᠶᠡᠷᠦᠩᠬᠡᠶᠢᠯᠡᠨ ᠵᠠᠰᠠᠬᠤ ᠲᠥᠪ ᠤᠨ ᠬᠢᠨ ᠣᠶᠢᠷ᠎ᠠ ᠶᠢᠨ ᠬᠤᠭᠤᠴᠠᠭᠠᠨ ᠳᠤ | ᠠᠵᠢᠯᠲᠠᠳ ᠢᠶᠠᠨ ᠵᠣᠬᠢᠶᠠᠨ ᠪᠠᠶᠢᠭᠤᠯᠵᠤ ᠡᠯ᠎ᠡ ᠭᠠᠴᠠᠭᠠᠨ ᠳᠤ ᠭᠦᠨᠵᠡᠭᠡᠶᠢᠷᠡᠨ ᠤᠬᠠᠭᠤᠯᠤᠨ ᠲᠠᠶᠢᠯᠪᠤᠷᠢᠯᠠᠬᠤ | ᠠᠵᠢᠯᠯᠠᠭ᠎ᠠ ᠥᠷᠨᠢᠭᠦᠯᠪᠡ᠃ | ᠠᠵᠢᠯᠯᠠᠭ᠎ᠠ ᠳᠤ᠂ ᠠᠵᠢᠯᠲᠠᠳ ᠮᠠᠯᠴᠢᠨ ᠲᠦᠮᠡᠨ ᠤ ᠳᠤᠮᠳᠠ ᠭᠦᠨᠵᠡᠭᠡᠶᠢᠷᠡᠵᠦ᠂ ᠶᠠᠷᠢᠯᠴᠠᠵᠤ ᠰᠣᠯᠢᠯᠴᠠᠬᠤ᠂ | ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠮᠠᠯᠴᠢᠨ ᠲᠦᠮᠡᠨ ᠳᠤ | ᠰᠤᠮᠤᠨ ᠤ ᠶᠡᠷᠦᠩᠬᠡᠶᠢᠯᠡᠨ ᠵᠠᠰᠠᠬᠤ ᠲᠥᠪ ᠤᠨ ᠠᠵᠢᠯᠯᠠᠬᠤ ᠬᠠᠶ᠋ᠢᠭ᠂ ᠠᠰᠠᠭᠤᠨ ᠯᠠᠪᠯᠠᠬᠤ ᠤᠲᠠᠰᠤ᠂ ᠲᠤᠰᠢᠶᠠᠯ | ᠬᠠᠷᠢᠭᠤᠴᠠᠯᠭ᠎ᠠ᠂ ᠬᠦᠯᠢᠶᠡᠨ ᠠᠪᠬᠤ ᠬᠡᠪᠴᠢᠶ᠎ᠡ ᠵᠢᠴᠢ ᠠᠵᠢᠯ ᠤᠨ ᠶᠠᠪᠤᠴᠠ ᠵᠡᠷᠭᠡ ᠦᠨᠳᠦᠰᠦᠨ ᠪᠠᠶᠢᠳᠠᠯ ᠢ | ᠲᠠᠶᠢᠯᠪᠤᠷᠢᠯᠠᠨ ᠥᠭᠴᠦ᠂ ᠶᠡᠷᠦᠩᠬᠡᠶᠢᠯᠡᠨ ᠵᠠᠰᠠᠬᠤ ᠲᠥᠪ ᠤᠨ ᠵᠥᠷᠢᠴᠡᠯ ᠵᠢᠭᠤᠷᠠᠯᠳᠤᠭᠠᠨ ᠢ ᠡᠶᠡᠳᠡᠭᠦᠯᠬᠦ᠂ ᠬᠠᠤᠯᠢ | ᠴᠠᠭᠠᠵᠠ ᠶᠢᠨ ᠵᠥᠪᠯᠡᠯᠭᠡ ᠥᠭᠬᠦ ᠦᠢᠯᠡᠴᠢᠯᠡᠭᠡ᠂ ᠵᠠᠬᠢᠳᠠᠯ ᠰᠣᠷᠪᠤᠯᠵᠢᠯᠠᠭ᠎ᠠ ᠶᠢ ᠣᠷᠣᠯᠠᠨ ᠭᠦᠢᠴᠡᠳᠬᠡᠬᠦ᠂ ᠠᠮᠢᠨ | ᠬᠡᠷᠡᠭ ᠢ ᠰᠡᠷᠭᠡᠶᠢᠯᠡᠨ ᠡᠵᠡᠮᠳᠡᠬᠦ᠂ ᠲᠡᠮᠦᠷ ᠵᠠᠮ ᠢ ᠬᠠᠮᠠᠭᠠᠯᠠᠬᠤ ᠵᠡᠷᠭᠡ ᠡᠭᠦᠷᠭᠡ ᠴᠢᠳᠠᠪᠤᠷᠢ ᠳᠤ ᠴᠢᠭᠯᠡᠭᠦᠯᠦᠨ | ᠭᠤᠣᠯᠳᠠᠯᠭ᠎ᠠ ᠲᠠᠢ ᠤᠬᠠᠭᠤᠯᠭ᠎ᠠ ᠬᠢᠵᠦ᠂ ᠤᠯᠠᠨ ᠲᠦᠮᠡᠨ ᠢ ᠬᠥᠲᠥᠯᠥᠨ ᠵᠢᠯᠤᠭᠤᠳᠴᠤ ᠪᠠᠶᠢᠭᠠᠳ ᠶᠡᠷᠦᠩᠬᠡᠶᠢᠯᠡᠨ | ᠵᠠᠰᠠᠬᠤ ᠲᠥᠪ ᠢᠶᠠᠷ ᠳᠠᠮᠵᠢᠭᠤᠯᠤᠨ ᠠᠰᠢᠭ ᠲᠤᠰᠠ ᠶᠢᠨ ᠱᠠᠭᠠᠷᠳᠠᠯᠭ᠎ᠠ ᠪᠠᠨ ᠢᠯᠡᠳᠬᠡᠵᠦ᠂ ᠵᠥᠷᠢᠴᠡᠯ | ᠵᠢᠭᠤᠷᠠᠯᠳᠤᠭᠠᠨ ᠢᠶᠠᠨ ᠰᠢᠢᠳᠪᠦᠷᠢᠯᠡᠵᠦ᠂ ᠬᠠᠤᠯᠢ ᠶᠣᠰᠣᠨ ᠤ ᠡᠷᠬᠡ ᠠᠰᠢᠭ ᠢᠶᠠᠨ ᠬᠠᠮᠠᠭᠠᠯᠠᠬᠤ ᠶᠢ ᠠᠬᠢᠭᠤᠯᠪᠠ᠃ | ᠮᠠᠯᠴᠢᠳ ᠤᠨ ᠳᠤᠷᠠᠳᠤᠭᠰᠠᠨ ᠡᠯ᠎ᠡ ᠵᠦᠢᠯ ᠤᠨ ᠠᠰᠠᠭᠤᠳᠠᠯ ᠳᠤ ᠴᠢᠭᠯᠡᠭᠦᠯᠦᠨ᠂ ᠠᠵᠢᠯᠲᠠᠳ ᠮᠠᠳᠠᠭ ᠲᠠᠢ | ᠠᠰᠠᠭᠤᠳᠠᠯ ᠢ ᠰᠢᠢᠳᠪᠦᠷᠢᠯᠡᠵᠦ᠂ ᠣᠷᠤᠭ ᠬᠤᠷᠢᠮ᠂ ᠬᠥᠷᠰᠢ ᠵᠡᠷᠭᠡᠯᠡᠳᠡᠭᠡ ᠶᠢᠨ ᠬᠠᠷᠢᠴᠠᠭ᠎ᠠ᠂ ᠰᠦᠯᠵᠢᠶᠡᠨ ᠤ | ᠮᠡᠬᠡᠯᠡᠯ᠂ ᠭᠠᠵᠢᠭᠤ ᠨᠣᠮᠯᠠᠯ ᠢ ᠡᠰᠡᠷᠭᠦᠴᠡᠬᠦ ᠵᠡᠷᠭᠡ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠤᠨ | ᠮᠡᠳᠡᠯᠭᠡ ᠶᠢ ᠬᠡᠷᠬᠢᠨ ᠲᠣᠬᠢᠲᠠᠢ ᠰᠢᠢᠳᠪᠦᠷᠢᠯᠡᠬᠦ ᠲᠤᠬᠠᠢ ᠮᠡᠳᠡᠯᠭᠡ ᠶᠢ ᠲᠦᠭᠡᠮᠡᠯᠵᠢᠭᠦᠯᠵᠡᠢ᠃ | ᠲᠣᠰ ᠤᠳᠠᠭᠠᠨ ᠤ ᠤᠬᠠᠭᠤᠯᠭ᠎ᠠ ᠳᠤ ᠬᠠᠷᠢᠶ᠎ᠠ ᠣᠷᠣᠨ ᠤ ᠣᠯᠠᠨ ᠲᠦᠮᠡᠨ ᠤ ᠶᠡᠷᠦᠩᠬᠡᠶᠢᠯᠡᠨ ᠵᠠᠰᠠᠬᠤ | ᠠᠵᠢᠯ ᠤᠨ ᠲᠤᠬᠠᠢ ᠲᠠᠨᠢᠯᠲᠠ ᠪᠠ ᠣᠶᠢᠯᠠᠭᠠᠯᠲᠠ ᠶᠢ ᠳᠡᠭᠡᠭᠰᠢᠯᠡᠭᠦᠯᠵᠦ᠂ ᠬᠠᠷᠢᠶ᠎ᠠ ᠣᠷᠣᠨ ᠤ ᠣᠯᠠᠨ ᠲᠦᠮᠡᠨ ᠤ | ᠬᠠᠤᠯᠢ ᠴᠠᠭᠠᠵᠠ ᠶᠢᠨ ᠤᠬᠠᠮᠰᠠᠷ ᠪᠠ ᠥᠪᠡᠷ ᠢ ᠪᠠᠨ ᠰᠡᠷᠭᠡᠶᠢᠯᠡᠬᠦ ᠴᠢᠳᠠᠪᠤᠷᠢ ᠶᠢ ᠦᠨᠡᠨ ᠬᠦ ᠴᠢᠩᠭᠠᠳᠬᠠᠵᠤ᠂ | ᠤᠬᠠᠭᠤᠯᠬᠤ ᠬᠠᠭᠤᠳᠠᠰᠤ ᠪᠠ ᠤᠬᠠᠭᠤᠯᠬᠤ ᠳᠡᠪᠲᠡᠷ ᠢ 200 ᠭᠠᠷᠤᠢ ᠬᠤᠪᠢ ᠲᠠᠷᠬᠠᠭᠠᠪᠠ᠃ | ᠲᠠᠷᠠᠭᠠᠴᠢ ᠶᠢᠨ ᠠᠯᠬᠤᠮ ᠳᠤ᠂ ᠬᠦᠷᠢᠶᠡᠲᠦᠨᠠᠭᠤᠷ ᠰᠣᠮᠣᠨ ᠤ ᠶᠡᠷᠦᠩᠬᠡᠶᠢᠯᠡᠨ ᠵᠠᠰᠠᠬᠤ ᠲᠥᠪ ᠤᠨ | ᠵᠢᠷᠤᠮᠵᠢᠭᠰᠠᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠨ ᠲᠡᠭᠦᠯᠳᠡᠷᠵᠢᠭᠦᠯᠵᠦ᠂ ᠶᠡᠷᠦᠩᠬᠡᠶᠢᠯᠡᠨ ᠵᠠᠰᠠᠬᠤ | ᠲᠥᠪ ᠤᠨ ᠪᠣᠳᠠᠲᠤ ᠴᠣᠭᠴᠠᠲᠤ ᠦᠢᠯᠡᠳᠦᠯ ᠢ ᠭᠦᠢᠴᠡᠳ ᠪᠠᠳᠠᠷᠠᠭᠤᠯᠤᠨ᠂ ︽ᠰᠦᠯᠵᠢᠶᠡᠨ ᠳᠡᠭᠡᠷᠡᠬᠢ + | ᠰᠦᠯᠵᠢᠶᠡᠨ ᠳᠣᠣᠷᠠᠬᠢ︾ ᠣᠯᠠᠨ ᠡᠰᠢᠲᠦ ᠤᠬᠠᠭᠤᠯᠭ᠎ᠠ ᠶᠢᠨ ᠵᠠᠭᠪᠤᠷ ᠲᠤ ᠢᠳᠡᠪᠬᠢᠲᠡᠢ ᠪᠠᠷ ᠰᠢᠨ᠎ᠡ ᠶᠢ ᠡᠭᠦᠳᠴᠦ᠂ | ᠤᠬᠠᠭᠤᠯᠭ᠎ᠠ ᠶᠢᠨ ᠠᠭᠤᠯᠭ᠎ᠠ ᠶᠢ ᠪᠠᠶᠠᠯᠢᠭᠵᠢᠭᠤᠯᠤᠨ᠂ ᠣᠯᠠᠨ ᠲᠦᠮᠡᠨ ᠤ ︽ᠵᠥᠷᠢᠴᠡᠯ ᠵᠢᠭᠤᠷᠠᠯᠳᠤᠭᠠᠨ ᠲᠠᠢ ᠪᠣᠯ | ᠶᠡᠷᠦᠩᠬᠡᠶᠢᠯᠡᠨ ᠵᠠᠰᠠᠬᠤ ᠲᠥᠪ ᠢ ᠡᠷᠢᠬᠦ︾ ᠤᠬᠠᠮᠰᠠᠷ ᠢ ᠲᠠᠰᠤᠷᠠᠯᠲᠠ ᠦᠭᠡᠢ ᠴᠢᠩᠭᠠᠳᠬᠠᠵᠤ᠂ ᠠᠮᠤᠷ ᠠᠮᠤᠭᠤᠯᠠᠩ | ᠬᠦᠷᠢᠶᠡᠲᠦᠨᠠᠭᠤᠷ ᠢ ᠪᠦᠲᠦᠭᠡᠨ ᠪᠠᠶᠢᠭᠤᠯᠬᠤ ᠳᠤ ᠬᠦᠴᠦᠷᠬᠡᠭ ᠶᠡᠭᠡ ᠬᠦᠴᠦᠨ ᠴᠢᠳᠠᠯ ᠢᠶᠠᠨ ᠡᠷᠭᠦᠨ᠎ᠡ᠃ |