ᠦᠨᠳᠦᠰᠦᠨ ᠱᠠᠲᠤᠨ ᠳᠤ ᠨᠠᠮ ᠢ ᠪᠥᠬᠦ ᠲᠠᠯ᠎ᠠ ᠪᠠᠷ ᠴᠢᠩᠭ᠎ᠠ ᠵᠠᠰᠠᠬᠤ ᠶᠢ ᠦᠷᠭᠦᠯᠵᠢᠯᠡᠨ | ᠭᠦᠨᠵᠡᠭᠡᠶᠢᠷᠡᠭᠦᠯᠵᠦ᠂ ᠪᠥᠬᠦ ᠰᠣᠮᠤᠨ ᠤ ᠺᠠᠳ᠋ᠷᠴᠤᠳ ᠤᠨ ᠡᠭᠦᠷᠭᠡ ᠲᠤᠰᠢᠶᠠᠯ ᠢᠶᠠᠨ ᠭᠦᠢᠴᠡᠳᠭᠡᠬᠦ ᠴᠢᠳᠠᠪᠤᠷᠢ ᠪᠠ | ᠬᠠᠤᠯᠢ ᠴᠠᠭᠠᠵᠠ ᠰᠠᠬᠢᠯᠭ᠎ᠠ ᠪᠠᠲᠤ ᠶᠢᠨ ᠦᠵᠡᠯᠲᠡ ᠶᠢ ᠳᠡᠭᠡᠭᠰᠢᠯᠡᠭᠦᠯᠬᠦ ᠶᠢᠨ ᠲᠥᠯᠥᠭᠡ᠂ 5 ᠰᠠᠷ᠎ᠠ ᠶᠢᠨ 8 ᠤ ᠡᠳᠦᠷ | ᠂ ᠭᠠᠬᠢᠯ ᠰᠤᠮᠤ ︽ᠬᠥᠳᠡᠭᠡ ᠲᠣᠰᠬᠤᠨ ᠤ ᠦᠨᠳᠦᠰᠦᠨ ᠱᠠᠲᠤᠨ ᠤ ᠺᠠᠳ᠋ᠷ ᠤᠨ ᠠᠷᠢᠭᠤᠨ ᠴᠢᠬᠡᠴᠢ ᠪᠠᠷ ᠲᠤᠰᠢᠶᠠᠯ | ᠬᠠᠷᠢᠭᠤᠴᠠᠯᠭ᠎ᠠ ᠪᠠᠨ ᠭᠦᠢᠴᠡᠳᠬᠡᠬᠦ ᠲᠣᠭᠲᠠᠭᠠᠯ︾ ᠤᠨ ᠰᠤᠷᠤᠯᠴᠠᠯᠭ᠎ᠠ ᠶᠢᠨ ᠬᠤᠷᠠᠯ ᠬᠤᠷᠠᠯᠳᠤᠭᠤᠯᠵᠤ᠂ | ᠤᠳᠤᠷᠢᠳᠬᠤ ᠪᠠᠭ ᠤᠨ ᠤᠳᠤᠷᠢᠳᠤᠯᠭ᠎ᠠ ᠪᠠ ᠪᠠᠶᠢᠭᠤᠯᠭ᠎ᠠ ᠶᠢᠨ ᠺᠠᠳ᠋ᠷ ᠰᠤᠷᠤᠯᠴᠠᠯᠭ᠎ᠠ ᠳᠤ ᠣᠷᠣᠯᠴᠠᠪᠠ᠃ | ᠰᠤᠮᠤᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠭᠡᠰᠢᠭᠦᠨ᠂ | ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠠᠯᠪᠠᠨ ᠭᠡᠷ ᠤᠨ ᠡᠷᠬᠢᠯᠡᠭᠴᠢ ᠴᠧᠩ | ᠳ᠋ᠦᠩ ︽ᠬᠥᠳᠡᠭᠡ ᠲᠣᠰᠬᠤᠨ ᠤ ᠦᠨᠳᠦᠰᠦᠨ ᠱᠠᠲᠤᠨ ᠤ ᠺᠠᠳ᠋ᠷ ᠤᠨ ᠠᠷᠢᠭᠤᠨ ᠴᠢᠬᠡᠴᠢ ᠪᠠᠷ ᠲᠤᠰᠢᠶᠠᠯ | ᠬᠠᠷᠢᠭᠤᠴᠠᠯᠭ᠎ᠠ ᠪᠠᠨ ᠭᠦᠢᠴᠡᠳᠬᠡᠬᠦ ᠲᠣᠭᠲᠠᠭᠠᠯ︾ ᠢ ᠨᠠᠷᠢᠨ ᠬᠢᠨᠠᠮᠠᠭᠠᠢ ᠲᠠᠶᠢᠯᠠᠪᠤᠷᠢᠯᠡᠭᠰᠡᠨ ᠪᠥᠭᠡᠳ ᠰᠤᠮᠤᠨ ᠤ | ᠪᠣᠳᠠᠲᠤ ᠪᠠᠶᠢᠳᠠᠯ ᠲᠠᠢ ᠤᠶᠠᠯᠳᠤᠭᠤᠯᠤᠨ ᠭᠤᠤᠯᠳᠠᠯᠭ᠎ᠠ ᠲᠠᠢ ᠬᠡᠰᠡᠭ ᠲᠤ ᠲᠠᠶᠢᠯᠤᠮᠵᠢ ᠬᠢᠵᠡᠶ᠃ | ᠬᠤᠷᠠᠯ ᠠᠴᠠ ᠴᠢᠬᠤᠯᠠᠴᠢᠯᠠᠭᠰᠠᠨ ᠨᠢ᠂ ᠨᠢᠭᠡ ᠳᠤ᠂ ᠤᠯᠤᠰ ᠲᠥᠷᠥ ᠶᠢᠨ ᠵᠣᠭᠰᠣᠴᠠ ᠪᠠᠨ | ᠳᠡᠭᠡᠭᠰᠢᠯᠡᠭᠦᠯᠵᠦ᠂ ᠬᠥᠳᠡᠭᠡ ᠲᠣᠰᠬᠤᠨ ᠤ ᠦᠨᠳᠦᠰᠦᠨ ᠱᠠᠲᠤᠨ ᠤ ᠺᠠᠳ᠋ᠷᠴᠤᠳ ᠤᠨ ᠠᠷᠢᠭᠤᠨ ᠴᠢᠬᠡᠴᠢ ᠪᠠᠷ | ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠶᠢᠨ ᠴᠢᠬᠤᠯᠠ ᠠᠴᠢ ᠬᠤᠯᠪᠣᠭᠳᠠᠯ ᠢ ᠭᠦᠨᠵᠡᠭᠡᠢ ᠲᠠᠨᠢᠵᠤ᠂ | ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠪᠠᠨ ᠦᠨᠡᠨ ᠬᠦ ᠴᠢᠩᠭᠠᠳᠬᠠᠬᠤ ᠬᠡᠷᠡᠭᠲᠡᠢ︔ ᠬᠤᠶᠠᠷ ᠲᠤ | ᠂ ᠥᠪᠡᠷ ᠢ ᠪᠠᠨ ᠬᠢᠵᠠᠭᠠᠷᠯᠠᠬᠤ ᠪᠠᠨ ᠴᠢᠩᠭᠠᠳᠬᠠᠵᠤ᠂ ᠤᠯᠠᠨ ᠲᠦᠮᠡᠨ ᠤ ᠬᠢᠨᠠᠯᠲᠠ ᠶᠢ ᠤᠬᠠᠮᠰᠠᠷ ᠠᠴᠠ ᠪᠠᠨ | ᠬᠦᠯᠢᠶᠡᠵᠦ᠂ ᠡᠷᠬᠡ ᠪᠠᠨ ᠭᠤᠣᠯᠴᠢ ᠪᠠᠷ ᠬᠡᠷᠡᠭᠯᠡᠵᠦ᠂ ᠠᠷᠢᠭᠤᠨ ᠴᠢᠬᠡᠴᠢ ᠪᠠᠷ ᠬᠡᠷᠡᠭᠯᠡᠬᠦ ᠬᠡᠷᠡᠭᠲᠡᠶ︔ ᠭᠤᠷᠪᠠ ᠳᠤ᠂ | ᠬᠢᠨᠠᠯᠲᠠ ᠲᠠᠯᠪᠢᠬᠤ ᠲᠣᠭᠲᠠᠴᠠ ᠶᠢ ᠪᠦᠷᠢᠨᠰᠢᠬᠦᠯᠵᠦ᠂ ᠥᠪᠥᠷ ᠮᠣᠩᠭᠤᠯ ᠤᠨ ︽ᠵᠢᠷᠭᠤᠭᠠᠨ ᠢᠨᠵᠧᠨᠧᠷᠢᠩ︾᠂ ︽ | ᠵᠢᠷᠭᠤᠭᠠᠨ ᠠᠵᠢᠯᠯᠠᠭ᠎ᠠ︾ ᠶᠢᠨ ᠪᠣᠳᠠᠲᠠᠢ ᠱᠠᠭᠠᠷᠳᠠᠯᠭ᠎ᠠ ᠶᠢ ᠪᠠᠷᠢᠮᠵᠢᠶᠠᠯᠠᠨ ᠬᠠᠷᠭᠤᠭᠤᠯᠵᠤ᠂ ᠤᠨᠤᠯ ᠤᠨ | ᠰᠤᠷᠤᠯᠴᠠᠯᠭ᠎ᠠ ᠶᠢ ᠰᠤᠮᠤᠨ ᠤ ᠪᠣᠳᠠᠲᠠᠶ ᠠᠵᠢᠯ ᠲᠠᠢ ᠨᠢᠭᠲᠠ ᠤᠶᠠᠯᠳᠤᠭᠤᠯᠵᠤ᠂ ᠰᠤᠷᠤᠯᠴᠠᠭᠰᠠᠨ ᠦᠷ᠎ᠡ | ᠪᠦᠲᠦᠭᠡᠯ ᠢᠶᠠᠨ ᠰᠤᠮᠤᠨ ᠤ ᠡᠯ᠎ᠡ ᠵᠦᠢᠯ ᠤᠨ ᠠᠵᠢᠯ ᠢ ᠠᠬᠢᠭᠤᠯᠬᠤ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠬᠤ | ᠬᠡᠷᠡᠭᠲᠡᠢ᠃ | ᠲᠣᠰ ᠤᠳᠠᠭᠠᠨ ᠤ ᠰᠤᠷᠤᠯᠴᠠᠯᠭ᠎ᠠ ᠪᠠᠷ ᠳᠡᠮᠵᠢᠨ᠂ ᠰᠤᠮᠤᠨ ᠤ ᠺᠠᠳ᠋ᠷᠴᠤᠳ ᠤᠨ ᠰᠠᠬᠢᠯᠭ᠎ᠠ ᠪᠠᠲᠤ ᠶᠢᠨ | ᠤᠬᠠᠮᠰᠠᠷ ᠪᠠ ᠶᠣᠰᠣ ᠳᠦᠷᠢᠮ ᠤᠨ ᠤᠬᠠᠮᠰᠠᠷ ᠢ ᠤᠯᠠᠮ ᠨᠢᠭᠡ ᠠᠯᠬᠤᠮ ᠴᠢᠩᠭᠠᠳᠬᠠᠵᠤ᠂ ᠰᠤᠮᠤᠨ ᠤ ᠡᠯ᠎ᠡ | ᠵᠦᠢᠯ ᠤᠨ ᠠᠵᠢᠯ ᠤᠨ ᠤᠷᠤᠭᠰᠢᠲᠠᠶ ᠶᠠᠪᠤᠭᠳᠠᠬᠤ ᠳᠤ ᠬᠦᠴᠦᠲᠡᠶ ᠪᠠᠲᠤᠯᠠᠭ᠎ᠠ ᠬᠠᠩᠭᠠᠭᠰᠠᠨ ᠪᠠᠶᠢᠨ᠎ᠠ᠃ ᠭᠠᠬᠢᠯ | ᠰᠤᠮᠤ ᠲᠤᠰ ᠤᠳᠠᠭᠠᠨ ᠤ ᠰᠤᠷᠤᠯᠴᠠᠯᠭ᠎ᠠ ᠪᠠᠷ ᠠᠵᠠ ᠲᠣᠬᠢᠶᠠᠯ ᠪᠣᠯᠭᠠᠨ ᠠᠷᠢᠭᠤᠨ ᠴᠢᠬᠡᠴᠢ ᠪᠠᠷ ᠵᠠᠰᠠᠭ ᠪᠠᠷᠢᠬᠤ | ᠬᠥᠮᠦᠵᠢᠯ ᠢ ᠦᠷᠭᠦᠯᠵᠢᠯᠡᠨ ᠴᠢᠩᠭᠠᠳᠬᠠᠵᠤ᠂ ᠬᠢᠨᠠᠯᠲᠠ ᠲᠠᠯᠪᠢᠬᠤ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ | ︽ᠬᠥᠳᠡᠭᠡ ᠲᠣᠰᠬᠤᠨ ᠤ ᠦᠨᠳᠦᠰᠦᠨ ᠱᠠᠲᠤᠨ ᠤ ᠺᠠᠳ᠋ᠷ ᠤᠨ ᠠᠷᠢᠭᠤᠨ ᠴᠢᠬᠡᠴᠢ ᠪᠠᠷ ᠲᠤᠰᠢᠶᠠᠯ | ᠬᠠᠷᠢᠭᠤᠴᠠᠯᠭ᠎ᠠ ᠪᠠᠨ ᠭᠦᠢᠴᠡᠳᠬᠡᠬᠦ ᠲᠣᠭᠲᠠᠭᠠᠯ︾ ᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠵᠤ᠂ ᠰᠤᠷᠲᠠᠯ | ᠴᠢᠬᠡᠴᠢ ᠣᠪᠣᠷ ᠲᠥᠪ ᠡᠭᠦᠷᠭᠡ ᠲᠤᠰᠢᠶᠠᠯ ᠢᠶᠠᠨ ᠭᠦᠢᠴᠡᠳᠬᠡᠬᠦ ᠣᠷᠴᠢᠨ ᠲᠣᠭᠤᠷᠢᠨ ᠢ ᠪᠤᠢ ᠪᠣᠯᠭᠠᠨ᠎ᠠ᠃ |