4 ᠰᠠᠷ᠎ᠠ ᠶᠢᠨ 23 ᠤ ᠡᠳᠦᠷ᠂ ᠳᠠᠭᠤᠳᠤᠨᠠᠭᠤᠷ ᠪᠠᠯᠭᠠᠰᠤ ︽4.23 ᠤ ᠳᠡᠯᠡᠬᠡᠢ ᠶᠢᠨ ᠨᠣᠮ ᠤᠩᠰᠢᠬᠤ | ᠡᠳᠦᠷ︾ ᠢᠶᠠᠷ ᠠᠵᠠ ᠲᠣᠬᠢᠶᠠᠯ ᠪᠣᠯᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠳᠤᠳᠬᠠᠬᠤ ᠭᠤᠣᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠦᠷᠨᠢᠬᠦᠯᠵᠦ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠭᠤᠣᠯ ᠰᠢᠵᠢᠮ ᠢ ᠪᠠᠲᠤ ᠡᠵᠡᠮᠳᠡᠵᠦ᠂ | ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠤᠬᠠᠭᠤᠯᠭ᠎ᠠ ᠬᠥᠮᠦᠵᠢᠯ ᠢ ᠬᠦᠨᠵᠡᠬᠡᠶᠢᠷᠡᠬᠦᠯᠪᠡ᠃ | ᠠᠵᠢᠯᠯᠠᠭ᠎ᠠ ᠨᠢ ᠠᠵᠢᠯᠳᠠᠳ ᠠᠴᠠ ᠤᠬᠠᠭᠤᠯᠤᠨ ᠲᠠᠶᠢᠯᠪᠤᠷᠢᠯᠠᠬᠤ᠂ ᠤᠬᠠᠭᠤᠯᠭ᠎ᠠ ᠶᠢᠨ ᠮᠠᠲ᠋ᠧᠷᠢᠶᠠᠯ | ᠲᠠᠷᠬᠠᠭᠠᠬᠤ᠂ ᠺᠠᠳ᠋ᠷ ᠠᠵᠢᠯᠲᠠᠨ ᠤ ᠨᠣᠮ ᠤᠩᠰᠢᠬᠤ ᠠᠵᠢᠯᠯᠠᠭ᠎ᠠ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ ᠺᠠᠳ᠋ᠷ | ᠤᠯᠠᠨ ᠲᠦᠮᠡᠨ ᠳᠤ ᠬᠠᠮᠢᠶ᠎ᠠ ᠪᠦᠬᠦᠢ ᠮᠡᠳᠡᠯᠭᠡ ᠶᠢ ᠤᠬᠠᠭᠤᠯᠪᠠ᠃ ᠤᠬᠠᠭᠤᠯᠤᠨ ᠳᠠᠶᠢᠯᠪᠦᠷᠢᠯᠠᠬᠤ ᠳᠤᠮᠳᠠ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠭᠦᠨᠵᠡᠭᠡᠢ ᠠᠭᠤᠯᠤᠭᠳᠠᠬᠤᠨ᠂ | ᠴᠢᠬᠤᠯᠠ ᠶᠡᠭᠡ ᠠᠴᠢ ᠬᠤᠯᠪᠣᠭᠳᠠᠯ ᠢ ᠢᠳᠡᠪᠬᠢᠲᠡᠢ ᠲᠠᠶᠢᠯᠪᠤᠷᠢᠯᠠᠨ ᠥᠭᠴᠦ ᠤᠯᠠᠨ ᠢᠶᠠᠷ ᠢᠶᠠᠨ ᠨᠡᠩ ᠶᠡᠭᠡ | ᠤᠶᠢᠯᠭᠠᠯᠳᠠ ᠲᠠᠢ ᠪᠤᠯᠪᠠ᠂ ᠺᠠᠳ᠋ᠷ ᠠᠵᠢᠯᠲᠠᠨ ︽ᠰᠢ ᠶᠢᠨ ᠫᠢᠩ ᠶᠡᠷᠦᠩᠬᠡᠢ ᠱᠦᠵᠢ ᠶᠢᠨ ᠰᠢᠷᠢᠰ ᠴᠢᠬᠤᠯᠠ | ᠶᠠᠷᠢᠶ᠎ᠠ︾᠂ ︽ᠰᠢ ᠶᠢᠨ ᠫᠢᠩ ᠤᠨ ᠵᠣᠬᠢᠶᠠᠯ ᠪᠦᠲᠦᠭᠡᠯ ᠤᠨ ᠰᠣᠩᠭᠤᠮᠠᠯ︾ ᠵᠡᠷᠭᠡ ᠦᠨᠳᠦᠰᠦᠲᠡᠨ ᠤ ᠲᠦᠷᠦ ᠶᠢᠨ | ᠪᠣᠳᠣᠯᠭ᠎ᠠ᠂ ᠰᠣᠶᠣᠯ ᠤᠨ ᠰᠣᠯᠢᠯᠴᠠᠭ᠎ᠠ᠂ ᠪᠦᠯᠬᠦᠮᠳᠡᠯ ᠤᠨ ᠦᠯᠢᠭᠡᠷ ᠢ ᠬᠠᠮᠤᠷᠤᠭᠰᠠᠨ ᠨᠣᠮ ᠪᠢᠴᠢᠭ ᠢ ᠨᠠᠷᠢᠨ | ᠨᠢᠮᠪᠠᠢ ᠰᠤᠩᠭᠤᠨ ᠤᠩᠰᠢᠨ ᠳᠦᠷᠦᠭᠳᠡᠯ ᠢᠶᠠᠨ ᠰᠤᠯᠢᠯᠴᠠᠪᠠ᠃ | ᠳᠤᠰ ᠬᠦᠳᠡᠯᠬᠡᠬᠡᠨ ᠨᠢ ᠦᠨᠳᠦᠰᠦᠲᠡᠨ ᠨᠦᠭᠦᠳ ᠤᠨ ᠤᠯᠠᠨ ᠲᠦᠮᠡᠨ ᠤ ᠨᠠᠮ ᠤᠨ ᠦᠨᠳᠦᠰᠦᠲᠡᠨ ᠤ | ᠤᠨᠤᠯ᠂ ᠲᠦᠷᠦ ᠶᠢᠨ ᠪᠣᠳᠣᠯᠭ᠎ᠠ ᠶᠢᠨ ᠳᠦᠪᠰᠢᠨ ᠶᠢ ᠳᠡᠭᠡᠭᠰᠢᠯᠡᠭᠦᠯᠵᠦ᠂ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠶᠢ ᠬᠥᠮᠥᠰ ᠤᠨ ᠰᠡᠳᠬᠢᠯ ᠳᠤ ᠨᠡᠩ ᠭᠦᠨ ᠤᠶᠢᠯᠠᠭᠠᠭᠤᠯᠪᠠ᠃ | | ᠳᠠᠷᠠᠭᠠᠴᠢ ᠶᠢᠨ ᠠᠯᠬᠤᠮ ᠳᠤ᠂ ᠳᠠᠭᠤᠳᠤᠨᠠᠭᠤᠷ ᠪᠠᠯᠭᠠᠰᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠳᠤᠳᠬᠠᠬᠤ ᠶᠢ ᠪᠦᠬᠦ ᠠᠵᠢᠯ ᠤᠨ ᠭᠤᠣᠯ ᠱᠤᠭᠤᠮ ᠪᠤᠯᠭᠠᠵᠦ᠂ ᠰᠢ ᠶᠢᠨ ᠫᠢᠩ | ᠶᠡᠷᠦᠩᠬᠡᠢ ᠱᠦᠵᠢ ᠶᠢᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ | ᠰᠠᠨᠠᠭ᠎ᠠ ᠶᠢ ᠦᠷᠭᠦᠯᠵᠢᠯᠡᠨ ᠭᠦᠨᠵᠡᠭᠡᠢ ᠳᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠣᠯᠠᠨ ᠬᠡᠯᠪᠡᠷᠢ ᠶᠢᠨ | ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢ ᠪᠠᠶᠢᠩᠭᠤᠵᠢᠭᠤᠯᠤᠨ ᠥᠷᠨᠢᠭᠦᠯᠵᠦ᠂ ᠪᠥᠬᠦ ᠪᠠᠯᠭᠠᠰᠤᠨ ᠤ | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠲᠦᠯᠬᠢᠨ | ᠠᠬᠢᠭᠤᠯᠤᠨ᠎ᠠ᠃ |