ᠵᠡᠭᠦᠨ ᠦᠵᠦᠮᠦᠴᠢᠨ ᠬᠤᠰᠢᠭᠤ《ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ》ᠰᠢᠷᠢᠰ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2025/5/16
      5 ᠳ᠋ᠤᠭᠠᠷ ᠰᠠᠷ᠎ᠠ ᠶᠢᠨ 8᠎ ᠤ ᠡᠳᠦᠷ᠂ ᠵᠡᠭᠦᠨ ᠦᠵᠦᠮᠦᠴᠢᠨ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠬᠤᠰᠢᠭᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ᠲᠠᠢ ᠬᠠᠮᠲᠤᠷᠠᠨ《ᠰᠠᠬᠢᠨ ᠪᠡᠷᠡᠯᠡᠵᠦ ᠬᠠᠷᠢᠯᠴᠠᠨ ᠬᠠᠪᠰᠤᠷᠤᠯᠴᠠᠬᠤ᠂ ᠪᠦᠯᠬᠦᠮᠳᠡᠨ ᠲᠡᠮᠡᠴᠡᠬᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠪᠥᠬᠦ ᠲᠠᠯ᠎ᠠ ᠪᠠᠷ          ᠠᠬᠢᠭᠤᠯᠬᠤ 》᠎ ᠪᠠᠷ ᠭᠤᠤᠯ ᠰᠡᠳᠦᠪ ᠪᠣᠯᠭᠠᠭᠰᠠᠨ ᠦᠨᠳᠦᠰᠦᠲᠡᠨ ᠤ ᠲᠥᠷᠥ ᠶᠢᠨ ᠪᠣᠳᠣᠯᠭ᠎ᠠ ᠶᠢ ᠤᠬᠠᠭᠤᠯᠬᠤ ᠰᠠᠷ᠎ᠠ ᠶᠢᠨ ᠰᠢᠷᠢᠰ ᠠᠵᠢᠯᠯᠠᠭ᠎ᠠ ᠶᠢ ᠡᠷᠭᠢᠯᠡᠪᠡ᠃      ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠪᠠᠭᠠᠲᠤᠷ ᠠᠵᠢᠯᠯᠠᠭ᠎ᠠ ᠳᠤ ᠣᠷᠣᠯᠴᠠᠭᠰᠠᠨ ᠪᠥᠭᠡᠳ ᠪᠠᠶᠠᠷ ᠎ ᠤᠨ ᠦᠭᠡ ᠬᠡᠯᠡᠵᠡᠶ᠃      ᠠᠵᠢᠯᠯᠠᠭ᠎ᠠ ᠨᠢ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠎ ᠶᠢᠨ 《 ᠠᠨᠠᠷ ᠤᠨ ᠦᠷ᠎ᠡ 》᠎ ᠶᠢᠨ ᠭᠤᠤᠯ ᠰᠡᠳᠦᠪᠲᠦ ᠬᠤᠯᠪᠣᠭ᠎ᠠ ᠠᠪᠬᠤ ᠥᠷᠲᠡᠭᠡ᠂ ᠰᠢᠯᠢ ᠶᠢᠨ ᠭᠤᠤᠯ ᠤᠨ ᠬᠢᠯᠢ ᠶᠢᠨ ᠬᠠᠮᠢᠶᠠᠷᠤᠯᠲᠠ ᠶᠢᠨ ᠰᠠᠯᠪᠤᠷᠢ ᠠᠩᠭᠢ ᠶᠢᠨ ᠴᠠᠭᠳᠠᠭᠠᠨ ᠤ ᠶᠠᠪᠤᠳᠠᠯ ᠤᠨ ᠲᠤᠰᠠᠯᠠᠮᠵᠢ ᠶᠢᠨ ᠰᠠᠭᠤᠷᠢᠨ᠂ ᠵᠡᠭᠦᠨ ᠬᠠᠲᠠᠪᠴᠢ ᠪᠣᠭᠤᠮᠲᠠ᠂ ᠤᠯᠢᠶᠠᠰᠤᠲᠠᠢ ᠪᠠᠯᠭᠠᠰᠤᠨ ᠤ ᠮᠠᠨᠳᠤᠬᠤ ᠨᠡᠶᠢᠭᠡᠮ ᠲᠣᠭᠤᠷᠢᠭ ᠵᠢᠴᠢ ᠬᠤᠰᠢᠭᠤ ᠨᠣᠮ ᠎ ᠤᠨ ᠰᠠᠩ ᠵᠡᠷᠭᠡ ᠣᠯᠠᠨ ᠴᠢᠬᠤᠯᠠ ᠴᠡᠭ ᠢ ᠬᠠᠮᠤᠷᠴᠤ᠂ 《 ᠣᠨᠣᠯ + ᠦᠶᠯᠡᠳᠦᠯᠭᠡ 》᠂ 《 ᠰᠤᠷᠭᠠᠨ ᠬᠥᠮᠦᠵᠢᠯ + ᠪᠡᠶᠡᠴᠢᠯᠡᠨ ᠣᠶᠢᠯᠠᠭᠠᠬᠤ 》᠂ 《 ᠲᠣᠭᠤᠷᠢᠨ ᠦᠵᠡᠬᠦ + ᠬᠤᠪᠢᠶᠠᠯᠴᠠᠨ ᠡᠳ᠋ᠯᠡᠬᠦ 》 ᠵᠡᠷᠭᠡ ᠣᠯᠠᠨ ᠲᠠᠯᠠᠲᠤ ᠵᠠᠭᠪᠤᠷ ᠢᠶᠠᠷ ᠳᠠᠮᠵᠢᠭᠤᠯᠤᠨ᠂ ᠦᠨᠳᠦᠰᠦᠲᠡᠨ ᠤ ᠪᠦᠯᠬᠦᠮᠳᠡᠯ᠂ ᠲᠥᠯᠥᠭᠡᠯᠡᠭᠴᠢ ᠶᠢᠨ ᠡᠭᠦᠷᠭᠡ ᠲᠤᠰᠢᠶᠠᠯ ᠢᠶᠠᠨ ᠭᠦᠶᠴᠡᠳᠬᠡᠬᠦ᠂ ᠤᠯᠤᠰ ᠤᠨ ᠠᠮᠤᠷ ᠲᠦᠪᠰᠢᠨ ᠬᠢᠭᠡᠳ ᠰᠣᠶᠣᠯ ᠤᠨ ᠤᠯᠠᠮᠵᠢᠯᠠᠯ ᠢ ᠨᠢᠭᠲᠠ ᠤᠶᠠᠯᠳᠤᠭᠤᠯᠵᠤ᠂ ᠬᠢᠯᠢ ᠬᠢᠵᠠᠭᠠᠷ ᠣᠷᠣᠨ ᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢ ᠠᠬᠢᠭᠤᠯᠬᠤ ᠰᠢᠨ᠎ᠡ ᠶᠢ ᠡᠭᠦᠳᠬᠦ ᠠᠷᠭ᠎ᠠ ᠵᠠᠮ ᠢ ᠠᠮᠢᠳᠤᠯᠢᠭ ᠢᠶᠠᠷ ᠲᠠᠶᠢᠯᠪᠤᠷᠢᠯᠠᠪᠠ᠃      ᠠᠵᠢᠯᠯᠠᠭ᠎ᠠ ᠨᠢ ᠲᠠᠪᠤᠨ ᠶᠡᠭᠡ ᠭᠤᠤᠯ ᠰᠡᠳᠦᠪ ᠢ ᠪᠣᠰᠤᠭ᠎ᠠ ᠴᠣᠭᠴᠠᠵᠢᠭᠤᠯᠬᠤ ᠪᠠᠷ ᠳᠡᠮᠵᠢᠨ ᠬᠢᠯᠢ ᠬᠢᠵᠠᠭᠠᠷ ᠎ ᠤᠨ ᠵᠠᠰᠠᠯᠲᠠ ᠶᠢᠨ ᠣᠳᠣᠬᠢᠴᠢᠯᠠᠯᠲᠠ ᠶᠢᠨ ᠦᠷ᠎ᠡ ᠪᠦᠲᠦᠭᠡᠯ ᠢ ᠢᠯᠡᠷᠡᠭᠦᠯᠵᠦ᠂ ᠪᠥᠬᠦ ᠬᠤᠰᠢᠭᠤᠨ ᠤ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠪᠡ᠃  ︽ᠤᠯᠤᠰ ᠤᠨ ᠲᠤᠭ ᠮᠠᠨᠳᠤᠭᠤᠯᠵᠤ᠂ ᠬᠢᠯᠢ ᠶᠢᠨ ᠪᠣᠭᠤᠮᠲᠠ ᠶᠢ ᠭᠡᠶᠢᠭᠦᠯᠬᠦ︾ ᠠᠵᠢᠯᠯᠠᠭ᠎ᠠ ᠳᠤᠮᠳᠠ᠂ ᠤᠯᠤᠰ ᠤᠨ ᠲᠤᠭ ᠮᠠᠨᠳᠤᠭᠤᠯᠬᠤ  ᠶᠣᠰᠣᠯᠠᠯ  ᠶᠠᠪᠤᠭᠳᠠᠵᠤ᠂ ᠲᠠᠪᠤᠨ ᠣᠳᠣᠲᠤ ᠤᠯᠠᠭᠠᠨ ᠲᠤᠭ ᠠᠯᠭᠤᠷᠬᠠᠨ ᠢᠶᠠᠷ ᠨᠠᠮᠢᠷᠠᠵᠤ᠂ ᠡᠬᠡ ᠤᠯᠤᠰ ᠤᠨ ᠤᠮᠠᠷᠠᠲᠤ ᠬᠢᠯᠢ ᠳᠤ ᠥᠨᠳᠥᠷ ᠨᠠᠮᠢᠷᠠᠵᠦ᠂ ᠪᠥᠬᠦ ᠬᠥᠮᠦᠰ ᠲᠥᠪ ᠵᠣᠭᠰᠣᠨ  ᠶᠤᠰᠤᠯᠠᠵᠦ᠂ ᠡᠬᠡ ᠤᠯᠤᠰ ᠲᠤ ᠪᠠᠨ ᠭᠦᠨ ᠵᠤᠵᠠᠭᠠᠨ ᠬᠠᠶᠢᠷ᠎ᠠ ᠰᠡᠳᠬᠢᠯᠭᠡ ᠪᠠᠨ ᠢᠯᠡᠳᠬᠡᠨ᠎ᠡ᠃ ᠶᠣᠰᠣᠯᠠᠯ ᠤᠨ ᠳᠠᠷᠠᠭ᠎ᠠ ᠥᠷᠨᠢᠭᠦᠯᠦᠭᠰᠡᠨ 《 ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠲᠤᠭ ᠤᠨ ᠬᠠᠤᠯᠢ 》 ᠎ ᠶᠢᠨ ᠲᠤᠰᠬᠠᠶ ᠰᠡᠳᠦᠪᠲᠦ ᠲᠠᠶᠢᠯᠤᠮᠵᠢ ᠨᠢ ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠤ ᠤᠯᠤᠰ ᠤᠨ ᠲᠤᠭ ᠤᠨ ᠪᠡᠯᠭᠡᠳᠡᠯ ᠤᠨ ᠠᠴᠢ ᠬᠤᠯᠪᠣᠭᠳᠠᠯ ᠤᠨ ᠲᠤᠬᠠᠶ ᠣᠶᠢᠯᠠᠭᠠᠯᠲᠠ ᠶᠢ ᠭᠦᠨᠵᠡᠭᠡᠶᠢᠷᠡᠭᠦᠯᠵᠦ᠂ ᠠᠷᠠᠳ ᠢᠷᠭᠡᠳ ᠎ ᠤᠨ ᠬᠠᠤᠯᠢᠵᠢᠯ ᠤᠨ ᠦᠵᠡᠯᠲᠡ ᠶᠢ ᠦᠨᠡᠨ ᠬᠦ ᠴᠢᠩᠭᠠᠳᠬᠠᠵᠤ᠂ 《 ᠳᠤᠮᠳᠠᠳᠤ ᠶᠢᠨ ᠦᠨᠳᠦᠰᠦᠲᠡᠨ ᠨᠢᠭᠡ ᠬᠡᠷ ᠎ ᠤᠨ ᠬᠥᠮᠦᠨ ᠮᠡᠲᠦ ᠳᠣᠲᠣᠨᠣ᠂ ᠰᠡᠳᠬᠢᠯ ᠨᠢᠭᠡᠳᠦᠨ ᠳᠤᠮᠳᠠᠳᠤ ᠶᠢᠨ ᠵᠡᠭᠦᠳᠦ ᠶᠢ ᠬᠠᠮᠲᠤ ᠪᠠᠷ          ᠲᠡᠷᠭᠡᠯᠰᠢᠭᠦᠯᠬᠦ 》ᠦᠵᠡᠯ ᠰᠠᠨᠠᠭᠠᠨ ᠤ ᠬᠠᠮᠲᠤ ᠶᠢᠨ ᠲᠠᠨᠢᠯᠲᠠ ᠶᠢ ᠨᠢᠭᠲᠠᠷᠠᠭᠤᠯᠪᠠ᠃ ᠦᠨᠳᠦᠰᠦᠲᠡᠨ ᠤ ᠪᠦᠯᠬᠦᠮᠳᠡᠯ ᠤᠨ ᠲᠥᠷᠥ ᠶᠢᠨ ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠳᠤᠮᠳᠠ᠂《ᠮᠣᠩᠭᠤᠯ ᠮᠣᠷᠢᠨ ᠤ ᠵᠣᠷᠢᠭ ᠰᠠᠨᠠᠭ᠎ᠠ ᠶᠢ ᠪᠠᠳᠠᠷᠠᠭᠤᠯᠵᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠪᠥᠬᠦ ᠬᠦᠴᠦᠨ ᠢᠶᠠᠷ ᠢᠶᠠᠨ ᠠᠬᠢᠭᠤᠯᠤᠶ᠎ᠠ 》ᠭᠡᠬᠦ ᠪᠠᠷ ᠭᠤᠤᠯ ᠰᠡᠳᠦᠪ ᠪᠣᠯᠭᠠᠭᠰᠠᠨ ᠤᠬᠠᠭᠤᠯᠤᠨ ᠲᠠᠶᠢᠯᠪᠤᠷᠢᠯᠠᠭᠴᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠭᠵᠢᠯᠲᠡ ᠶᠢᠨ ᠦᠶᠯᠡᠳᠦᠯᠭᠡ ᠲᠠᠢ ᠤᠶᠠᠯᠳᠤᠭᠤᠯᠤᠨ᠂ 《 ᠲᠡᠰᠪᠦᠷᠢ ᠬᠠᠲᠠᠭᠤᠵᠢᠯᠲᠠᠶ᠂ ᠴᠤᠴᠠᠯᠲᠠ ᠥᠬᠡᠶ ᠤᠷᠤᠭᠰᠢᠯᠠᠵᠤ᠂ ᠵᠣᠷᠢᠭᠰᠠᠨ ᠳᠠᠭᠠᠨ ᠵᠠᠪᠠᠯ ᠬᠥᠷᠬᠦ 》 《 ᠮᠣᠩᠭᠤᠯ ᠮᠣᠷᠢᠨ ᠤ ᠵᠣᠷᠢᠭ ᠰᠠᠨᠠᠭ᠎ᠠ 》᠎ ᠶᠢᠨ ᠰᠢᠨ᠎ᠡ ᠴᠠᠭ ᠦᠶ᠎ᠡ ᠶᠢᠨ ᠠᠭᠤᠯᠤᠭᠳᠠᠬᠤᠨ ᠢ ᠭᠦᠨᠵᠡᠭᠡᠶ ᠲᠣᠳᠣᠷᠬᠠᠶᠢᠯᠠᠨ ᠥᠭᠦᠯᠡᠪᠡ᠃ ᠬᠤᠷᠠᠯ ᠳᠤ ᠣᠷᠣᠯᠴᠠᠭᠰᠠᠳ ᠶᠡᠬᠡᠳᠡ ᠵᠣᠷᠢᠭᠵᠢᠵᠤ᠂ ᠮᠣᠩᠭᠤᠯ ᠮᠤᠷᠢᠨ ᠤ ᠵᠣᠷᠢᠭ ᠰᠠᠨᠠᠭ᠎ᠠ ᠶᠢ ᠠᠵᠢᠯ ᠤᠨ ᠪᠣᠳᠠᠲᠤ ᠪᠠᠶᠢᠳᠠᠯ ᠳᠤ ᠠᠭᠤᠰᠤᠯᠴᠠᠭᠤᠯᠵᠤ᠂ ᠠᠵᠤ ᠦᠢᠯᠡᠰ ᠎ ᠤᠨ ᠬᠥᠭᠵᠢᠯᠲᠡ᠂ ᠠᠮᠢ ᠠᠬᠤᠢ ᠶᠢᠨ ᠬᠠᠮᠠᠭᠠᠯᠠᠯᠲᠠ᠂ ᠠᠷᠠᠳ ᠤᠨ ᠠᠮᠢᠳᠤᠷᠠᠯ ᠤᠨ ᠰᠠᠶᠢᠵᠢᠷᠠᠯᠲᠠ ᠵᠡᠷᠭᠡ ᠬᠦᠷᠢᠶᠡᠨ ᠎ ᠳᠤ ᠵᠣᠷᠢᠭᠲᠠᠢ ᠪᠠᠷ ᠡᠭᠦᠷᠭᠡ ᠬᠠᠷᠢᠭᠤᠴᠠᠯᠭ᠎ᠠ ᠡᠭᠦᠷᠭᠡᠯᠡᠵᠦ᠂ ᠬᠢᠯᠢ ᠬᠢᠵᠠᠭᠠᠷ ᠤᠨ ᠬᠥᠭᠵᠢᠯ ᠴᠡᠴᠡᠭᠯᠡᠯ ᠤᠨ ᠰᠢᠨ᠎ᠡ ᠵᠢᠷᠤᠭ ᠲᠥᠰᠦᠪ ᠢ ᠬᠠᠮᠲᠤ ᠪᠠᠷ ᠵᠢᠷᠤᠭᠯᠠᠨ᠎ᠠ ᠭᠡᠵᠦ ᠰᠠᠨᠠᠯ ᠨᠢᠭᠡᠲᠡᠢ ᠢᠯᠡᠳᠬᠡᠪᠡ᠃ ᠡᠭᠦᠷᠭᠡ ᠬᠠᠷᠢᠭᠤᠴᠠᠯᠭ᠎ᠠ ᠪᠠᠨ ᠭᠦᠶᠴᠡᠳᠬᠡᠵᠦ ᠬᠥᠭᠵᠢᠯᠲᠡ ᠶᠢ ᠠᠬᠢᠭᠤᠯᠬᠤ ᠠᠵᠢᠯᠯᠠᠭ᠎ᠠ ᠳᠤᠮᠳᠠ᠂《 ᠲᠥᠯᠥᠭᠡᠯᠡᠭᠴᠢᠳ ᠤᠨ ᠦᠶᠯᠡᠳᠦᠯ ᠢ ᠭᠦᠶᠴᠡᠳ ᠪᠠᠳᠠᠷᠠᠭᠤᠯᠵᠤ᠂ ᠪᠥᠬᠦ ᠶᠠᠪᠤᠴᠠ ᠶᠢᠨ ᠠᠷᠠᠳ ᠤᠨ ᠠᠷᠠᠳᠴᠢᠯᠠᠯ ᠢ ᠦᠶᠯᠡᠳᠦᠯᠭᠡᠵᠢᠭᠦᠯᠵᠦ ᠦᠨᠳᠦᠰᠦᠲᠡᠨ ᠎ ᠤ ᠪᠦᠯᠬᠦᠮᠳᠡᠯ ᠳᠠᠪᠰᠢᠯᠲᠠ ᠶᠢ ᠠᠬᠢᠭᠤᠯᠬᠤ 》᠎ ᠪᠠᠷ ᠭᠤᠤᠯ ᠰᠡᠳᠦᠪ ᠪᠣᠯᠭᠠᠭᠰᠠᠨ ᠤᠬᠠᠭᠤᠯᠤᠨ ᠲᠠᠶᠢᠯᠪᠤᠷᠢᠯᠠᠯᠲᠠ ᠬᠢᠵᠦ᠂ ᠰᠢᠨ᠎ᠡ ᠴᠠᠭ ᠦᠶ᠎ᠡ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢ ᠰᠠᠶᠢᠲᠤᠷ ᠬᠢᠬᠦ ᠳᠤ ᠤᠯᠤᠰ ᠲᠥᠷᠥ ᠶᠢᠨ ᠵᠢᠯᠣᠭᠤᠳᠣᠯᠭ᠎ᠠ ᠪᠠᠷ ᠦᠵᠡᠯ ᠰᠠᠨᠠᠭᠠᠨ ᠤ ᠰᠠᠭᠤᠷᠢ ᠶᠢ ᠪᠠᠬᠢᠵᠢᠭᠦᠯᠵᠦ᠂ ᠰᠢᠨ᠎ᠡ ᠶᠢ ᠡᠭᠦᠳᠬᠦ ᠠᠷᠭ᠎ᠠ ᠪᠣᠳᠣᠯᠭ᠎ᠠ ᠪᠠᠷ ᠲᠥᠯᠥᠭᠡᠯᠡᠭᠴᠢᠳ ᠤᠨ ᠡᠭᠦᠷᠭᠡᠯᠡᠯ ᠢ ᠢᠯᠡᠷᠡᠭᠦᠯᠵᠦ᠂ ᠪᠥᠬᠦ ᠶᠠᠪᠤᠴᠠ ᠎ ᠶᠢᠨ ᠠᠷᠠᠳ ᠤᠨ ᠠᠷᠠᠳᠴᠢᠯᠠᠯ ᠢ ᠦᠶᠯᠡᠳᠦᠯᠭᠡᠵᠢᠭᠦᠯᠬᠦ ᠳᠤᠮᠳᠠ ᠬᠢᠯᠢ ᠬᠢᠵᠠᠭᠠᠷ ᠤᠨ ᠦᠨᠳᠦᠰᠦᠲᠡᠨ ᠤ ᠪᠦᠯᠬᠦᠮᠳᠡᠯ ᠎ ᠤᠨ ᠦᠶᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃ ᠪᠦᠬᠦ ᠤᠯᠤᠰ ᠎ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠡᠷᠳᠡᠨᠢᠳᠠᠯᠠᠢ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠵᠢᠱᠢᠶᠡᠴᠢ ᠬᠤᠪᠢ ᠬᠥᠮᠦᠨ᠂ ᠪᠦᠬᠦ ᠤᠯᠤᠰ ᠤᠨ ᠬᠥᠳᠡᠯᠮᠦᠷᠢ ᠶᠢᠨ ᠵᠢᠱᠢᠶᠡᠴᠢ᠂ ᠬᠢᠯᠢ ᠬᠢᠵᠠᠭᠠᠷ ᠢ ᠬᠠᠮᠠᠭᠠᠯᠠᠭᠴᠢ ᠵᠡᠷᠭᠡ ᠤᠯᠠᠨ ᠲᠠᠯ᠎ᠠ ᠶᠢᠨ ᠬᠢᠷᠢ ᠬᠡᠮ ᠲᠠᠢ ᠪᠠᠨ ᠤᠶᠠᠯᠳᠤᠭᠤᠯᠵᠤ᠂ ᠪᠦᠬᠦ ᠤᠯᠤᠰ ᠤᠨ ᠬᠤᠶᠠᠷ ᠬᠤᠷᠠᠯ ᠳᠤ ᠰᠠᠨᠠᠯ ᠰᠠᠨᠠᠭᠤᠯᠭ᠎ᠠ ᠳᠤᠷᠠᠳᠬᠤ᠂ ᠬᠢᠯᠢ ᠬᠢᠵᠠᠭᠠᠷ ᠤᠨ ᠵᠠᠰᠠᠯᠲᠠ ᠶᠢᠨ ᠦᠢᠯᠡᠳᠦᠯᠭᠡ ᠵᠡᠷᠭᠡ ᠠᠮᠢᠳᠤ ᠰᠣᠷᠭᠤᠭ ᠬᠡᠷᠡᠭ ᠤᠨ ᠵᠢᠱᠢᠶ᠎ᠡ ᠶᠢ ᠬᠤᠪᠢᠶᠠᠯᠴᠠᠬᠤ ᠪᠠᠷ ᠳᠠᠮᠵᠢᠨ᠂ ᠲᠥᠯᠥᠭᠡᠯᠡᠭᠴᠢᠳ ᠎ ᠤᠨ ᠦᠯᠢᠭᠡᠷ ᠳᠠᠭᠤᠷᠢᠶᠠᠯ ᠢᠶᠠᠷ ᠵᠢᠯᠤᠭᠤᠳᠤᠯᠭ᠎ᠠ ᠪᠣᠯᠭᠠᠵᠤ᠂ ᠬᠢᠯᠢ ᠬᠢᠵᠠᠭᠠᠷ ᠢ ᠰᠠᠬᠢᠵᠤ ᠬᠢᠯᠢ ᠬᠢᠵᠠᠭᠠᠷ ᠢ ᠬᠠᠮᠠᠭᠠᠯᠠᠬᠤ᠂ ᠤᠯᠠᠨ ᠲᠦᠮᠡᠨ ᠳᠤ ᠦᠢᠯᠡᠴᠢᠯᠡᠬᠦ ᠳᠤᠮᠳᠠ ᠡᠭᠦᠷᠭᠡ ᠬᠠᠷᠢᠭᠤᠴᠠᠯᠭ᠎ᠠ ᠪᠠᠨ ᠦᠢᠯᠡᠳᠦᠯᠭᠡᠵᠢᠭᠦᠯᠵᠦ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠠᠬᠢᠭᠤᠯᠬᠤ ᠶᠢ ᠵᠣᠷᠢᠭᠵᠢᠭᠤᠯᠪᠠ᠃ ᠤᠯᠤᠰ ᠤᠨ ᠠᠮᠤᠷ ᠲᠦᠪᠰᠢᠨ ᠎ ᠤ ᠬᠥᠮᠦᠵᠢᠯ ᠦᠶᠯᠡᠳᠦᠯᠭᠡ ᠶᠢᠨ ᠠᠵᠢᠯᠯᠠᠭ᠎ᠠ ᠳᠤᠮᠳᠠ᠂ ᠣᠯᠠᠨ ᠢᠶᠠᠷ ᠢᠶᠠᠨ ᠰᠢᠯᠢ ᠶᠢᠨ ᠭᠤᠤᠯ ᠤᠨ ᠬᠢᠯᠢ ᠶᠢᠨ ᠬᠠᠮᠢᠶᠠᠷᠤᠯᠲᠠ ᠶᠢᠨ ᠰᠠᠯᠪᠤᠷᠢ ᠠᠩᠭᠢ ᠶᠢᠨ ᠴᠠᠭᠳᠠᠭᠠᠨ ᠤ ᠶᠠᠪᠤᠳᠠᠯ ᠤᠨ ᠲᠤᠰᠠᠯᠠᠮᠵᠢ ᠶᠢᠨ ᠰᠠᠭᠤᠷᠢᠨ ᠭᠠᠵᠠᠷ ᠪᠣᠯᠤᠨ ᠮᠣᠷᠢᠨ ᠨᠢᠷᠤᠭᠤᠨ ᠳᠡᠭᠡᠷᠡᠬᠢ ᠴᠠᠭᠳᠠᠭᠠᠨ ᠤ ᠠᠩᠭᠢ ᠶᠢ ᠬᠠᠮᠲᠤ ᠪᠠᠷ ᠲᠣᠭᠤᠷᠢᠨ ᠦᠵᠡᠵᠦ᠂ ᠤᠯᠠᠮᠵᠢᠯᠠᠯᠲᠤ ᠮᠣᠷᠢᠲᠤ ᠴᠡᠷᠢᠭ ᠤᠨ ᠲᠣᠭᠤᠷᠢᠨ ᠴᠠᠭᠳᠠᠬᠤ ᠮᠡᠷᠭᠡᠵᠢᠯ ᠬᠢᠭᠡᠳ ᠣᠲᠣ ᠦᠶ᠎ᠡ ᠶᠢᠨ ᠴᠢᠮᠡᠭᠡ ᠬᠤᠯᠪᠣᠭᠠᠨ ᠤ ᠲᠥᠬᠦᠭᠡᠷᠦᠮᠵᠢ ᠶᠢ ᠠᠭᠤᠰᠤᠯᠴᠠᠭᠤᠯᠤᠭᠰᠠᠨ ᠪᠣᠳᠠᠲᠤ ᠪᠠᠶᠢᠯᠳᠤᠭᠠᠨ ᠤ ᠦᠷ᠎ᠡ ᠪᠦᠲᠦᠮᠵᠢ ᠵᠢᠴᠢ ᠣᠯᠠᠨ ᠲᠠᠯᠠᠲᠤ ᠬᠢᠯᠢ ᠶᠢᠨ ᠰᠡᠷᠭᠡᠶᠢᠯᠡᠨ ᠡᠵᠡᠮᠳᠡᠬᠦ ᠰᠢᠰᠲ᠋ᠧᠮ ᠢ ᠭᠦᠨᠵᠡᠭᠡᠶ ᠣᠶᠢᠯᠠᠭᠠᠪᠠ᠃ ᠵᠡᠭᠦᠨ ᠦᠵᠦᠮᠦᠴᠢᠨ ᠪᠣᠭᠤᠮᠲᠠ ᠪᠣᠯᠤᠨ ᠵᠡᠭᠦᠨ ᠬᠠᠲᠠᠪᠴᠢ ᠬᠢᠯᠢ ᠶᠢᠨ ᠪᠠᠶᠢᠴᠠᠭᠠᠯᠲᠠ ᠶᠢᠨ ᠥᠷᠲᠡᠭᠡ ᠶᠢᠨ ᠪᠣᠭᠤᠮᠲᠠ ᠪᠠᠷ ᠥᠨᠳᠥᠷ ᠪᠦᠲᠦᠮᠵᠢᠲᠡᠶ ᠪᠥᠭᠡᠳ ᠲᠦᠷᠭᠡᠨ ᠥᠩᠭᠡᠷᠡᠬᠦ ᠨᠢ ᠤᠯᠤᠰ ᠤᠨ ᠡᠭᠦᠳᠡᠨ ᠤ ᠠᠮᠤᠷ ᠲᠦᠪᠰᠢᠨ ᠤ ᠰᠡᠷᠭᠡᠶᠢᠯᠡᠨ ᠡᠵᠡᠮᠳᠡᠬᠦ ᠪᠠᠶᠢᠭᠤᠯᠤᠯᠲᠠ ᠶᠢᠨ ᠦᠷ᠎ᠡ ᠪᠦᠲᠦᠭᠡᠯ ᠢ ᠢᠯᠡᠷᠡᠭᠦᠯᠪᠡ᠃ ᠲᠠᠷᠠᠭᠠᠴᠢ ᠶᠢᠨ ᠬᠢᠯᠢ ᠶᠢᠨ ᠬᠥᠰᠢᠶ᠎ᠡ ᠶᠢ ᠤᠯᠠᠭᠠᠨ ᠢᠶᠠᠷ ᠵᠢᠷᠤᠭᠯᠠᠬᠤ᠂ ᠬᠤᠯᠪᠣᠭᠠᠯᠠᠨ ᠬᠢᠯᠢ ᠴᠠᠭᠳᠠᠬᠤ ᠵᠡᠷᠭᠡ ᠦᠶᠯᠡᠳᠦᠯᠭᠡ ᠨᠢ ᠪᠥᠬᠦ ᠬᠥᠮᠦᠰ ᠤᠨ ᠤᠯᠤᠰ ᠤᠨ ᠬᠢᠯᠢ ᠶᠢᠨ ᠱᠤᠭᠤᠮ ᠳᠡᠭᠡᠷ᠎ᠡ《 ᠤᠯᠤᠰ ᠤᠨ ᠠᠮᠤᠷ ᠲᠦᠪᠰᠢᠨ ᠢ ᠬᠥᠮᠦᠨ ᠪᠦᠬᠦᠨ ᠬᠠᠷᠢᠭᠤᠴᠠᠯᠭ᠎ᠠ ᠪᠠᠨ ᠭᠦᠶᠴᠡᠳᠬᠡᠬᠦ 》 ᠢᠲᠡᠭᠡᠯ ᠪᠢᠰᠢᠷᠡᠯ ᠤᠨ ᠰᠠᠭᠤᠷᠢ ᠶᠢ ᠤᠯᠠᠮ ᠨᠢᠭᠡ ᠠᠯᠬᠤᠮ ᠪᠠᠬᠢᠵᠢᠭᠦᠯᠪᠡ᠃ ᠳᠤᠮᠳᠠᠳᠤ ᠶᠢᠨ ᠰᠣᠶᠣᠯ ᠢ ᠤᠯᠠᠮᠵᠢᠯᠠᠨ ᠵᠠᠯᠭᠠᠮᠵᠢᠯᠠᠵᠤ ᠰᠣᠯᠢᠯᠴᠠᠬᠤ ᠠᠵᠢᠯᠯᠠᠭ᠎ᠠ ᠳᠤᠮᠳᠠ᠂ ᠣᠯᠠᠨ ᠢᠶᠠᠷ ᠢᠶᠠᠨ ᠤᠯᠢᠶᠠᠰᠤᠲᠠᠢ ᠪᠠᠯᠭᠠᠰᠤᠨ ᠤ ᠮᠠᠨᠳᠤᠬᠤ ᠨᠡᠶᠢᠭᠡᠮ ᠲᠣᠭᠤᠷᠢᠭ ᠲᠤ ᠲᠣᠰ ᠨᠡᠶᠢᠭᠡᠮ ᠲᠣᠭᠤᠷᠢᠭ ᠤᠨ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠤᠭᠰᠠᠨ ᠲᠠᠯ᠎ᠠ ᠶᠢᠨ ᠲᠡᠷᠢᠭᠦᠨ ᠤ ᠲᠤᠷᠰᠢᠯᠭ᠎ᠠ ᠶᠢ ᠣᠶᠢᠯᠠᠭᠠᠵᠤ᠂ ᠬᠡᠰᠡᠭ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠬᠡᠷ ᠲᠤ ᠲᠤᠰᠢᠶᠠᠯ ᠬᠠᠷᠢᠭᠤᠴᠠᠯᠭ᠎ᠠ ᠪᠠᠨ ᠭᠦᠶᠴᠡᠳᠬᠡᠬᠦ ᠲᠤᠬᠠᠶ ᠲᠤᠷᠰᠢᠯᠭ᠎ᠠ ᠪᠠᠨ ᠬᠤᠪᠢᠶᠠᠯᠴᠠᠪᠠ  ᠃ ᠠᠵᠢᠯᠯᠠᠭ᠎ᠠ ᠶᠢᠨ ᠬᠤᠭᠤᠴᠠᠭᠠᠨ ᠳᠤ᠂ ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠪᠠᠰᠠ ᠤᠷᠠᠨ ᠰᠠᠶᠢᠬᠠᠨ ᠤ ᠲᠣᠭᠯᠠᠯᠲᠠ ᠶᠢᠨ ᠬᠡᠯᠪᠡᠷᠢ ᠪᠠᠷ ᠡᠬᠡ ᠤᠯᠤᠰ ᠤᠨ ᠢᠶᠠᠨ ᠲᠤᠬᠠᠶ ᠬᠠᠶᠢᠷ᠎ᠠ ᠪᠠ ᠵᠥᠩᠨᠡᠯ ᠎ ᠢᠶᠠᠨ ᠢᠯᠡᠳᠬᠡᠵᠦ᠂ ᠬᠠᠮᠤᠭ ᠰᠡᠭᠦᠯ ᠳᠤ ᠶᠠᠪᠤᠭᠳᠠᠭᠰᠠᠨ ᠨᠣᠮ ᠬᠤᠪᠢᠶᠠᠯᠴᠠᠬᠤ ᠬᠤᠷᠠᠯ ᠨᠢ ᠤᠮᠠᠷᠠᠲᠤ ᠬᠢᠯᠢ ᠶᠢᠨ ᠰᠣᠶᠣᠯ ᠤᠨ ᠲᠤᠬᠠᠶ ᠣᠯᠠᠨ ᠤ ᠭᠦᠨᠵᠡᠭᠡᠶ ᠮᠡᠳᠡᠷᠡᠮᠵᠢ ᠪᠠ ᠵᠣᠷᠢᠭ ᠰᠠᠨᠠᠭᠠᠨ ᠤ ᠬᠠᠮᠲᠤ ᠶᠢᠨ ᠲᠤᠰᠬᠠᠯ ᠢ ᠨᠠᠩ ᠬᠥᠭᠵᠢᠭᠡᠪᠡ  ᠃ ᠵᠡᠭᠦᠨ ᠦᠵᠦᠮᠦᠴᠢᠨ ᠬᠤᠰᠢᠭᠤ ᠲᠣᠰ ᠤᠳᠠᠭ᠎ᠠ ᠶᠢᠨ ᠦᠨᠳᠦᠰᠦᠲᠡᠨ ᠤ ᠲᠥᠷᠥ ᠶᠢᠨ ᠪᠣᠳᠣᠯᠭ᠎ᠠ ᠎ ᠶᠢᠨ ᠤᠬᠠᠭᠤᠯᠭ᠎ᠠ ᠶᠢᠨ ᠰᠠᠷ᠎ᠠ ᠶᠢᠨ ᠰᠢᠷᠢᠰ ᠠᠵᠢᠯᠯᠠᠭ᠎ᠠ ᠪᠠᠷ ᠦᠶᠯᠡᠳᠦᠯᠭᠡ ᠶᠢᠨ ᠰᠢᠨ᠎ᠡ ᠭᠠᠷᠤᠭ᠎ᠠ ᠪᠣᠯᠭᠠᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠰᠢᠨ᠎ᠡ ᠶᠢ ᠡᠭᠦᠳᠬᠦ ᠠᠷᠭ᠎ᠠ ᠬᠡᠮᠵᠢᠶ᠎ᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠰᠢᠰᠲ᠋ᠧᠮᠵᠢᠭᠰᠡᠨ ᠤᠬᠠᠭᠤᠯᠭ᠎ᠠ ᠬᠥᠮᠦᠵᠢᠯ᠂ ᠪᠠᠶᠢᠩᠭᠤᠵᠢᠭᠰᠠᠨ ᠦᠶᠯᠡᠳᠦᠯᠭᠡ᠂ ᠪᠣᠰᠤᠭ᠎ᠠ ᠴᠣᠭᠴᠠᠲᠤ ᠠᠭᠤᠰᠤᠯᠴᠠᠯ ᠢᠶᠠᠷ ᠳᠠᠮᠵᠢᠭᠤᠯᠤᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢᠨ ᠭᠦᠨᠵᠡᠭᠡᠶ ᠬᠥᠭᠵᠢᠯᠲᠡ ᠶᠢ ᠠᠬᠢᠭᠤᠯᠵᠤ᠂ ᠰᠢᠨ᠎ᠡ ᠴᠠᠭ ᠦᠶ᠎ᠡ ᠶᠢᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠶᠯᠡᠰ ᠲᠤ ᠨᠠᠩ ᠣᠯᠠᠨ 《 ᠬᠢᠯᠢ ᠬᠢᠵᠠᠭᠠᠷ ᠤᠨ ᠬᠠᠷᠢᠭᠤᠯᠲᠠ ᠎ ᠶᠢᠨ ᠬᠠᠭᠤᠳᠠᠰᠤ 》᠎ ᠶᠢ ᠪᠢᠴᠢᠭᠯᠡᠬᠦ ᠪᠣᠯᠤᠨ᠎ᠠ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号