ᠰᠢᠨᠬᠤᠸᠠ ᠬᠤᠷᠢᠶ᠎ᠠ ᠶᠢᠨ ᠪᠡᠭᠡᠵᠢᠩ ᠤᠨ 5 ᠰᠠᠷ᠎ᠠ ᠶᠢᠨ 13 ᠤ ᠴᠠᠭᠢᠯᠭᠠᠨ ᠮᠡᠳᠡᠭᠡ 5 ᠰᠠᠷ᠎ᠠ ᠶᠢᠨ 13 ᠤ | ᠦᠳᠡ ᠶᠢᠨ ᠡᠮᠦᠨ᠎ᠡ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠳᠠᠬᠢ ᠤᠯᠤᠰ ᠤᠨ ᠬᠤᠷᠠᠯ ᠤᠨ ᠲᠥᠪ ᠲᠤ | ᠳᠤᠮᠳᠠᠳᠤ ᠤᠯᠤᠰ — ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ ᠬᠠᠮᠲᠤ ᠶᠢᠨ ᠴᠣᠭᠴᠠ ᠶᠢᠨ | ᠶᠠᠷᠢᠶᠠᠨ ᠤ ᠲᠠᠪᠴᠠᠩ ᠤᠨ ᠳᠥᠷᠪᠡᠳᠦᠭᠡᠷ ᠬᠤᠭᠤᠴᠠᠭᠠᠨ ᠤ ᠰᠠᠶᠢᠳ ᠤᠨ ᠲᠡᠰ ᠤᠨ ᠬᠤᠷᠠᠯ ᠤᠨ ᠡᠭᠢᠯᠡᠯᠲᠡ ᠶᠢᠨ | ᠶᠣᠰᠣᠯᠠᠯ ᠳᠤ ᠣᠷᠣᠯᠴᠠᠬᠰᠠᠨ ᠪᠥᠭᠡᠳ ᠭᠤᠣᠯ ᠵᠤᠷᠢᠯᠳᠠᠳᠤ ᠶᠠᠷᠢᠶ᠎ᠠ ᠲᠠᠯᠪᠢᠪᠠ᠃ ᠰᠢ ᠶᠢᠨ ᠫᠢᠩ᠂ ᠳᠤᠮᠳᠠᠳᠤ | ᠤᠯᠤᠰ ᠤᠨ ᠬᠢᠨ ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ ᠬᠢᠨ ᠲᠠᠢ ᠭᠠᠷ ᠬᠤᠯᠪᠣᠨ ᠲᠠᠪᠤᠨ ᠶᠡᠭᠡ | ᠢᠨᠵᠧᠨᠧᠷᠢᠩ ᠢ ᠡᠬᠢᠯᠡᠭᠦᠯᠵᠦ᠂ ᠬᠥᠭᠵᠢᠯᠲᠡ ᠮᠠᠨᠳᠤᠯᠲᠠ ᠶᠢ ᠬᠠᠮᠲᠤ ᠪᠠᠷ ᠰᠦᠪᠡᠭᠴᠢᠯᠡᠵᠦ᠂ ᠳᠤᠮᠳᠠᠳᠤ ᠤᠯᠤᠰ — | ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠬᠠᠮᠲᠤ ᠪᠠᠷ | ᠪᠠᠶᠢᠭᠤᠯᠤᠨ᠎ᠠ ᠭᠡᠵᠦ ᠨᠡᠶᠢᠲᠡᠯᠡᠪᠡ᠃ | | 5 ᠰᠠᠷ᠎ᠠ ᠶᠢᠨ 13 ᠤ ᠦᠳᠡ ᠶᠢᠨ ᠡᠮᠦᠨ᠎ᠡ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠳᠠᠬᠢ ᠤᠯᠤᠰ ᠤᠨ | ᠬᠤᠷᠠᠯ ᠤᠨ ᠲᠥᠪ ᠲᠤ ᠳᠤᠮᠳᠠᠳᠤ ᠤᠯᠤᠰ — ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ ᠬᠠᠮᠲᠤ ᠶᠢᠨ | ᠴᠣᠭᠴᠠ ᠶᠢᠨ ᠶᠠᠷᠢᠶᠠᠨ ᠤ ᠲᠠᠪᠴᠠᠩ ᠤᠨ ᠳᠥᠷᠪᠡᠳᠦᠭᠡᠷ ᠬᠤᠭᠤᠴᠠᠭᠠᠨ ᠤ ᠰᠠᠶᠢᠳ ᠤᠨ ᠲᠡᠰ ᠤᠨ ᠬᠤᠷᠠᠯ ᠤᠨ | ᠡᠭᠢᠯᠡᠯᠲᠡ ᠶᠢᠨ ᠶᠣᠰᠣᠯᠠᠯ ᠳᠤ ᠣᠷᠣᠯᠴᠠᠬᠰᠠᠨ ᠪᠥᠭᠡᠳ ᠭᠤᠣᠯ ᠵᠤᠷᠢᠯᠳᠠᠳᠤ ᠶᠠᠷᠢᠶ᠎ᠠ ᠲᠠᠯᠪᠢᠪᠠ᠃ ︵ᠰᠢᠨᠬᠤᠸᠠ | ᠬᠤᠷᠢᠶ᠎ᠠ ᠶᠢᠨ ᠰᠤᠷᠪᠤᠯᠵᠢᠯᠠᠬᠴᠢ ᠶᠢᠨ ᠪᠦᠸᠧ ᠭᠦ᠋ ᠰᠡᠭᠦᠳᠡᠷᠯᠡᠪᠡ︶ | ᠵᠤᠨ ᠤ ᠡᠬᠢ ᠪᠠᠷ ᠡᠬᠡ ᠪᠠᠶᠢᠭᠠᠯᠢ ᠠᠮᠢᠵᠢᠷᠠᠯ ᠤᠨ ᠬᠦᠴᠦᠨ ᠢᠶᠠᠷ ᠪᠢᠯᠬᠠᠨ᠎ᠠ᠃ ᠤᠯᠤᠰ ᠤᠨ ᠬᠤᠷᠠᠯ ᠤᠨ ᠲᠥᠪ ᠲᠤ | ᠳᠤᠮᠳᠠᠳᠤ ᠤᠯᠤᠰ᠂ ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ ᠤᠯᠤᠰ ᠤᠨ ᠲᠤᠭ ᠵᠢᠴᠢ ᠬᠤᠯᠪᠣᠭᠳᠠᠯ | ᠪᠦᠬᠦᠢ ᠭᠠᠵᠠᠷ ᠣᠷᠣᠨ ᠤ ᠵᠣᠬᠢᠶᠠᠨ ᠪᠠᠶᠢᠭᠤᠯᠤᠯᠲᠠ ᠶᠢᠨ ᠲᠤᠭ ᠰᠠᠯᠬᠢᠨ ᠤ ᠠᠶ᠎ᠠ ᠪᠠᠷ ᠨᠠᠮᠢᠷᠠᠨ᠎ᠠ᠃ | ᠰᠢ ᠶᠢᠨ ᠫᠢᠩ ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ ᠬᠠᠮᠲᠤ ᠶᠢᠨ ᠴᠣᠭᠴᠠ ᠶᠢᠨ ᠵᠢᠵᠢᠭᠦᠷ | ᠲᠡᠷᠢᠭᠦᠯᠡᠭᠴᠢ ᠤᠯᠤᠰ ᠪᠤᠯᠬᠤ ᠺᠣᠯᠣᠮᠪᠢᠶ᠎ᠠ ᠶᠢᠨ ᠶᠡᠷᠦᠩᠬᠡᠶᠢᠯᠡᠭᠴᠢ ᠫᠤᠳ᠋ᠷᠤ᠋᠂ ᠪᠷᠠᠽᠢᠯ ᠤᠨ ᠶᠡᠷᠦᠩᠬᠡᠶᠢᠯᠡᠭᠴᠢ ᠯᠦᠯᠠ᠂ | ᠴᠢᠯᠢ ᠶᠢᠨ ᠶᠡᠷᠦᠩᠬᠡᠶᠢᠯᠡᠭᠴᠢ ᠪᠦᠧᠧᠯᠢᠴᠢ᠂ ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠵᠢᠴᠢ ᠭᠠᠵᠠᠷ ᠣᠷᠣᠨ ᠤ | ᠵᠣᠬᠢᠶᠠᠨ ᠪᠠᠶᠢᠭᠤᠯᠤᠯᠲᠠ ᠶᠢᠨ ᠲᠥᠯᠥᠭᠡᠯᠡᠭᠴᠢᠳ ᠤᠨ ᠪᠦᠯᠭᠦᠮ ᠤᠨ ᠳᠠᠷᠤᠭ᠎ᠠ ᠲᠠᠢ ᠳᠣᠲᠣᠨᠣ ᠪᠠᠷ ᠭᠠᠷ ᠠᠳᠬᠤᠭᠰᠠᠨ | ᠪᠥᠭᠡᠳ ᠬᠠᠮᠲᠤ ᠶᠢᠨ ᠰᠡᠭᠦᠳᠡᠷ ᠲᠠᠲᠠᠭᠤᠯᠪᠠ᠃ | ᠬᠠᠯᠠᠭᠤᠨ ᠠᠯᠠᠭ᠎ᠠ ᠲᠡᠰᠢᠯᠲᠡ ᠶᠢᠨ ᠳᠤᠮᠳᠠ ᠰᠢ ᠶᠢᠨ ᠫᠢᠩ ︽ᠳᠤᠮᠳᠠᠳᠤ ᠤᠯᠤᠰ — ᠯᠠᠲ᠋ᠢᠨ ᠠᠮᠧᠷᠢᠺᠠ ᠪᠣᠯᠣᠨ | ᠺᠠᠷᠢᠪᠧ ᠶᠢᠨ ᠤᠯᠤᠰ ᠤᠳ ᠤᠨ ᠬᠠᠮᠲᠤ ᠶᠢᠨ ᠴᠣᠭᠴᠠ ᠶᠢ ᠪᠠᠶᠢᠭᠤᠯᠬᠤ ᠰᠢᠨ᠎ᠡ ᠬᠠᠭᠤᠳᠠᠰᠤ ᠶᠢ ᠪᠢᠴᠢᠭᠯᠡᠶ᠎ᠡ︾ ᠭᠡᠬᠦ | ᠰᠡᠳᠦᠪ ᠢᠶᠠᠷ ᠭᠤᠣᠯ ᠵᠤᠷᠢᠯᠳᠠᠳᠤ ᠶᠠᠷᠢᠶ᠎ᠠ ᠲᠠᠯᠪᠢᠪᠠ᠃ | ᠰᠢ ᠶᠢᠨ ᠫᠢᠩ᠂ 2015 ᠣᠨ ᠳᠤ ᠪᠢ ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ | ᠲᠥᠯᠥᠭᠡᠯᠡᠭᠴᠢᠳ ᠲᠠᠢ ᠬᠠᠮᠲᠤ ᠪᠠᠷ ᠪᠡᠭᠡᠵᠢᠩ ᠳᠤ ᠳᠤᠮᠳᠠᠳᠤ ᠤᠯᠤᠰ — ᠯᠠᠲ᠋ᠢᠨ ᠠᠮᠧᠷᠢᠺᠠ ᠪᠣᠯᠣᠨ ᠺᠠᠷᠢᠪᠧ ᠶᠢᠨ | ᠤᠯᠤᠰ ᠤᠳ ᠤᠨ ᠬᠠᠮᠲᠤ ᠶᠢᠨ ᠴᠣᠭᠴᠠ ᠶᠢᠨ ᠶᠠᠷᠢᠶᠠᠨ ᠤ ᠲᠠᠪᠴᠠᠩ ᠤᠨ ᠠᠩᠬᠠᠳᠤᠭᠠᠷ ᠬᠤᠭᠤᠴᠠᠭᠠᠨ ᠤ ᠰᠠᠶᠢᠳ ᠤᠨ | ᠲᠡᠰ ᠤᠨ ᠬᠤᠷᠠᠯ ᠤᠨ ᠡᠭᠢᠯᠡᠯᠲᠡ ᠶᠢᠨ ᠶᠣᠰᠣᠯᠠᠯ ᠳᠤ ᠣᠷᠣᠯᠴᠠᠵᠤ᠂ ᠳᠤᠮᠳᠠᠳᠤ ᠤᠯᠤᠰ — ᠯᠠᠲ᠋ᠢᠨ ᠠᠮᠧᠷᠢᠺᠠ ᠪᠣᠯᠣᠨ | ᠺᠠᠷᠢᠪᠧ ᠶᠢᠨ ᠤᠯᠤᠰ ᠤᠳ ᠤᠨ ᠬᠠᠮᠲᠤ ᠶᠢᠨ ᠴᠣᠭᠴᠠ ᠶᠢᠨ ᠶᠠᠷᠢᠶᠠᠨ ᠤ ᠲᠠᠪᠴᠠᠩ ᠪᠠᠶᠢᠭᠤᠯᠤᠭᠳᠠᠭᠰᠠᠨ ᠢ ᠲᠤᠩᠬᠠᠭᠯᠠᠪᠠ᠃ | 10 ᠵᠢᠯ ᠤᠨ ᠲᠤᠷᠰᠢ ᠬᠤᠶᠠᠷ ᠲᠠᠯ᠎ᠠ ᠶᠢᠨ ᠨᠢᠮᠪᠠᠢ ᠪᠤᠶᠢᠵᠢᠭᠤᠯᠤᠯᠲᠠ ᠳᠣᠣᠷ᠎ᠠ ᠳᠤᠮᠳᠠᠳᠤ ᠤᠯᠤᠰ — ᠯᠠᠲ᠋ᠢᠨ ᠠᠮᠧᠷᠢᠺᠠ | ᠪᠣᠯᠣᠨ ᠺᠠᠷᠢᠪᠧ ᠶᠢᠨ ᠤᠯᠤᠰ ᠤᠳ ᠤᠨ ᠬᠠᠮᠲᠤ ᠶᠢᠨ ᠴᠣᠭᠴᠠ ᠶᠢᠨ ᠶᠠᠷᠢᠶᠠᠨ ᠤ ᠲᠠᠪᠴᠠᠩ ᠨᠢ ᠨᠢᠭᠡᠨ ᠨᠢᠯᠬ᠎ᠠ ᠴᠢᠬᠢ | ᠪᠠᠶᠢᠭᠰᠠᠨ ᠠᠴᠠ ᠪᠠᠨ ᠲᠣᠮᠣ ᠮᠣᠳᠣ ᠪᠣᠯᠵᠤ ᠪᠤᠶᠢᠵᠢᠭᠰᠠᠨ ᠪᠠᠶᠢᠨ᠎ᠠ᠃ ᠬᠤᠶᠠᠷ ᠲᠠᠯ᠎ᠠ ᠪᠠᠷ ᠢᠶᠠᠨ ᠭᠠᠷ ᠬᠤᠯᠪᠣᠨ ᠮᠥᠷᠥ | ᠵᠡᠷᠭᠡᠴᠡᠵᠦ᠂ ᠬᠠᠷᠢᠯᠴᠠᠨ ᠳᠡᠮᠵᠢᠵᠦ᠂ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ ᠯᠠᠲ᠋ᠢᠨ ᠠᠮᠧᠷᠢᠺᠠ ᠪᠣᠯᠣᠨ ᠺᠠᠷᠢᠪᠧ ᠶᠢᠨ | ᠤᠯᠤᠰ ᠤᠳ ᠢᠮᠠᠭᠲᠠ ᠨᠢᠭᠡ ᠳᠤᠮᠳᠠᠳᠤ ᠤᠯᠤᠰ ᠪᠠᠶᠢᠬᠤ ᠵᠠᠷᠴᠢᠮ ᠢ ᠪᠠᠷᠢᠮᠲᠠᠯᠠᠵᠤ᠂ ᠲᠤᠮᠳᠠᠳᠤ ᠶᠢᠨ ᠲᠠᠯ᠎ᠠ ᠶᠢᠨ ᠬᠢᠨ | ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ ᠲᠤᠰ ᠤᠯᠤᠰ ᠤᠨ ᠢᠶᠠᠨ ᠪᠠᠶᠢᠳᠠᠯ ᠳᠤ ᠨᠡᠶᠢᠴᠡᠭᠰᠡᠨ | ᠬᠥᠭᠵᠢᠯᠲᠡ ᠶᠢᠨ ᠵᠠᠮ ᠢᠶᠠᠷ ᠵᠠᠮᠨᠠᠬᠤ ᠶᠢ ᠡᠷᠡᠰ ᠲᠡᠮᠵᠢᠵᠥ᠂ ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ | ᠤᠯᠤᠰ ᠤᠨ ᠡᠷᠬᠡ ᠮᠡᠳᠡᠯ ᠪᠠ ᠲᠤᠰᠠᠭᠠᠷ ᠲᠣᠭᠲᠠᠨᠢᠯ ᠢᠶᠠᠨ ᠬᠠᠮᠠᠭᠠᠯᠠᠬᠤ ᠶᠢ ᠲᠡᠮᠵᠢᠵᠥ᠂ ᠭᠠᠳᠠᠭᠠᠳᠤ ᠶᠢᠨ ᠬᠢᠨ ᠤ ᠭᠠᠷ | ᠲᠦᠷᠦᠭᠦ ᠶᠢ ᠡᠰᠡᠷᠭᠦᠴᠡᠪᠡ︔ ᠬᠤᠶᠠᠷ ᠲᠠᠯ᠎ᠠ ᠪᠠᠷ ᠢᠶᠠᠨ ᠤᠷᠤᠰᠬᠠᠯ ᠤᠨ ᠡᠮᠦᠨ᠎ᠡ ᠬᠤᠰᠢᠭᠤᠷᠠᠨ᠂ ᠬᠠᠮᠲᠤᠷᠠᠯᠴᠠᠵᠤ | ᠬᠠᠮᠲᠤ ᠪᠠᠷ ᠠᠰᠢᠭ ᠬᠦᠷᠲᠡᠵᠦ᠂ ᠠᠵᠤ ᠠᠬᠤᠢ ᠶᠢᠨ ᠳᠡᠯᠡᠬᠡᠶᠢᠵᠢᠯᠲᠡ ᠶᠢᠨ ᠶᠡᠭᠡ ᠬᠠᠨᠳᠤᠰᠢ ᠳᠤ ᠵᠣᠬᠢᠴᠠᠵᠤ᠂ ᠠᠷᠠᠯᠵᠢᠶ᠎ᠠ᠂ | ᠪᠡᠯᠡ ᠣᠷᠣᠭᠤᠯᠤᠯᠲᠠ᠂ ᠮᠥᠩᠭᠦᠨ ᠭᠦᠢᠯᠭᠡᠭᠡᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠰᠠᠭᠤᠷᠢ ᠲᠥᠬᠦᠭᠡᠷᠦᠮᠵᠢ ᠶᠢᠨ | ᠪᠦᠲᠦᠭᠡᠨ ᠪᠠᠶᠢᠭᠤᠯᠤᠯᠲᠠ ᠵᠡᠷᠭᠡ ᠬᠦᠷᠢᠶᠡᠨ ᠳᠠᠬᠢ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠶᠢᠨ ᠲᠠᠰᠤᠷᠠᠯᠲᠠ ᠦᠭᠡᠢ | ᠭᠦᠨᠵᠡᠭᠡᠶᠢᠷᠡᠬᠦ ᠶᠢ ᠠᠬᠢᠭᠤᠯᠵᠤ᠂ ︽ᠨᠢᠭᠡ ᠪᠦᠰᠡ ᠨᠢᠭᠡ ᠵᠠᠮ︾ ᠢ ᠴᠢᠨᠠᠷ ᠰᠠᠶᠢᠲᠠᠢ ᠬᠠᠮᠲᠤ ᠪᠠᠷ ᠪᠦᠲᠦᠭᠡᠨ ᠪᠠᠶᠢᠭᠤᠯᠪᠠ︔ | ᠬᠤᠶᠠᠷ ᠲᠠᠯ᠎ᠠ ᠪᠠᠷ ᠢᠶᠠᠨ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ᠂ ᠴᠠᠭ ᠤᠨ ᠪᠡᠷᠬᠡ ᠶᠢ ᠬᠠᠮᠲᠤ ᠪᠠᠷ ᠲᠤᠭᠤᠯᠵᠤ᠂ | ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠬᠠᠮᠲᠤᠷᠠᠯᠴᠠᠭ᠎ᠠ ᠶᠢ ᠢᠳᠡᠪᠬᠢᠲᠡᠢ ᠥᠷᠨᠢᠭᠦᠯᠵᠦ᠂ | ᠳᠠᠯᠠᠢ ᠶᠢᠨ ᠰᠢᠭᠤᠷᠭ᠎ᠠ᠂ ᠭᠠᠵᠠᠷ ᠬᠥᠳᠡᠯᠦᠯᠲᠡ ᠵᠡᠷᠭᠡ ᠪᠠᠶᠢᠭᠠᠯᠢ ᠶᠢᠨ ᠭᠠᠮᠰᠢᠭ ᠪᠠ ᠡᠷᠢᠨ ᠵᠠᠭᠤᠨ ᠤ ᠬᠢᠵᠢᠭ ᠤᠨ | ᠪᠠᠶᠢᠳᠠᠯ ᠢ ᠭᠠᠷ ᠬᠤᠯᠪᠣᠨ ᠠᠷᠭᠠᠴᠠᠭᠠᠪᠠ︔ ᠬᠤᠶᠠᠷ ᠲᠠᠯ᠎ᠠ ᠪᠠᠷ ᠢᠶᠠᠨ ᠪᠦᠯᠬᠦᠮᠳᠡᠨ ᠬᠠᠮᠵᠢᠯᠴᠠᠵᠤ᠂ ᠵᠣᠷᠢᠭᠲᠠᠢ ᠪᠠᠷ | ᠬᠠᠷᠢᠭᠤᠴᠠᠯᠭ᠎ᠠ ᠡᠭᠦᠷᠭᠡᠯᠡᠵᠦ᠂ ᠵᠢᠩᠬᠢᠨᠢ ᠤᠯᠠᠨ ᠲᠠᠯᠠᠲᠤ ᠦᠵᠡᠯ ᠢ ᠦᠢᠯᠡᠳᠦᠯᠭᠡᠵᠢᠭᠦᠯᠵᠦ᠂ ᠳᠡᠯᠡᠬᠡᠢ ᠶᠢᠨ ᠲᠥᠪ ᠭᠤᠣᠯᠴᠢ | ᠰᠢᠳᠤᠷᠭᠤ ᠶᠣᠰᠣ ᠶᠢ ᠬᠠᠮᠲᠤ ᠪᠠᠷ ᠬᠠᠮᠠᠭᠠᠯᠠᠵᠤ᠂ ᠪᠦᠭᠦ ᠪᠥᠮᠪᠥᠷᠴᠡᠭ ᠤᠨ ᠵᠠᠰᠠᠯᠲᠠ ᠶᠢᠨ ᠰᠢᠰᠲ᠋ᠧᠮ ᠤᠨ | ᠥᠭᠡᠷᠡᠴᠢᠯᠡᠯᠲᠡ ᠶᠢ ᠠᠬᠢᠭᠤᠯᠵᠤ᠂ ᠳᠡᠯᠡᠬᠡᠢ ᠶᠢᠨ ᠤᠯᠠᠨ ᠲᠦᠢᠯᠵᠢᠯ ᠪᠣᠯᠣᠨ ᠤᠯᠠᠨ ᠤᠯᠤᠰ ᠤᠨ ᠬᠠᠷᠢᠯᠴᠠᠭ᠎ᠠ ᠶᠢᠨ | ᠠᠷᠠᠳᠴᠢᠯᠠᠯ ᠢ ᠠᠬᠢᠭᠤᠯᠪᠠ᠃ ᠳᠤᠮᠳᠠᠳᠤ ᠤᠯᠤᠰ — ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠨᠢᠭᠡᠨᠲᠡ | ᠭᠠᠷ ᠬᠤᠯᠪᠣᠨ ᠬᠠᠮᠲᠤ ᠪᠠᠷ ᠤᠷᠤᠭᠰᠢᠯᠠᠬᠤ ᠬᠤᠪᠢ ᠵᠠᠶᠠᠭᠠᠨ ᠤ ᠬᠠᠮᠲᠤ ᠶᠢᠨ ᠴᠣᠭᠴᠠ ᠪᠣᠯᠤᠭᠰᠠᠨ ᠢ ᠪᠣᠳᠠᠲᠤ ᠶᠠᠪᠤᠳᠠᠯ | ᠭᠡᠷᠡᠴᠢᠯᠡᠪᠡ᠃ ᠲᠡᠭᠦᠨ ᠤ ᠢᠯᠡ ᠲᠣᠳᠣ ᠳᠡᠪᠢᠰᠬᠡᠷ ᠥᠩᠭᠡ ᠪᠣᠯ ᠡᠷᠬᠡ ᠲᠡᠭᠰᠢ ᠪᠠᠷ ᠬᠠᠨᠳᠤᠯᠴᠠᠬᠤ ᠪᠣᠯᠣᠨ᠎ᠠ᠂ ᠬᠦᠴᠦᠷᠬᠡᠭ | ᠶᠡᠭᠡ ᠬᠥᠳᠡᠯᠭᠡᠬᠦ ᠬᠦᠴᠦᠨ ᠪᠣᠯ ᠬᠠᠷᠢᠯᠴᠠᠨ ᠠᠰᠢᠭᠲᠠᠢ ᠬᠠᠮᠲᠤ ᠪᠠᠷ ᠠᠰᠢᠭ ᠭᠦᠷᠳᠡᠭᠦ ᠪᠣᠯᠣᠨ᠎ᠠ᠂ ᠬᠡᠬᠦᠳᠡᠭ ᠴᠡᠭᠡᠵᠢ ᠳᠡᠭᠡᠨ | ᠪᠠᠭᠲᠠᠭᠠᠵᠤ ᠪᠠᠶᠢᠭ᠎ᠠ ᠵᠠᠩ ᠰᠤᠷᠲᠠᠯ ᠪᠣᠯ ᠨᠡᠭᠡᠭᠡᠯᠲᠡᠲᠡᠢ ᠪᠠᠭᠲᠠᠭᠠᠮᠵᠢᠲᠠᠢ᠂ ᠦᠨᠳᠦᠰᠦᠨ ᠬᠥᠭᠡᠭᠡᠴᠡᠯᠳᠦᠯ ᠪᠣᠯ ᠠᠷᠠᠳ | ᠲᠦᠮᠡᠨ ᠳᠤ ᠪᠤᠶᠠᠨ ᠦᠢᠯᠡᠳᠬᠦ ᠪᠠᠶᠢᠵᠤ᠂ ᠥᠷᠨᠢᠭᠦᠨ ᠪᠠᠳᠠᠷᠠᠩᠭᠤᠢ ᠠᠮᠢᠵᠢᠷᠠᠯ ᠤᠨ ᠬᠦᠴᠦᠨ ᠪᠠ ᠥᠷᠭᠡᠨ ᠠᠭᠤᠳᠠᠮ | ᠬᠥᠭᠵᠢᠯᠲᠡ ᠶᠢᠨ ᠠᠯᠤᠰ ᠢᠷᠡᠭᠡᠳᠦᠢ ᠲᠠᠢ ᠶᠤᠮ ᠭᠡᠵᠦ ᠵᠢᠭᠠᠵᠤ ᠭᠠᠷᠭᠠᠪᠠ᠃ | | 5 ᠰᠠᠷ᠎ᠠ ᠶᠢᠨ 13 ᠤ ᠦᠳᠡ ᠶᠢᠨ ᠡᠮᠦᠨ᠎ᠡ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠳᠠᠬᠢ ᠤᠯᠤᠰ ᠤᠨ | ᠬᠤᠷᠠᠯ ᠤᠨ ᠲᠥᠪ ᠲᠤ ᠳᠤᠮᠳᠠᠳᠤ ᠤᠯᠤᠰ — ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ ᠬᠠᠮᠲᠤ ᠶᠢᠨ | ᠴᠣᠭᠴᠠ ᠶᠢᠨ ᠶᠠᠷᠢᠶᠠᠨ ᠤ ᠲᠠᠪᠴᠠᠩ ᠤᠨ ᠳᠥᠷᠪᠡᠳᠦᠭᠡᠷ ᠬᠤᠭᠤᠴᠠᠭᠠᠨ ᠤ ᠰᠠᠶᠢᠳ ᠤᠨ ᠲᠡᠰ ᠤᠨ ᠬᠤᠷᠠᠯ ᠤᠨ | ᠡᠭᠢᠯᠡᠯᠲᠡ ᠶᠢᠨ ᠶᠣᠰᠣᠯᠠᠯ ᠳᠤ ᠣᠷᠣᠯᠴᠠᠬᠰᠠᠨ ᠪᠥᠭᠡᠳ ᠭᠤᠣᠯ ᠵᠤᠷᠢᠯᠳᠠᠳᠤ ᠶᠠᠷᠢᠶ᠎ᠠ ᠲᠠᠯᠪᠢᠪᠠ᠃ ᠵᠢᠷᠤᠭ ᠪᠣᠯ ᠰᠢ ᠶᠢᠨ | ᠫᠢᠩ ᠪᠣᠯᠣᠨ ᠬᠤᠷᠠᠯ ᠳᠤ ᠣᠷᠣᠯᠴᠠᠬᠰᠠᠨ ᠵᠣᠴᠢᠳ ᠬᠠᠮᠲᠤ ᠶᠢᠨ ᠰᠡᠭᠦᠳᠡᠷ ᠲᠠᠲᠠᠭᠤᠯᠵᠤ ᠪᠠᠶᠢᠭ᠎ᠠ ᠨᠢ᠃ ︵ᠰᠢᠨᠬᠤᠸᠠ | ᠬᠤᠷᠢᠶ᠎ᠠ ᠶᠢᠨ ᠰᠤᠷᠪᠤᠯᠵᠢᠯᠠᠬᠴᠢ ᠳ᠋ᠢᠩ ᠬᠠᠢ ᠲᠤᠤ ᠰᠡᠭᠦᠳᠡᠷᠯᠡᠪᠡ︶ | ᠰᠢ ᠶᠢᠨ ᠫᠢᠩ᠂ ᠣᠳᠣᠬᠠᠨ ᠳᠤ ᠳᠡᠯᠡᠬᠡᠢ ᠶᠢᠷᠲᠢᠨᠴᠦ ᠶᠢᠨ ᠵᠠᠭᠤᠨ ᠵᠢᠯ ᠳᠤ ᠲᠣᠬᠢᠶᠠᠯᠳᠤᠭ᠎ᠠ ᠦᠭᠡᠢ ᠬᠤᠪᠢᠰᠤᠯᠲᠠ | ᠲᠦᠷᠭᠡᠰᠦᠨ ᠤᠯᠠᠷᠢᠵᠤ᠂ ᠤᠯᠠᠨ ᠳᠠᠪᠬᠤᠷ ᠠᠶᠤᠯ ᠲᠦᠭᠰᠢᠭᠦᠷᠢ ᠰᠣᠯᠪᠢᠴᠠᠨ ᠳᠠᠪᠬᠤᠴᠠᠵᠤ ᠪᠠᠶᠢᠨ᠎ᠠ᠃ ᠡᠯ᠎ᠡ ᠤᠯᠤᠰ | ᠭᠠᠭᠴᠠ ᠬᠦ ᠪᠦᠯᠬᠦᠮᠳᠡᠨ ᠬᠠᠮᠵᠢᠯᠴᠠᠪᠠᠯ ᠰᠠᠶ᠋ᠢ ᠳᠡᠯᠡᠬᠡᠢ ᠶᠢᠨ ᠡᠩᠬᠡ ᠲᠠᠶᠢᠪᠤᠩ ᠲᠣᠭᠲᠠᠭᠤᠨ ᠢ ᠬᠠᠮᠠᠭᠠᠯᠠᠵᠤ᠂ ᠪᠦᠭᠦ | ᠪᠥᠮᠪᠥᠷᠴᠡᠭ ᠤᠨ ᠬᠥᠭᠵᠢᠯ ᠴᠡᠴᠡᠭᠯᠡᠯ ᠢ ᠠᠬᠢᠭᠤᠯᠵᠤ ᠴᠢᠳᠠᠨ᠎ᠠ᠃ ᠪᠣᠭᠤᠮᠲᠠ ᠶᠢᠨ ᠭᠠᠶᠢᠯᠢ ᠶᠢᠨ ᠳᠠᠶᠢᠨ᠂ ᠠᠷᠠᠯᠵᠢᠶᠠᠨ ᠤ | ᠳᠠᠶᠢᠨ ᠳᠤ ᠢᠯᠠᠭᠴᠢ ᠪᠠᠶᠢᠬᠤ ᠦᠭᠡᠢ᠂ ᠡᠵᠡᠷᠬᠡᠬᠦ ᠡᠵᠡᠷᠬᠡᠭᠯᠡᠬᠦ ᠨᠢ ᠵᠥᠪᠭᠡᠨ ᠥᠪᠡᠷ ᠢ ᠪᠠᠨ ᠭᠠᠭᠴᠠᠭᠠᠷᠳᠠᠭᠤᠯᠤᠨ᠎ᠠ᠃ | ᠳᠤᠮᠳᠠᠳᠤ ᠤᠯᠤᠰ ᠪᠠ ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠪᠣᠯ ᠴᠥᠮ ᠪᠦᠭᠦ ᠪᠥᠮᠪᠥᠷᠴᠡᠭ ᠤᠨ | ᠬᠥᠭᠵᠢᠵᠦ ᠪᠠᠶᠢᠭ᠎ᠠ ᠤᠯᠤᠰ ᠤᠳ ᠤᠨ ᠴᠢᠬᠤᠯᠠ ᠪᠦᠷᠢᠯᠳᠦᠭᠦᠨ ᠮᠥᠨ᠂ ᠪᠡᠶ᠎ᠡ ᠪᠠᠨ ᠳᠠᠭᠠᠭᠠᠵᠤ ᠡᠵᠡᠨ ᠮᠡᠳᠡᠬᠦ ᠪᠣᠯ ᠮᠠᠨ ᠤ | ᠢᠷᠠᠭᠤ ᠠᠯᠳᠠᠷᠲᠤ ᠤᠯᠠᠮᠵᠢᠯᠠᠯ ᠮᠥᠨ᠂ ᠬᠥᠭᠵᠢᠯ ᠮᠠᠨᠳᠤᠯ ᠪᠣᠯ ᠪᠢᠳᠡᠨ ᠤ ᠲᠥᠷᠥᠯᠬᠢ ᠡᠷᠬᠡ ᠮᠥᠨ᠂ ᠲᠥᠪ ᠭᠤᠣᠯᠴᠢ | ᠰᠢᠳᠤᠷᠭᠤ ᠶᠣᠰᠣ ᠪᠣᠯ ᠪᠢᠳᠡᠨ ᠤ ᠬᠠᠮᠲᠤ ᠶᠢᠨ ᠬᠥᠭᠡᠭᠡᠴᠡᠯᠳᠦᠯ ᠮᠥᠨ᠃ ᠳᠤᠮᠳᠠᠳᠤ ᠤᠯᠤᠰ ᠳᠤᠷᠠᠲᠠᠶ᠎ᠠ ᠯᠠᠲ᠋ᠢᠨ ᠠᠮᠧᠷᠢᠺᠠ | ᠪᠣᠯᠣᠨ ᠺᠠᠷᠢᠪᠧ ᠶᠢᠨ ᠤᠯᠤᠰ ᠤᠳ ᠤᠨ ᠬᠢᠨ ᠲᠠᠢ ᠭᠠᠷ ᠬᠤᠯᠪᠣᠨ ᠲᠠᠪᠤᠨ ᠶᠡᠭᠡ ᠢᠨᠵᠧᠨᠧᠷᠢᠩ ᠢ ᠡᠬᠢᠯᠡᠭᠦᠯᠵᠦ᠂ ᠬᠥᠭᠵᠢᠯ | ᠮᠠᠨᠳᠤᠯ ᠢ ᠬᠠᠮᠲᠤ ᠪᠠᠷ ᠡᠷᠢᠯᠬᠢᠯᠡᠵᠦ᠂ ᠳᠤᠮᠳᠠᠳᠤ ᠤᠯᠤᠰ — ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ | ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠬᠠᠮᠲᠤ ᠪᠠᠷ ᠪᠠᠶᠢᠭᠤᠯᠤᠨ᠎ᠠ᠃ | ᠨᠢᠭᠡ ᠪᠣᠯ ᠪᠦᠯᠬᠦᠮᠳᠡᠯ ᠤᠨ ᠢᠨᠵᠧᠨᠧᠷᠢᠩ᠃ ᠦᠷᠭᠦᠯᠵᠢᠯᠡᠨ ᠲᠤᠰ ᠲᠤᠰ ᠤᠨ ᠢᠶᠠᠨ ᠭᠤᠣᠯᠯᠠᠭᠴᠢ ᠠᠰᠢᠭ ᠲᠤᠰᠠ | ᠪᠣᠯᠣᠨ ᠠᠩᠬᠠᠷᠴᠤ ᠪᠠᠶᠢᠭ᠎ᠠ ᠴᠢᠬᠤᠯᠠ ᠶᠡᠭᠡ ᠠᠰᠠᠭᠤᠳᠠᠯ ᠤᠨ ᠲᠠᠯ᠎ᠠ ᠪᠠᠷ ᠬᠠᠷᠢᠯᠴᠠᠨ ᠳᠡᠮᠵᠢᠯᠴᠡᠵᠦ᠂ ᠤᠯᠠᠨ ᠤᠯᠤᠰ ᠤᠨ | ᠬᠤᠯᠪᠣᠭᠠᠲᠤ ᠪᠠᠶᠢᠭᠤᠯᠭ᠎ᠠ ᠪᠠᠷ ᠭᠤᠣᠯ ᠪᠤᠯᠭᠠᠬᠰᠠᠨ ᠤᠯᠠᠨ ᠤᠯᠤᠰ ᠤᠨ ᠰᠢᠰᠲ᠋ᠧᠮ ᠪᠣᠯᠣᠨ ᠤᠯᠠᠨ ᠤᠯᠤᠰ ᠤᠨ | ᠬᠠᠤᠯᠢ ᠪᠠᠷ ᠰᠠᠭᠤᠷᠢ ᠪᠤᠯᠭᠠᠬᠰᠠᠨ ᠤᠯᠠᠨ ᠤᠯᠤᠰ ᠤᠨ ᠡᠮᠬᠢ ᠳᠢᠭᠯᠢᠮ ᠢ ᠡᠷᠡᠰ ᠬᠠᠮᠠᠭᠠᠯᠠᠵᠤ᠂ ᠤᠯᠠᠨ ᠤᠯᠤᠰ ᠤᠨ ᠪᠠ | ᠭᠠᠵᠠᠷ ᠣᠷᠣᠨ ᠤ ᠬᠡᠷᠡᠭ ᠶᠠᠪᠤᠳᠠᠯ ᠤᠨ ᠳᠤᠮᠳᠠ ᠬᠠᠮᠲᠤ ᠶᠢᠨ ᠳᠠᠭᠤᠨ ᠢᠶᠠᠨ ᠴᠤᠤᠷᠢᠶᠠᠲᠤᠭᠤᠯᠤᠨ᠎ᠠ᠃ ᠢᠷᠡᠬᠦ 3 ᠵᠢᠯ ᠳᠤ | ᠳᠤᠮᠳᠠᠳᠤ ᠤᠯᠤᠰ ᠵᠢᠯ ᠪᠦᠷᠢ ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ ᠬᠠᠮᠲᠤ ᠶᠢᠨ ᠴᠣᠭᠴᠠ ᠶᠢᠨ | ᠪᠦᠷᠢᠯᠳᠦᠭᠦᠨ ᠤᠯᠤᠰ ᠤᠨ 300 ᠲᠦᠷᠦ ᠶᠢᠨ ᠨᠠᠮ ᠤᠨ ᠺᠠᠳ᠋ᠷ ᠢ ᠤᠷᠢᠵᠤ ᠳᠤᠮᠳᠠᠳᠤ ᠤᠯᠤᠰ ᠲᠤ ᠰᠢᠨᠵᠢᠯᠡᠨ | ᠪᠠᠶᠢᠴᠠᠭᠠᠯᠭᠠᠵᠤ ᠠᠶᠢᠯᠴᠢᠯᠠᠯᠲᠠ ᠬᠢᠯᠭᠡᠨ᠎ᠡ᠃ | ᠬᠤᠶᠠᠷ ᠪᠣᠯ ᠬᠥᠭᠵᠢᠯᠲᠡ ᠶᠢᠨ ᠢᠨᠵᠧᠨᠧᠷᠢᠩ᠃ ᠬᠠᠮᠲᠤ ᠪᠠᠷ ᠪᠦᠭᠦ ᠪᠥᠮᠪᠥᠷᠴᠡᠭ ᠤᠨ ᠬᠥᠭᠵᠢᠯᠲᠡ ᠶᠢᠨ | ᠰᠠᠨᠠᠭᠠᠴᠢᠯᠠᠭ᠎ᠠ ᠶᠢ ᠨᠠᠶᠢᠳᠠᠪᠤᠷᠢᠵᠢᠭᠤᠯᠵᠤ᠂ ᠤᠯᠠᠨ ᠲᠠᠯᠠᠲᠤ ᠠᠷᠠᠯᠵᠢᠶᠠᠨ ᠤ ᠪᠠᠶᠢᠭᠤᠯᠤᠮᠵᠢ ᠶᠢ ᠡᠷᠡᠰ ᠬᠠᠮᠠᠭᠠᠯᠠᠵᠤ᠂ ᠪᠦᠭᠦ | ᠪᠥᠮᠪᠥᠷᠴᠡᠭ ᠤᠨ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠲᠣᠭᠲᠠᠭᠤᠨ ᠰᠠᠭᠠᠳ ᠦᠭᠡᠢ ᠨᠡᠪᠲᠡᠷᠡᠬᠦ ᠶᠢ | ᠬᠠᠮᠠᠭᠠᠯᠠᠵᠤ᠂ ᠨᠡᠭᠡᠭᠡᠯᠲᠡᠲᠤ ᠬᠠᠮᠲᠤᠷᠠᠯᠴᠠᠭ᠎ᠠ ᠶᠢᠨ ᠤᠯᠠᠨ ᠤᠯᠤᠰ ᠤᠨ ᠣᠷᠴᠢᠨ ᠲᠣᠭᠤᠷᠢᠨ ᠢ ᠬᠠᠮᠠᠭᠠᠯᠠᠨ᠎ᠠ᠃ | ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ ᠵᠣᠯᠭᠠᠯᠴᠠᠭ᠎ᠠ ᠪᠠᠨ ᠴᠢᠩᠭᠠᠳᠬᠠᠵᠤ᠂ ︽ᠨᠢᠭᠡ ᠪᠦᠰᠡ ᠨᠢᠭᠡ ᠵᠠᠮ︾ ᠢ | ᠴᠢᠨᠠᠷ ᠰᠠᠶᠢᠲᠠᠢ ᠬᠠᠮᠲᠤ ᠪᠠᠷ ᠪᠦᠲᠦᠭᠡᠨ ᠪᠠᠶᠢᠭᠤᠯᠬᠤ ᠶᠢ ᠭᠦᠨᠵᠡᠭᠡᠢ ᠠᠬᠢᠭᠤᠯᠤᠨ᠎ᠠ᠃ ᠳᠤᠮᠳᠠᠳᠤ ᠤᠯᠤᠰ ᠯᠠᠲ᠋ᠢᠨ ᠠᠮᠧᠷᠢᠺᠠ | ᠪᠣᠯᠣᠨ ᠺᠠᠷᠢᠪᠧ ᠶᠢᠨ ᠤᠯᠤᠰ ᠤᠳ ᠤᠨ ᠨᠡᠩ ᠤᠯᠠᠨ ᠰᠢᠯᠢᠳᠡᠭ ᠦᠢᠯᠡᠳᠬᠦᠨ ᠢ ᠣᠷᠣᠭᠤᠯᠵᠤ᠂ ᠳᠤᠮᠳᠠᠳᠤ ᠤᠯᠤᠰ ᠤᠨ | ᠠᠵᠤ ᠠᠬᠤᠶᠢᠯᠠᠯ ᠤᠨ ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠲᠠᠬᠢ ᠪᠡᠯᠡ ᠣᠷᠣᠭᠤᠯᠤᠯᠲᠠ ᠪᠠᠨ | ᠥᠷᠭᠡᠳᠬᠡᠬᠦ ᠶᠢ ᠵᠣᠷᠢᠭᠵᠢᠭᠤᠯᠤᠨ᠎ᠠ᠃ | ᠭᠤᠷᠪᠠ ᠪᠣᠯ ᠪᠣᠯᠪᠠᠰᠤᠨ ᠤ ᠢᠨᠵᠧᠨᠧᠷᠢᠩ᠃ ᠬᠠᠮᠲᠤ ᠪᠠᠷ ᠪᠦᠭᠦ ᠪᠥᠮᠪᠥᠷᠴᠡᠭ ᠤᠨ ᠪᠣᠯᠪᠠᠰᠤᠨ ᠤ ᠰᠠᠨᠠᠭᠠᠴᠢᠯᠠᠭ᠎ᠠ ᠶᠢ | ᠨᠠᠶᠢᠳᠠᠪᠤᠷᠢᠵᠢᠭᠤᠯᠵᠤ᠂ ᠡᠷᠬᠡ ᠲᠡᠭᠰᠢ᠂ ᠬᠠᠷᠢᠯᠴᠠᠨ ᠲᠣᠯᠢᠯᠠᠬᠤ᠂ ᠶᠠᠷᠢᠯᠴᠠᠭ᠎ᠠ᠂ ᠪᠠᠭᠲᠠᠭᠠᠮᠵᠢᠲᠠᠢ ᠪᠣᠯᠪᠠᠰᠤᠨ ᠤ | ᠦᠵᠡᠯᠲᠡ ᠶᠢ ᠪᠤᠢ ᠪᠤᠯᠭᠠᠵᠤ᠂ ᠡᠩᠬᠡ ᠲᠠᠶᠢᠪᠤᠩ᠂ ᠬᠥᠭᠵᠢᠯᠲᠡ᠂ ᠡᠷᠬᠡ ᠲᠡᠭᠰᠢ᠂ ᠰᠢᠳᠤᠷᠭᠤ ᠶᠣᠰᠣ᠂ ᠠᠷᠠᠳᠴᠢᠯᠠᠯ᠂ | ᠡᠷᠬᠡ ᠴᠢᠯᠦᠭᠡ ᠲᠠᠢ ᠪᠦᠭᠦ ᠬᠥᠮᠥᠨ ᠲᠥᠷᠥᠯᠬᠢᠲᠡᠨ ᠤ ᠬᠠᠮᠲᠤ ᠶᠢᠨ ᠦᠷᠳᠡᠭ ᠢ ᠪᠠᠳᠠᠷᠠᠭᠤᠯᠤᠨ᠎ᠠ᠃ ᠳᠤᠮᠳᠠᠳᠤ ᠤᠯᠤᠰ ᠪᠠ | ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ ᠪᠣᠯᠪᠠᠰᠤᠨ ᠤ ᠰᠣᠯᠢᠯᠴᠠᠭ᠎ᠠ ᠶᠢ ᠭᠦᠨᠵᠡᠭᠡᠶᠢᠷᠡᠭᠦᠯᠵᠦ᠂ ᠳᠤᠮᠳᠠᠳᠤ | ᠤᠯᠤᠰ ᠪᠠ ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ ᠪᠣᠯᠪᠠᠰᠤᠨ ᠤ ᠶᠠᠷᠢᠯᠴᠠᠭᠠᠨ ᠤ ᠶᠡᠭᠡ ᠬᠤᠷᠠᠯ ᠢ | ᠡᠷᠭᠢᠯᠡᠨ᠎ᠡ᠃ | ᠳᠥᠷᠪᠡ ᠪᠣᠯ ᠨᠠᠶᠢᠷᠠᠮᠳᠠᠯ ᠤᠨ ᠢᠨᠵᠧᠨᠧᠷᠢᠩ᠃ ᠬᠠᠮᠲᠤ ᠪᠠᠷ ᠪᠦᠭᠦ ᠪᠥᠮᠪᠥᠷᠴᠡᠭ ᠤᠨ ᠠᠮᠤᠷ ᠲᠦᠪᠰᠢᠨ ᠤ | ᠰᠠᠨᠠᠭᠠᠴᠢᠯᠠᠭ᠎ᠠ ᠶᠢ ᠨᠠᠶᠢᠳᠠᠪᠤᠷᠢᠵᠢᠭᠤᠯᠵᠤ᠂ ᠭᠠᠮᠰᠢᠭ ᠤᠨ ᠰᠦᠢᠳᠦᠯ ᠢ ᠵᠠᠰᠠᠬᠤ᠂ ᠰᠦᠯᠵᠢᠶᠡᠨ ᠤ ᠠᠮᠤᠷ ᠲᠦᠪᠰᠢᠨ᠂ | ᠰᠦᠷᠳᠡᠭᠦᠯᠦᠯ ᠢ ᠡᠰᠡᠷᠭᠦᠴᠡᠬᠦ᠂ ᠢᠯᠵᠢᠷᠡᠯ ᠢ ᠡᠰᠡᠷᠭᠦᠴᠡᠬᠦ᠂ ᠬᠤᠣᠷ ᠴᠠᠭᠠᠵᠠᠯᠠᠬᠤ᠂ ᠤᠯᠤᠰ ᠠᠯᠤᠰᠯᠠᠭᠰᠠᠨ ᠵᠣᠬᠢᠶᠠᠨ | ᠪᠠᠶᠢᠭᠤᠯᠤᠯᠲᠠ ᠲᠠᠢ ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ ᠵᠡᠷᠭᠡ ᠬᠠᠮᠲᠤᠷᠠᠯᠴᠠᠭ᠎ᠠ ᠶᠢ ᠴᠢᠩᠭᠠᠳᠬᠠᠵᠤ᠂ ᠭᠠᠵᠠᠷ | ᠣᠷᠣᠨ ᠤ ᠠᠮᠤᠷ ᠲᠦᠪᠰᠢᠨ ᠲᠣᠭᠲᠠᠭᠤᠨ ᠢ ᠴᠢᠷᠮᠠᠶᠢᠨ ᠬᠠᠮᠠᠭᠠᠯᠠᠨ᠎ᠠ᠃ | ᠲᠠᠪᠤ ᠪᠣᠯ ᠠᠷᠠᠳ ᠤᠨ ᠰᠡᠳᠬᠢᠯ ᠤᠨ ᠢᠨᠵᠧᠨᠧᠷᠢᠩ᠃ ᠢᠷᠡᠬᠦ 3 ᠵᠢᠯ ᠳᠤ ᠳᠤᠮᠳᠠᠳᠤ ᠤᠯᠤᠰ ᠯᠠᠲ᠋ᠢᠨ ᠠᠮᠧᠷᠢᠺᠠ | ᠪᠣᠯᠣᠨ ᠺᠠᠷᠢᠪᠧ ᠶᠢᠨ ᠤᠯᠤᠰ ᠤᠳ ᠤᠨ ᠬᠠᠮᠲᠤ ᠶᠢᠨ ᠴᠣᠭᠴᠠ ᠶᠢᠨ ᠪᠦᠷᠢᠯᠳᠦᠭᠦᠨ ᠤᠯᠤᠰ ᠲᠤ 3500 ᠵᠠᠰᠠᠭ ᠤᠨ | ᠣᠷᠳᠣᠨ ᠤ ᠰᠤᠷᠤᠯᠭ᠎ᠠ ᠶᠢᠨ ᠱᠠᠩᠨᠠᠯ ᠤᠨ ᠣᠷᠣᠨ ᠲᠤᠭ᠎ᠠ᠂ 1 ᠲᠦᠮᠡᠨ ᠳᠤᠮᠳᠠᠳᠤ ᠤᠯᠤᠰ ᠲᠤ ᠢᠷᠡᠵᠦ ᠪᠣᠯᠪᠠᠰᠤᠷᠠᠯ | ᠭᠦᠷᠳᠡᠭᠦ ᠣᠷᠣᠨ ᠲᠤᠭ᠎ᠠ᠂ 500 ᠤᠯᠠᠨ ᠤᠯᠤᠰ ᠤᠨ ᠬᠢᠲᠠᠳ ᠬᠡᠯᠡᠨ ᠤ ᠪᠠᠭᠰᠢ ᠶᠢᠨ ᠰᠤᠷᠤᠯᠭ᠎ᠠ ᠶᠢᠨ ᠱᠠᠩᠨᠠᠯ ᠤᠨ | ᠣᠷᠣᠨ ᠲᠤᠭ᠎ᠠ᠂ 300 ᠶᠠᠳᠠᠭᠤ ᠬᠦᠴᠢᠷᠳᠡᠯᠲᠡᠢ ᠬᠥᠮᠥᠨ ᠠᠮᠠ ᠶᠢ ᠴᠥᠭᠡᠳᠬᠡᠬᠦ ᠮᠡᠷᠭᠡᠵᠢᠯ ᠤᠨ ᠴᠢᠳᠠᠪᠤᠷᠢᠲᠠᠨ ᠤ | ᠪᠣᠯᠪᠠᠰᠤᠷᠠᠯ ᠤᠨ ᠣᠷᠣᠨ ᠲᠤᠭ᠎ᠠ᠂ 1000 ︽ᠬᠢᠲᠠᠳ ᠬᠡᠯᠡᠨ ᠤ ᠬᠥᠭᠦᠷᠭᠡ︾ ᠶᠢᠨ ᠲᠦᠷᠦᠯ ᠵᠦᠢᠯ ᠤᠨ ᠳᠤᠮᠳᠠᠳᠤ | ᠤᠯᠤᠰ ᠲᠤ ᠢᠷᠡᠬᠦ ᠪᠦᠯᠭᠦᠮ ᠳᠤᠭᠤᠶᠢᠯᠠᠩ ᠤᠨ ᠣᠷᠣᠨ ᠲᠤᠭ᠎ᠠ ᠬᠠᠩᠭᠠᠵᠤ᠂ 300 ︽ᠪᠠᠭ᠎ᠠ ᠮᠥᠷᠲᠡᠭᠡᠨ ᠭᠤᠶᠢᠳᠠ︾ | ᠠᠷᠠᠳ ᠤᠨ ᠠᠮᠢᠳᠤᠷᠠᠯ ᠤᠨ ᠲᠦᠷᠦᠯ ᠵᠦᠢᠯ ᠢ ᠬᠡᠷᠡᠭᠵᠢᠭᠦᠯᠵᠦ᠂ ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ | ᠬᠠᠮᠲᠤ ᠶᠢᠨ ᠴᠣᠭᠴᠠ ᠶᠢᠨ ᠪᠦᠷᠢᠯᠳᠦᠭᠦᠨ ᠤᠯᠤᠰ ᠤᠨ ᠬᠢᠲᠠᠳ ᠬᠡᠯᠡᠨ ᠤ ᠰᠤᠷᠭᠠᠨ ᠬᠥᠮᠦᠵᠢᠯ ᠥᠷᠨᠢᠭᠦᠯᠬᠦ ᠶᠢ ᠲᠡᠮᠵᠢᠨ᠎ᠠ᠃ | ᠳᠤᠮᠳᠠᠳᠤ ᠤᠯᠤᠰ ᠯᠠᠲ᠋ᠢᠨ ᠠᠮᠧᠷᠢᠺᠠ ᠪᠣᠯᠣᠨ ᠺᠠᠷᠢᠪᠧ ᠣᠷᠣᠨ ᠤ 5 ᠤᠯᠤᠰ ᠲᠤ ᠸᠢᠰᠠ ᠶᠢ ᠬᠡᠯᠲᠦᠷᠢᠭᠦᠯᠬᠦ ᠲᠦᠷᠦᠭᠦᠦ | ᠪᠦᠯᠦᠭ ᠲᠦᠷᠦ ᠶᠢᠨ ᠪᠣᠳᠣᠯᠭ᠎ᠠ ᠶᠢ ᠬᠡᠷᠡᠭᠵᠢᠭᠦᠯᠬᠦ ᠶᠢᠨ ᠬᠠᠮᠲᠤ ᠭᠠᠵᠠᠷ ᠣᠷᠣᠨ ᠤ ᠤᠯᠤᠰ ᠤᠳ ᠤᠨ ᠪᠦᠷᠬᠦᠴᠡ ᠶᠢᠨ | ᠬᠡᠪᠴᠢᠶ᠎ᠡ ᠶᠢ ᠵᠣᠬᠢᠰᠲᠠᠢ ᠴᠠᠭ ᠲᠤ ᠥᠷᠭᠡᠳᠬᠡᠨ᠎ᠡ ᠭᠡᠵᠦ ᠴᠢᠬᠤᠯᠠᠴᠢᠯᠠᠪᠠ᠃ | ᠰᠢ ᠶᠢᠨ ᠫᠢᠩ ᠬᠠᠮᠤᠭ ᠤᠨ ᠰᠡᠭᠦᠯ ᠳᠤ᠂ ᠳᠡᠯᠡᠬᠡᠢ ᠶᠢᠨ ᠪᠠᠶᠢᠳᠠᠯ ᠶᠠᠭᠠᠬᠢᠵᠤ ᠬᠤᠪᠢᠷᠠᠭᠰᠠᠨ ᠴᠤ᠂ ᠳᠤᠮᠳᠠᠳᠤ ᠤᠯᠤᠰ | ᠢᠮᠠᠭᠲᠠ ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ ᠰᠠᠶᠢᠨ ᠨᠠᠶᠢᠵᠠ᠂ ᠰᠠᠶᠢᠨ ᠬᠠᠨᠢᠲᠠᠨ ᠪᠣᠯᠵᠤ᠂ ᠯᠠᠲ᠋ᠢᠨ | ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠲᠠᠢ ᠬᠠᠮᠲᠤ ᠲᠤᠰ ᠲᠤᠰ ᠤᠨ ᠣᠳᠣᠬᠢᠴᠢᠯᠠᠯᠲᠠ ᠶᠢᠨ ᠠᠶᠠᠨ ᠳᠠᠭᠠᠨ ᠮᠥᠷᠥ | ᠵᠡᠷᠭᠡᠴᠡᠨ ᠤᠷᠤᠭᠰᠢᠯᠠᠵᠤ᠂ ᠳᠤᠮᠳᠠᠳᠤ ᠤᠯᠤᠰ — ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ ᠬᠤᠪᠢ | ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠰᠢᠨ᠎ᠡ ᠬᠠᠭᠤᠳᠠᠰᠤ ᠶᠢ ᠬᠠᠮᠲᠤ ᠪᠠᠷ ᠪᠢᠴᠢᠭᠯᠡᠶ᠎ᠡ ᠭᠡᠵᠦ ᠴᠢᠬᠤᠴᠢᠯᠠᠪᠠ᠃ | ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ ᠬᠠᠮᠲᠤ ᠶᠢᠨ ᠴᠣᠭᠴᠠ ᠶᠢᠨ ᠵᠢᠵᠢᠭᠦᠷ ᠲᠡᠷᠢᠭᠦᠯᠡᠭᠴᠢ | ᠤᠯᠤᠰ ᠪᠤᠯᠬᠤ ᠺᠣᠯᠣᠮᠪᠢᠶ᠎ᠠ ᠶᠢᠨ ᠶᠡᠷᠦᠩᠬᠡᠶᠢᠯᠡᠭᠴᠢ ᠫᠤᠳ᠋ᠷᠤ᠋᠂ ᠪᠷᠠᠽᠢᠯ ᠤᠨ ᠶᠡᠷᠦᠩᠬᠡᠶᠢᠯᠡᠭᠴᠢ ᠯᠦᠯᠠ᠂ ᠴᠢᠯᠢ ᠶᠢᠨ | ᠶᠡᠷᠦᠩᠬᠡᠶᠢᠯᠡᠭᠴᠢ ᠪᠦᠸᠧᠯᠢᠴᠢ᠂ ᠰᠢᠨ᠎ᠡ ᠨᠡᠭᠡᠭᠡᠨ ᠬᠥᠭᠵᠢᠭᠦᠯᠦᠯᠲᠡ ᠶᠢᠨ ᠪᠠᠩᠬᠢ ᠶᠢᠨ ᠳᠠᠷᠤᠭ᠎ᠠ᠂ ᠪᠷᠠᠽᠢᠯ ᠤᠨ ᠤᠤᠯ ᠤᠨ | ᠶᠡᠷᠦᠩᠬᠡᠶᠢᠯᠡᠭᠴᠢ ᠷᠤᠰᠤᠹ ᠲᠤᠰ ᠲᠤᠰ ᠪᠠᠶᠠᠷ ᠤᠨ ᠦᠭᠡ ᠬᠡᠯᠡᠪᠡ᠃ ᠯᠠᠲ᠋ᠢᠨ ᠠᠮᠧᠷᠢᠺᠠ ᠪᠣᠯᠣᠨ ᠺᠠᠷᠢᠪᠧ ᠶᠢᠨ | ᠤᠯᠤᠰ ᠤᠳ ᠤᠨ ᠬᠠᠮᠲᠤ ᠶᠢᠨ ᠴᠣᠭᠴᠠ ᠶᠢᠨ ᠲᠤᠰᠢᠶᠠᠯ ᠳᠤ ᠭᠠᠷᠬᠤ ᠪᠠᠷ ᠪᠠᠶᠢᠭ᠎ᠠ ᠵᠢᠵᠢᠭᠦᠷ ᠲᠡᠷᠢᠭᠦᠯᠡᠭᠴᠢ ᠤᠯᠤᠰ | ᠦᠷᠥ᠋ᠭᠤᠸᠠᠢ ᠶᠢᠨ ᠶᠡᠷᠦᠩᠬᠡᠶᠢᠯᠡᠭᠴᠢ ᠤᠤᠷᠰᠢ ᠶᠢᠨ ᠣᠨᠴᠠᠭᠠᠢ ᠲᠥᠯᠥᠭᠡᠯᠡᠭᠴᠢ ᠠᠴᠠ ᠶᠡᠷᠦᠩᠬᠡᠶᠢᠯᠡᠭᠴᠢ ᠶᠢᠨ ᠪᠠᠶᠠᠷ ᠤᠨ | ᠵᠠᠬᠢᠳᠠᠯ ᠢ ᠤᠩᠰᠢᠨ ᠨᠡᠶᠢᠲᠡᠯᠡᠪᠡ᠃ ᠲᠡᠳᠡ ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ — ᠳᠤᠮᠳᠠᠳᠤ | ᠤᠯᠤᠰ ᠤᠨ ᠶᠠᠷᠢᠶᠠᠨ ᠤ ᠲᠠᠪᠴᠠᠩ ᠤᠨ 10 ᠵᠢᠯ ᠤᠨ ᠬᠥᠭᠵᠢᠯᠲᠡ ᠶᠢᠨ ᠣᠯᠣᠭᠰᠠᠨ ᠡᠯᠪᠡᠭ ᠪᠠᠶᠠᠯᠢᠭ ᠦᠷ᠎ᠡ ᠪᠦᠲᠦᠭᠡᠯ ᠢ | ᠳᠡᠭᠡᠳᠦ ᠬᠡᠮᠵᠢᠶ᠎ᠡ ᠪᠠᠷ ᠦᠨᠡᠯᠡᠵᠦ᠂ ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ — ᠳᠤᠮᠳᠠᠳᠤ ᠤᠯᠤᠰ ᠤᠨ | ᠬᠠᠮᠲᠤᠷᠠᠯᠴᠠᠭ᠎ᠠ ᠶᠢ ᠠᠬᠢᠭᠤᠯᠬᠤ᠂ ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ ᠠᠵᠤ ᠠᠬᠤᠢ ᠨᠡᠶᠢᠭᠡᠮ ᠤᠨ | ᠬᠥᠭᠵᠢᠯᠲᠡ ᠶᠢ ᠠᠬᠢᠭᠤᠯᠬᠤ ᠳᠤ ᠦᠵᠡᠭᠦᠯᠦᠭᠰᠡᠨ ᠳᠤᠮᠳᠠᠳᠤ ᠤᠯᠤᠰ ᠤᠨ ᠴᠢᠬᠤᠯᠠ ᠶᠡᠭᠡ ᠬᠤᠪᠢ ᠨᠡᠮᠡᠷᠢ ᠶᠢ ᠮᠠᠭᠲᠠᠨ | ᠰᠠᠶᠢᠰᠢᠶᠠᠪᠠ᠃ ᠡᠯ᠎ᠡ ᠲᠠᠯ᠎ᠠ ᠶᠢᠨ ᠬᠢᠨ ᠨᠢᠭᠡ ᠳᠤᠮᠳᠠᠳᠤ ᠤᠯᠤᠰ ᠪᠠᠶᠢᠬᠤ ᠵᠠᠷᠴᠢᠮ ᠢ ᠡᠷᠡᠰ ᠳᠡᠮᠵᠢᠬᠦ ᠪᠠᠨ ᠳᠠᠪᠲᠠᠨ | ᠢᠯᠡᠷᠬᠡᠶᠢᠯᠡᠪᠡ᠃ ᠡᠯ᠎ᠡ ᠲᠠᠯ᠎ᠠ ᠶᠢᠨ ᠬᠢᠨ ᠲᠡᠷᠢᠭᠦᠯᠡᠭᠴᠢ ᠰᠢ ᠶᠢᠨ ᠫᠢᠩ ᠤᠨ ᠳᠤᠷᠠᠳᠤᠭᠰᠠᠨ ᠬᠥᠮᠥᠨ ᠲᠥᠷᠥᠯᠬᠢᠲᠡᠨ ᠤ | ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠣᠶᠢᠯᠠᠭᠠᠭᠳᠠᠬᠤᠨ ᠪᠣᠯᠣᠨ ᠭᠤᠷᠪᠠᠨ ᠶᠡᠭᠡ ᠪᠦᠭᠦ | ᠪᠥᠮᠪᠥᠷᠴᠡᠭ ᠤᠨ ᠰᠠᠨᠠᠭᠠᠴᠢᠯᠠᠭ᠎ᠠ ᠨᠢ ᠳᠡᠯᠡᠬᠡᠢ ᠳ᠋ᠠᠬᠢᠨ ᠳᠤ ᠡᠩᠬᠡ ᠲᠠᠶᠢᠪᠤᠩ ᠬᠥᠭᠵᠢᠯ ᠴᠡᠴᠡᠭᠯᠡᠯ ᠲᠠᠪᠰᠢᠯᠳᠠ ᠶᠢᠨ ᠭᠡᠭᠡᠨ | ᠰᠠᠷᠠᠭᠤᠯ ᠢᠷᠡᠭᠡᠳᠦᠢ ᠶᠢ ᠨᠡᠭᠡᠭᠡᠵᠦ ᠥᠭᠴᠡᠢ᠃ ᠲᠣᠬᠳᠠᠭᠠᠯᠳᠦ ᠪᠤᠰᠤ ᠳᠡᠯᠡᠬᠡᠢ ᠶᠢᠷᠲᠢᠨᠴᠦ ᠳᠤ ᠬᠠᠨᠳᠤᠵᠤ᠂ ᠯᠠᠲ᠋ᠢᠨ | ᠠᠮᠧᠷᠢᠺᠠ ᠪᠣᠯᠣᠨ ᠺᠠᠷᠢᠪᠧ ᠶᠢᠨ ᠤᠯᠤᠰ ᠤᠳ — ᠳᠤᠮᠳᠠᠳᠤ ᠤᠯᠤᠰ ᠭᠠᠷ ᠬᠤᠯᠪᠣᠨ ᠬᠠᠮᠲᠤᠷᠠᠯᠴᠠᠵᠤ᠂ ᠬᠠᠲᠠᠭᠤ | ᠪᠡᠷᠬᠡᠰᠢᠶᠡᠯ ᠢ ᠬᠠᠮᠲᠤ ᠪᠠᠷ ᠲᠤᠭᠤᠯᠵᠤ᠂ ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ — ᠳᠤᠮᠳᠠᠳᠤ | ᠤᠯᠤᠰ ᠤᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠲᠠᠰᠤᠷᠠᠯᠲᠠ ᠦᠭᠡᠢ ᠰᠢᠨ᠎ᠡ ᠠᠬᠢᠴᠠ ᠲᠠᠢ | ᠪᠤᠯᠬᠤ ᠶᠢ ᠠᠬᠢᠭᠤᠯᠵᠤ᠂ ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ — ᠳᠤᠮᠳᠠᠳᠤ ᠤᠯᠤᠰ ᠤᠨ | ᠬᠠᠮᠲᠤᠷᠠᠯᠴᠠᠭᠠᠨ ᠤ ᠰᠠᠶᠢᠨ ᠰᠠᠶᠢᠬᠠᠨ ᠢᠷᠡᠭᠡᠳᠦᠢ ᠶᠢ ᠬᠠᠮᠲᠤ ᠪᠠᠷ ᠴᠣᠭᠴᠠᠯᠠᠨ᠎ᠠ᠃ ᠯᠠᠲ᠋ᠢᠨ ᠠᠮᠧᠷᠢᠺᠠ ᠪᠣᠯᠣᠨ ᠺᠠᠷᠢᠪᠧ ᠶᠢᠨ | ᠤᠯᠤᠰ ᠤᠳ — ᠳᠤᠮᠳᠠᠳᠤ ᠤᠯᠤᠰ ᠬᠤᠶᠠᠷ ᠲᠠᠯ᠎ᠠ ᠪᠠᠷ ᠢᠶᠠᠨ ᠬᠠᠷᠢᠯᠴᠠᠨ ᠬᠦᠨᠳᠦᠳᠬᠡᠬᠦ ᠶᠢ ᠪᠠᠷᠢᠮᠲᠠᠯᠠᠵᠤ᠂ ᠨᠦᠭᠦᠭᠡ | ᠡᠲᠡᠭᠡᠳ ᠤᠨ ᠢᠶᠠᠨ ᠡᠷᠬᠡ ᠮᠡᠳᠡᠯ ᠢᠶᠠᠨ ᠬᠠᠮᠠᠭᠠᠯᠠᠬᠤ ᠪᠠ ᠬᠥᠭᠵᠢᠯᠲᠡ ᠶᠢᠨ ᠵᠠᠮ ᠢᠶᠠᠨ ᠪᠡᠶ᠎ᠡ ᠪᠠᠨ ᠳᠠᠭᠠᠭᠠᠵᠤ ᠰᠣᠩᠭᠤᠬᠤ ᠶᠢ | ᠡᠷᠡᠰ ᠳᠡᠮᠵᠢᠨ᠎ᠠ︔ ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ ᠡᠯ᠎ᠡ ᠤᠯᠤᠰ ᠤᠨ ᠬᠥᠭᠵᠢᠯᠲᠡ ᠶᠢᠨ | ᠪᠠᠶᠢᠯᠳᠤᠬᠤ ᠪᠣᠳᠣᠯᠭ᠎ᠠ ᠪᠠᠨ ︽ᠨᠢᠭᠡ ᠪᠦᠰᠡ ᠨᠢᠭᠡ ᠵᠠᠮ︾ ᠤᠨ ᠰᠠᠨᠠᠭᠠᠴᠢᠯᠠᠭ᠎ᠠ ᠯᠤᠭ᠎ᠠ ᠵᠣᠯᠭᠠᠭᠤᠯᠬᠤ ᠶᠢ ᠴᠢᠩᠭᠠᠳᠬᠠᠵᠤ᠂ | ᠠᠷᠠᠯᠵᠢᠶ᠎ᠠ᠂ ᠪᠡᠯᠡ ᠣᠷᠣᠭᠤᠯᠤᠯᠲᠠ᠂ ᠰᠠᠭᠤᠷᠢ ᠲᠥᠬᠦᠭᠡᠷᠦᠮᠵᠢ᠂ ᠬᠥᠳᠡᠭᠡ ᠠᠵᠤ ᠠᠬᠤᠢ᠂ ᠰᠢᠨᠵᠢᠯᠡᠬᠦ ᠤᠬᠠᠭᠠᠨ | ᠲᠦ᠋ᠭᠨᠢᠭ ᠮᠡᠷᠭᠡᠵᠢᠯ᠂ ᠰᠢᠨ᠎ᠡ ᠡᠨᠧᠷᠭᠢ᠂ ᠰᠤᠷᠭᠠᠨ ᠬᠥᠮᠦᠵᠢᠯ ᠤᠨ ᠬᠠᠮᠲᠤᠷᠠᠯᠴᠠᠭ᠎ᠠ ᠶᠢ ᠠᠬᠢᠭᠤᠯᠵᠤ᠂ ᠬᠠᠷᠢᠯᠴᠠᠨ ᠠᠰᠢᠭᠲᠠᠢ | ᠬᠠᠮᠲᠤ ᠪᠠᠷ ᠠᠰᠢᠭ ᠭᠦᠷᠳᠡᠭᠦ ᠶᠢ ᠪᠡᠶᠡᠯᠡᠭᠦᠯᠦᠨ᠎ᠠ︔ ᠪᠣᠯᠪᠠᠰᠤᠨ ᠤ ᠰᠣᠯᠢᠯᠴᠠᠭ᠎ᠠ ᠶᠠᠷᠢᠯᠴᠠᠭ᠎ᠠ ᠶᠢ ᠠᠬᠢᠭᠤᠯᠵᠤ᠂ ᠯᠠᠲ᠋ᠢᠨ | ᠠᠮᠧᠷᠢᠺᠠ ᠪᠣᠯᠣᠨ ᠺᠠᠷᠢᠪᠧ ᠶᠢᠨ ᠤᠯᠤᠰ ᠤᠳ — ᠳᠤᠮᠳᠠᠳᠤ ᠤᠯᠤᠰ ᠤᠨ ᠠᠷᠠᠳ ᠲᠦᠮᠡᠨ ᠤ ᠬᠠᠷᠢᠯᠴᠠᠨ | ᠣᠶᠢᠯᠠᠭᠠᠯᠴᠠᠵᠤ ᠬᠠᠷᠢᠯᠴᠠᠨ ᠳᠣᠲᠣᠨᠣ ᠪᠠᠶᠢᠬᠤ ᠶᠢ ᠠᠭᠢᠭᠤᠯᠤᠨ᠎ᠠ︔ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ | ᠡᠷᠬᠡ ᠰᠦᠷ ᠢ ᠡᠷᠡᠰ ᠬᠠᠮᠠᠭᠠᠯᠠᠵᠤ᠂ ᠳᠡᠯᠡᠬᠡᠢ ᠶᠢᠨ ᠪᠠ ᠭᠠᠵᠠᠷ ᠣᠷᠣᠨ ᠤ ᠡᠩᠬᠡ ᠲᠠᠶᠢᠪᠤᠩ ᠲᠣᠭᠲᠠᠭᠤᠨ ᠪᠠᠶᠢᠳᠠᠯ ᠢ | ᠬᠠᠮᠠᠭᠠᠯᠠᠵᠤ᠂ ᠤᠯᠠᠨ ᠲᠠᠯᠠᠲᠤ ᠦᠵᠡᠯ᠂ ᠴᠢᠯᠦᠭᠡᠲᠦ ᠠᠷᠠᠯᠵᠢᠶ᠎ᠠ ᠶᠢ ᠳᠡᠮᠵᠢᠵᠦ᠂ ᠭᠠᠭᠴᠠ ᠲᠠᠯᠠᠲᠤ ᠦᠵᠡᠯ᠂ ᠬᠠᠮᠠᠭᠠᠯᠠᠬᠤ | ᠦᠵᠡᠯ᠂ ᠬᠦᠴᠦᠷᠬᠡᠭᠯᠡᠯ ᠤᠨ ᠤᠯᠤᠰ ᠲᠦᠷᠦ ᠪᠠ ᠡᠵᠡᠷᠬᠡᠵᠦ ᠳᠠᠷᠤᠯᠠᠬᠤ ᠠᠵᠢᠯᠯᠠᠭ᠎ᠠ ᠶᠢ ᠡᠰᠡᠷᠭᠦᠴᠡᠨ᠂ ᠪᠦᠭᠦ | ᠪᠥᠮᠪᠥᠷᠴᠡᠭ ᠤᠨ ᠬᠥᠭᠵᠢᠵᠦ ᠪᠠᠶᠢᠭ᠎ᠠ ᠤᠯᠤᠰ ᠤᠳ ᠤᠨ ᠬᠠᠮᠲᠤ ᠶᠢᠨ ᠠᠰᠢᠭ ᠲᠤᠰᠠ ᠶᠢ ᠬᠠᠮᠠᠭᠠᠯᠠᠨ᠎ᠠ ᠭᠡᠵᠦ | ᠢᠯᠡᠳᠬᠡᠵᠡᠭᠡᠪᠡ᠃ | ᠲᠤᠰ ᠡᠳᠦᠷ ᠤᠨ ᠦᠳᠡ ᠳᠤ ᠰᠢ ᠶᠢᠨ ᠫᠢᠩ ᠬᠤᠷᠠᠯ ᠳᠤ ᠣᠷᠣᠯᠴᠠᠬᠰᠠᠨ ᠯᠠᠲ᠋ᠢᠨ ᠠᠮᠧᠷᠢᠺᠠ ᠪᠣᠯᠣᠨ ᠺᠠᠷᠢᠪᠧ ᠶᠢᠨ | ᠤᠯᠤᠰ ᠤᠳ ᠤᠨ ᠬᠢᠨ ᠤ ᠤᠳᠤᠷᠢᠳᠬᠤ ᠬᠥᠮᠥᠰ ᠵᠢᠴᠢ ᠡᠯ᠎ᠡ ᠲᠥᠯᠥᠭᠡᠯᠡᠭᠴᠢᠳ ᠤᠨ ᠪᠦᠯᠭᠦᠮ ᠤᠨ ᠳᠠᠷᠤᠭ᠎ᠠ ᠶᠢ | ᠤᠭᠲᠤᠬᠤ ᠳᠠᠶᠢᠯᠠᠯᠭ᠎ᠠ ᠬᠢᠪᠡ᠃ | ᠼᠠᠢ ᠴᠢ᠂ ᠶᠢᠨ ᠯᠢ ᠨᠠᠷ ᠳᠡᠭᠡᠷ᠎ᠡ ᠳᠤᠷᠠᠳᠤᠭᠰᠠᠨ ᠠᠵᠢᠯᠯᠠᠭ᠎ᠠ ᠳᠤ ᠣᠷᠣᠯᠴᠠᠪᠠ᠃ | ᠸᠠᠩ ᠢ ᠡᠭᠢᠯᠡᠯᠲᠡ ᠶᠢᠨ ᠶᠣᠰᠣᠯᠠᠯ ᠢ ᠡᠷᠭᠢᠯᠡᠪᠡ᠃ |