ᠶᠡᠷᠦᠩᠬᠡᠶ ᠱᠦᠵᠢ ᠰᠢ ᠶᠢᠨ ᠫᠢᠩ ᠤᠨ ᠵᠢᠭᠤᠯᠴᠢᠯᠠᠯ ᠤᠨ ᠠᠵᠢᠯ ᠤᠨ ᠲᠤᠬᠠᠶ ᠴᠢᠬᠤᠯᠠ ᠥᠭᠦᠯᠡᠯᠲᠡ ᠪᠠ | ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠳᠤᠮᠳᠠᠳᠤ | ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠤᠯ ᠰᠢᠵᠢᠮ | ᠪᠤᠯᠭᠠᠨ᠂ ︽ᠤᠮᠠᠷᠠᠲᠤ ᠬᠢᠯᠢ ᠶᠢᠨ ᠰᠣᠶᠣᠯ︾ ᠤᠨ ᠪᠠᠶᠢᠭᠤᠯᠤᠯᠲᠠ ᠶᠢ ᠳᠡᠭᠡᠭᠰᠢᠯᠡᠭᠦᠯᠬᠦ ᠠᠵᠢᠯᠯᠠᠭ᠎ᠠ ᠪᠠᠷ | ᠤᠳᠤᠷᠢᠳᠤᠮᠵᠢ ᠪᠤᠯᠭᠠᠵᠤ᠂ ︽ᠠᠶᠠᠯᠭᠤᠳᠤ ᠵᠢᠭᠤᠯᠴᠢᠯᠠᠯ ᠥᠪᠥᠷ ᠮᠣᠩᠭᠤᠯ ︾ ᠤᠨ ᠨᠠᠷᠠᠲᠤ ᠲᠡᠮᠳᠡᠭ ᠤᠨ | ᠪᠠᠶᠢᠭᠤᠯᠤᠯᠲᠠ ᠶᠢ ᠠᠬᠢᠭᠤᠯᠵᠤ᠂ ᠦᠵᠡᠮᠵᠢ ᠶᠢᠨ ᠣᠷᠣᠨ ( ᠴᠡᠭ ) ᠤ ᠡᠵᠡᠩᠨᠡᠯᠲᠡ ᠶᠢᠨ ᠰᠡᠳᠬᠢᠮᠵᠢ ᠶᠢ ᠤᠯᠠᠮ | ᠨᠢᠭᠡ ᠠᠯᠬᠤᠮ ᠦᠷᠭᠡᠳᠬᠡᠨ᠂ ᠦᠶᠯᠡᠴᠢᠯᠡᠭᠡᠨ ᠤ ᠤᠬᠠᠮᠰᠠᠷ ᠪᠠ ᠵᠢᠭᠤᠯᠴᠢᠯᠠᠯ ᠤᠨ ᠠᠮᠤᠷ ᠲᠦᠪᠰᠢᠨ ᠤ | ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠴᠢᠩᠭᠠᠳᠬᠠᠵᠤ᠂ ᠰᠢᠯᠢᠳᠡᠭ᠂ ᠠᠮᠤᠷ ᠲᠦᠪᠰᠢᠨ ᠵᠢᠭᠤᠯᠴᠢᠯᠠᠯ ᠤᠨ | ᠡᠵᠡᠩᠨᠡᠯᠲᠡ ᠶᠢᠨ ᠣᠷᠴᠢᠨ ᠲᠣᠭᠤᠷᠢᠨ ᠢ ᠡᠭᠦᠳᠬᠦ ᠶᠢᠨ ᠲᠦᠯᠦᠭᠡ᠂ 5 ᠰᠠᠷ᠎ᠠ ᠶᠢᠨ 9 ᠤ ᠡᠳᠦᠷ᠂ ᠮᠠᠨ ᠤ | ᠬᠤᠰᠢᠭᠤᠨ ᠤ ᠰᠣᠶᠣᠯ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶᠠᠨᠢ 2025 ᠣᠨ ᠤ ᠵᠡᠭᠦᠨ | ᠦᠵᠦᠮᠦᠴᠢᠨ ᠬᠤᠰᠢᠭᠤᠨ ᠤ ᠵᠢᠭᠤᠯᠴᠢᠯᠠᠯ ᠤᠨ ᠠᠵᠢᠯᠲᠠᠨ ᠤ ᠴᠢᠳᠠᠪᠤᠷᠢ ᠶᠢ ᠳᠡᠭᠡᠭᠰᠢᠯᠡᠭᠦᠯᠬᠦ ᠪᠣᠯᠪᠠᠰᠤᠷᠠᠯ ᠤᠨ | ᠠᠩᠭᠢ ᠡᠷᠬᠢᠯᠡᠵᠡᠢ᠃ | ᠪᠦᠬᠦ ᠬᠤᠰᠢᠭᠤᠨ ᠤ ᠡᠯ᠎ᠡ ᠰᠤᠮᠤ ᠪᠠᠯᠭᠠᠰᠤ᠂ ᠡᠯ᠎ᠡ ᠵᠢᠭᠤᠯᠴᠢᠯᠠᠯ ᠤᠨ ᠦᠢᠯᠡᠰ ᠤᠨ ᠲᠥᠯᠥᠭᠡᠯᠡᠭᠴᠢ | ᠪᠣᠯᠪᠠᠰᠤᠷᠠᠯ ᠳᠤ ᠣᠷᠣᠯᠴᠠᠪᠠ᠃ | ᠪᠤᠯᠪᠠᠰᠤᠷᠠᠯ ᠳᠤ ᠤᠯᠠᠭᠠᠶ ᠬᠠᠮᠢᠶᠠᠷᠤᠯᠲᠠ ᠶᠢᠨ ᠣᠷᠣᠨ ᠤ ᠨᠠᠮ ᠤᠨ ᠠᠵᠢᠯᠯᠠᠬᠤ ᠬᠤᠷᠢᠶ᠎ᠠ ᠶᠢᠨ ᠨᠢᠭᠡᠳᠦᠮᠡᠯ | ᠹᠷᠣᠨᠲ ᠤᠨ ᠬᠡᠯᠲᠡᠰ ᠤᠨ ᠪᠠᠶᠢᠩᠭᠤ ᠶᠢᠨ ᠳᠡᠳ᠋ ᠳᠠᠷᠤᠭ᠎ᠠ᠂ ᠦᠶᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ | ᠲᠡᠷᠢᠭᠦᠯᠡᠭᠴᠢ᠂ ᠠᠵᠢᠯᠴᠢᠨ ᠤ ᠡᠪᠯᠡᠯ ᠤᠨ ᠲᠡᠷᠢᠭᠦᠯᠡᠭᠴᠢ ᠬᠤ᠋ ᠮᠢᠩ ᠺᠠᠶ ᠶᠢ ᠤᠷᠢᠨ ᠤᠳᠠᠭᠠᠨ ᠵᠢᠯ ᠤᠨ ᠰᠣᠶᠣᠯ | ᠵᠢᠭᠤᠯᠴᠢᠯᠠᠯ ᠤᠨ ᠠᠵᠢᠯ ᠤᠨ ᠲᠤᠷᠰᠢᠯᠭ᠎ᠠ ᠶᠢᠨ ᠲᠤᠬᠠᠶ ᠬᠤᠪᠢᠶᠠᠯᠴᠠᠪᠠ ᠃ | ᠪᠤᠯᠪᠠᠰᠤᠷᠠᠯ ᠢᠶᠠᠷ ᠳᠠᠮᠵᠢᠭᠤᠯᠤᠨ᠂ ᠪᠤᠯᠪᠠᠰᠤᠷᠠᠯ ᠳᠤ ᠣᠷᠣᠯᠴᠠᠭᠰᠠᠳ ᠤᠨ ᠵᠢᠭᠤᠯᠴᠢᠯᠠᠯ ᠤᠨ ᠬᠥᠭᠵᠢᠯᠲᠡ | ᠶᠢᠨ ᠰᠡᠳᠬᠢᠮᠵᠢ ᠶᠢ ᠤᠯᠠᠮ ᠨᠢᠭᠡ ᠠᠯᠬᠤᠮ ᠥᠷᠭᠡᠳᠬᠡᠵᠦ᠂ ᠲᠡᠳᠡᠨ ᠢ ᠬᠥᠲᠥᠯᠥᠨ ᠵᠢᠯᠣᠭᠤᠳᠴᠤ ᠪᠠᠶᠢᠭᠠᠳ | ᠬᠡᠷᠬᠢᠨ ᠣᠳᠣ ᠶᠢᠨ ᠪᠠᠶᠢᠭ᠎ᠠ ᠣᠷᠣᠨ ᠪᠦᠰᠡ ᠶᠢᠨ ᠡᠬᠢ ᠪᠠᠶᠠᠯᠢᠭ ᠢ ᠰᠠᠶᠢᠲᠤᠷ ᠠᠰᠢᠭᠯᠠᠵᠤ᠂ ᠲᠤᠬᠠᠶ ᠶᠢᠨ ᠭᠠᠵᠠᠷ | ᠣᠷᠣᠨ ᠤ ᠪᠠᠶᠢᠳᠠᠯ ᠳᠤᠨᠢ ᠲᠣᠬᠢᠷᠠᠭᠤᠯᠤᠨ᠂ ᠳᠠᠪᠠᠭᠤᠯᠢᠭ ᠢᠶᠠᠨ ᠪᠠᠳᠠᠷᠠᠭᠤᠯᠬᠤ ᠶᠢᠨ ᠬᠠᠮᠲᠤ᠂ ᠵᠠᠬ᠎ᠠ ᠳᠡᠯᠭᠡᠭᠦᠷ ᠢ | ᠣᠶᠢᠯᠠᠭᠠᠬᠤ᠂ ᠬᠠᠮᠲᠤᠷᠠᠯᠴᠠᠭ᠎ᠠ ᠪᠠᠨ ᠴᠢᠩᠭᠠᠳᠬᠠᠬᠤ ᠪᠠᠷ ᠳᠠᠮᠵᠢᠭᠤᠯᠤᠨ᠂ ᠣᠷᠣᠨ ᠪᠦᠰᠡ ᠶᠢᠨ ᠨᠡᠷᠡᠲᠦ ᠲᠥᠷᠥᠯ | ᠲᠡᠮᠳᠡᠭᠲᠦ ᠶᠢᠨ ᠬᠥᠭᠵᠢᠯᠲᠡ ᠶᠢ ᠤᠯᠠᠮ ᠨᠢᠭᠡ ᠠᠯᠬᠤᠮ ᠦᠷᠭᠡᠳᠬᠡᠵᠡᠢ᠃ | ᠰᠣᠶᠣᠯ ᠵᠢᠭᠤᠯᠴᠢᠯᠠᠯ ᠤᠨ ᠠᠵᠢᠯ ᠡᠷᠭᠢᠯᠡᠭᠰᠡᠳ ᠤᠨ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠮᠤᠷ | ᠲᠦᠪᠰᠢᠨ ᠤ ᠤᠬᠠᠮᠰᠠᠷ ᠢ ᠪᠦᠲᠦᠮᠵᠢᠲᠡᠶ ᠳᠡᠭᠡᠭᠰᠢᠯᠡᠭᠦᠯᠵᠦ᠂ ᠰᠣᠶᠣᠯ ᠪᠠ ᠵᠢᠭᠤᠯᠴᠢᠯᠠᠯ ᠤᠨ ᠠᠵᠢᠯ ᠲᠥᠷᠥᠯ ᠤᠨ | ᠠᠮᠤᠷ ᠲᠦᠪᠰᠢᠨ ᠤ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠠᠮᠤᠷ ᠲᠦᠪᠰᠢᠨ ᠵᠢᠭᠤᠯᠴᠢᠯᠠᠯ ᠤᠨ ᠠᠮᠢᠨ | ᠰᠤᠳᠠᠰᠤ ᠶᠢ ᠪᠦᠲᠦᠮᠵᠢᠲᠡᠶ ᠪᠠᠲᠤᠯᠠᠬᠤ ᠶᠢᠨ ᠲᠥᠯᠥᠭᠡ᠂ ᠬᠤᠰᠢᠭᠤ ᠭᠠᠯ ᠰᠡᠷᠭᠡᠶᠢᠯᠡᠵᠦ ᠭᠠᠯ ᠤᠨᠲᠠᠷᠠᠭᠠᠬᠤ | ᠠᠪᠤᠷᠠᠨ ᠲᠤᠰᠠᠯᠠᠬᠤ ᠶᠡᠭᠡ ᠠᠩᠭᠢ ᠶᠢᠨ ᠲᠤᠰᠬᠠᠶ ᠮᠡᠷᠭᠡᠵᠢᠯ ᠤᠨ ᠠᠵᠢᠯᠲᠠᠨ ᠢ ᠤᠷᠢᠵᠤ ᠵᠢᠭᠤᠯᠴᠢᠯᠠᠯ ᠤᠨ ᠠᠵᠢᠯ | ᠲᠥᠷᠥᠯ ᠤᠨ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠮᠤᠷ ᠲᠦᠪᠰᠢᠨ ᠤ ᠮᠡᠳᠡᠯᠭᠡ ᠶᠢᠨ ᠲᠤᠬᠠᠢ ᠪᠣᠯᠪᠠᠰᠤᠷᠠᠯ | ᠬᠢᠵᠡᠢ ᠃ |