ᠭᠠᠬᠢᠯ ᠰᠤᠮᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠠᠩᠭᠢ ᠶᠢᠨ 2025 ᠣᠨ ᠤ ᠬᠠᠪᠤᠷ ᠤᠯᠠᠷᠢᠯ ᠤᠨ ᠤᠷᠭᠤᠯᠲᠠ ᠶᠢᠨ ᠬᠤᠭᠤᠴᠠᠭᠠᠨ ᠳᠠᠬᠢ ᠨᠡᠶᠢᠲᠡᠯᠢᠭ ᠬᠡᠷᠡᠭ ᠤᠨ ᠵᠢᠱᠢᠶ᠎ᠡ
ᠨᠡᠶᠢᠲᠡᠯᠡᠭᠰᠡᠨ ᠴᠠᠭ᠄
2025/5/16
      2025 ᠣᠨ ᠳᠤ ᠵᠡᠭᠦᠨ ᠦᠵᠦᠮᠦᠴᠢᠨ ᠬᠤᠰᠢᠭᠤᠨ ᠤ ᠭᠠᠬᠢᠯ ᠰᠤᠮᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠩᠭᠢ ᠨᠢ ᠬᠠᠪᠤᠷ ᠤᠨ ᠤᠯᠠᠷᠢᠯ ᠤᠨ ᠤᠷᠭᠤᠯᠲᠠ ᠶᠢᠨ ᠬᠤᠭᠤᠴᠠᠭᠠᠨ ᠳᠠᠬᠢ ᠪᠡᠯᠴᠢᠭᠡᠷ ᠰᠡᠷᠭᠦᠭᠡᠬᠦ ᠲᠣᠭᠲᠠᠭᠠᠯ ᠠᠴᠠ ᠵᠥᠷᠢᠴᠡᠨ ᠪᠡᠯᠴᠢᠭᠡᠷᠯᠡᠭᠦᠯᠦᠭᠰᠡᠨ ᠬᠠᠤᠯᠢ ᠠᠴᠠ ᠵᠥᠷᠢᠴᠡᠭᠰᠡᠨ 2 ᠬᠡᠷᠡᠭ ᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠵᠦ᠂ ᠡᠳᠦᠭᠡ ᠬᠠᠤᠯᠢ ᠠᠴᠠ ᠵᠥᠷᠢᠴᠡᠨ ᠪᠡᠯᠴᠢᠭᠡᠷᠯᠡᠭᠦᠯᠦᠭᠰᠡᠨ ᠨᠡᠶᠢᠲᠡᠯᠢᠭ ᠬᠡᠷᠡᠭ ᠢ ᠵᠠᠷᠯᠠᠨ ᠨᠡᠶᠢᠲᠡᠯᠡᠵᠦ᠂ ︽ᠬᠡᠷᠡᠭ ᠢᠶᠠᠷ ᠬᠠᠤᠯᠢ ᠶᠢ ᠲᠠᠶᠢᠯᠪᠤᠷᠢᠯᠠᠬᠤ︾ ᠬᠡᠯᠪᠡᠷᠢ ᠪᠠᠷ ᠳᠠᠮᠵᠢᠭᠤᠯᠵᠤ᠂ ᠬᠠᠷᠢᠶ᠎ᠠ ᠣᠷᠣᠨ ᠤ ᠮᠠᠯᠵᠢᠬᠤ ᠡᠷᠦᠬᠡ ᠶᠢᠨ ᠠᠮᠢ ᠠᠬᠤᠢ ᠶᠢᠨ ᠬᠠᠮᠠᠭᠠᠯᠠᠯᠲᠠ ᠶᠢᠨ ᠡᠭᠦᠷᠭᠡ ᠬᠠᠷᠢᠭᠤᠴᠠᠯᠭ᠎ᠠ ᠪᠠᠨ ᠢᠳᠡᠪᠬᠢᠲᠡᠢ ᠭᠦᠢᠴᠡᠳᠬᠡᠬᠦ ᠶᠢ ᠱᠠᠭᠠᠷᠳᠠᠶ᠎ᠠ᠃      ᠬᠡᠷᠡᠭ ᠤᠨ ᠵᠢᠱᠢᠶ᠎ᠡ 1᠄      ᠭᠠᠬᠢᠯ ᠰᠤᠮᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠩᠭᠢ ᠲᠣᠭᠤᠷᠢᠨ ᠪᠠᠶᠢᠴᠠᠭᠠᠬᠤ ᠶᠠᠪᠤᠴᠠ ᠳᠠᠭᠠᠨ᠂ ᠡᠷᠢᠶᠡᠨᠪᠤᠯᠠᠭ ᠭᠠᠴᠠᠭᠠᠨ ᠳᠤ ᠰᠤᠯᠠ ᠪᠡᠯᠴᠢᠵᠦ ᠪᠠᠶᠢᠭ᠎ᠠ ᠬᠤᠨᠢᠨ ᠰᠦᠷᠦᠭ ᠪᠠᠶᠢᠬᠤ ᠶᠢ ᠢᠯᠡᠷᠡᠭᠦᠯᠵᠦ᠂ ᠬᠠᠤᠯᠢ ᠬᠡᠷᠡᠭᠵᠢᠭᠦᠯᠬᠦ ᠠᠵᠢᠯᠲᠠᠨ ᠲᠤᠬᠠᠢ ᠶᠢᠨ ᠲᠠᠯᠠᠪᠤᠷ ᠲᠤ ᠰᠡᠭᠦᠳᠡᠷ ᠲᠠᠲᠠᠨ ᠭᠡᠷᠡᠴᠢ ᠠᠪᠴᠤ ᠪᠠᠶᠢᠴᠠᠭᠠᠵᠤ ᠬᠠᠷᠭᠤᠭᠤᠯᠤᠭᠰᠠᠨ ᠤ ᠳᠠᠷᠠᠭ᠎ᠠ᠂ ᠲᠣᠰ 21 ᠬᠤᠨᠢ ᠨᠢ ᠭᠠᠬᠢᠯ ᠰᠤᠮᠤᠨ ᠤ ᠮᠠᠯᠴᠢᠨ ᠬᠠ᠊ ᠣᠪᠤᠭᠲᠤ ᠶᠢᠨ ᠪᠥᠭᠡᠳ ᠲᠣᠰ ᠬᠤᠨᠢᠨ ᠰᠦᠷᠦᠭ ᠨᠢ ᠪᠡᠯᠴᠢᠭᠡᠷ ᠰᠡᠷᠭᠦᠭᠡᠬᠦ ᠲᠣᠭᠲᠠᠭᠰᠠᠨ ᠠᠵᠢᠯᠯᠠᠭᠠᠨ ᠤ ᠲᠠᠯᠠᠪᠤᠷ ᠪᠠ ᠰᠠᠭᠠᠬᠤ ᠲᠠᠭᠤᠬᠤ ᠲᠠᠯᠠᠪᠤᠷ ᠲᠤ ᠪᠠᠶᠢᠬᠤ ᠦᠭᠡᠢ ᠪᠠᠶᠢᠵᠤ᠂ ᠬᠤᠨᠢᠨ ᠰᠦᠷᠦᠭ ᠤᠨ ᠡᠵᠡᠨ ᠲᠠᠢ ᠬᠠᠷᠢᠯᠴᠠᠭᠰᠠᠨ ᠤ ᠳᠠᠷᠠᠭ᠎ᠠ ᠲᠡᠭᠦᠨ ᠢ ᠵᠠᠷᠯᠢᠭᠳᠠᠵᠤ ᠪᠠᠶᠢᠭᠠᠳ ᠪᠡᠯᠴᠢᠭᠡᠷ ᠰᠡᠷᠭᠦᠭᠡᠬᠦ ᠲᠣᠭᠲᠠᠭᠰᠠᠨ ᠠᠵᠢᠯᠯᠠᠭᠠᠨ ᠤ ᠲᠠᠯᠠᠪᠤᠷ ᠲᠤ ᠰᠢᠯᠵᠢᠭᠦᠯᠬᠦ ᠶᠢᠨ ᠬᠠᠮᠲᠤ ᠲᠣᠰ ᠲᠤᠬᠠᠢ ᠶᠢᠨ ᠬᠥᠮᠥᠨ ᠢ ᠬᠠᠤᠯᠢ ᠶᠣᠰᠣᠭᠠᠷ 2520  ᠲᠥᠭᠦᠷᠢᠭ ᠢᠶᠠᠷ ᠲᠣᠷᠭᠠᠨ ᠰᠢᠢᠳᠬᠡᠪᠡ᠃      ᠬᠡᠷᠡᠭ ᠤᠨ ᠵᠢᠱᠢᠶ᠎ᠡ 2᠄      ᠭᠠᠬᠢᠯ ᠰᠤᠮᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠩᠭᠢ ᠲᠣᠭᠤᠷᠢᠨ ᠪᠠᠶᠢᠴᠠᠭᠠᠬᠤ ᠶᠠᠪᠤᠴᠠ ᠳᠠᠭᠠᠨ᠂ ᠷᠠᠰᠢᠶᠠᠨᠪᠤᠯᠠᠭ ᠭᠠᠴᠠᠭᠠᠨ ᠳᠤ ᠰᠤᠯᠠ ᠪᠡᠯᠴᠢᠵᠦ ᠪᠠᠶᠢᠭ᠎ᠠ ᠦᠬᠡᠷ ᠤᠨ ᠰᠦᠷᠦᠭ ᠪᠠᠶᠢᠬᠤ ᠶᠢ ᠢᠯᠡᠷᠡᠭᠦᠯᠵᠦ᠂ ᠬᠠᠤᠯᠢ ᠬᠡᠷᠡᠭᠵᠢᠭᠦᠯᠬᠦ ᠠᠵᠢᠯᠲᠠᠨ ᠲᠤᠬᠠᠢ ᠶᠢᠨ ᠲᠠᠯᠠᠪᠤᠷ ᠲᠤ ᠰᠡᠭᠦᠳᠡᠷ ᠲᠠᠲᠠᠨ ᠭᠡᠷᠡᠴᠢ ᠠᠪᠴᠤ ᠪᠠᠶᠢᠴᠠᠭᠠᠵᠤ ᠬᠠᠷᠭᠤᠭᠤᠯᠤᠭᠰᠠᠨ ᠤ ᠳᠠᠷᠠᠭ᠎ᠠ᠂ ᠲᠣᠰ 13 ᠦᠬᠡᠷ ᠨᠢ ᠭᠠᠬᠢᠯ ᠰᠤᠮᠤᠨ ᠤ ᠷᠠᠰᠢᠶᠠᠨᠪᠤᠯᠠᠭ ᠭᠠᠴᠠᠭᠠᠨ ᠤ ᠲᠦᠷᠢᠶᠡᠰᠦᠨ ᠡᠷᠦᠬᠡ ᠢᠦᠢ ᠣᠪᠤᠭᠲᠤ ᠶᠢᠨ ᠪᠥᠭᠡᠳ ᠲᠣᠰ ᠦᠬᠡᠷ ᠤᠨ ᠰᠦᠷᠦᠭ ᠨᠢ ᠪᠡᠯᠴᠢᠭᠡᠷ ᠰᠡᠷᠭᠦᠭᠡᠬᠦ ᠲᠣᠭᠲᠠᠭᠰᠠᠨ ᠠᠵᠢᠯᠯᠠᠭᠠᠨ ᠤ ᠲᠠᠯᠠᠪᠤᠷ ᠲᠤ ᠪᠠᠶᠢᠬᠤ ᠦᠭᠡᠢ ᠪᠠᠶᠢᠵᠤ᠂ ᠦᠬᠡᠷ ᠤᠨ ᠰᠦᠷᠦᠭ ᠤᠨ ᠡᠵᠡᠨ ᠲᠠᠢ ᠬᠠᠷᠢᠯᠴᠠᠭᠰᠠᠨ ᠤ ᠳᠠᠷᠠᠭ᠎ᠠ ᠲᠡᠭᠦᠨ ᠢ ᠵᠠᠷᠯᠢᠭᠳᠠᠵᠤ ᠪᠠᠶᠢᠭᠠᠳ ᠪᠡᠯᠴᠢᠭᠡᠷ ᠰᠡᠷᠭᠦᠭᠡᠬᠦ ᠲᠣᠭᠲᠠᠭᠰᠠᠨ ᠠᠵᠢᠯᠯᠠᠭᠠᠨ ᠤ ᠲᠠᠯᠠᠪᠤᠷ ᠲᠤ ᠰᠢᠯᠵᠢᠭᠦᠯᠬᠦ ᠶᠢᠨ ᠬᠠᠮᠲᠤ ᠲᠣᠰ ᠲᠤᠬᠠᠢ ᠶᠢᠨ ᠬᠥᠮᠥᠨ ᠢ ᠬᠠᠤᠯᠢ ᠶᠣᠰᠣᠭᠠᠷ 7800 ᠲᠦᠭᠦᠷᠢᠭ ᠢᠶᠠᠷ ᠲᠣᠷᠭᠠᠨ ᠰᠢᠢᠳᠬᠡᠪᠡ᠃      ᠬᠤᠯᠪᠣᠭᠳᠠᠬᠤ ᠬᠠᠤᠯᠢ ᠴᠠᠭᠠᠵᠠ ᠶᠢᠨ ᠦᠨᠳᠦᠰᠦ ᠪᠠᠷᠢᠮᠲᠠ  ᠄      ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯ ᠪᠡᠯᠴᠢᠭᠡᠷ ᠤᠨ ᠲᠡᠩᠴᠡᠭᠦᠷᠢ ᠶᠢ ᠪᠠᠲᠤᠯᠠᠬᠤ ᠪᠠ ᠪᠡᠯᠴᠢᠭᠡᠷᠯᠡᠭᠦᠯᠬᠦ ᠶᠢ ᠵᠣᠭᠰᠤᠭᠠᠨ ᠪᠡᠯᠴᠢᠭᠡᠷ ᠢ ᠰᠡᠷᠭᠦᠭᠡᠬᠦ ᠳᠦᠷᠢᠮ︾ ᠤᠨ ᠠᠷᠪᠠᠨ ᠳᠣᠯᠣᠳᠤᠭᠠᠷ ᠵᠦᠢᠯ ᠢ ᠦᠨᠳᠦᠰᠦᠯᠡᠪᠡᠯ᠂ ᠨᠤᠲᠤᠭ ᠪᠡᠯᠴᠢᠭᠡᠷ ᠤᠨ ᠬᠡᠷᠡᠭᠯᠡᠭᠴᠢᠳ᠂ ᠨᠤᠲᠤᠭ ᠪᠡᠯᠴᠢᠭᠡᠷ ᠤᠨ ᠳᠠᠭᠠᠭᠠᠴᠢᠯᠠᠨ ᠡᠵᠡᠩᠨᠡᠭᠴᠢᠳ ᠮᠠᠯ ᠪᠡᠯᠴᠢᠭᠡᠷ ᠤᠨ ᠲᠡᠩᠴᠡᠭᠦᠷᠢ ᠶᠢ ᠪᠠᠲᠤᠯᠠᠬᠤ ᠪᠠ ᠪᠡᠯᠴᠢᠭᠡᠷᠯᠡᠭᠦᠯᠬᠦ ᠶᠢ ᠵᠣᠭᠰᠤᠭᠠᠨ ᠪᠡᠯᠴᠢᠭᠡᠷ ᠢ ᠰᠡᠷᠭᠦᠭᠡᠬᠦ ᠡᠭᠦᠷᠭᠡ ᠪᠠᠨ ᠭᠦᠢᠴᠡᠳᠬᠡᠵᠦ᠂ ᠬᠢᠨᠠᠨ ᠲᠣᠭᠲᠠᠭᠠᠭᠰᠠᠨ ᠪᠡᠯᠴᠢᠭᠡᠷ ᠤᠨ ᠳᠠᠭᠠᠭᠠᠴᠠ ᠠᠴᠠ ᠬᠡᠲᠦᠷᠡᠭᠦᠯᠦᠨ ᠮᠠᠯ ᠪᠡᠯᠴᠢᠭᠡᠷᠯᠡᠭᠦᠯᠵᠦ ᠪᠣᠯᠬᠤ ᠦᠭᠡᠢ᠂ ᠪᠡᠯᠴᠢᠭᠡᠷᠯᠡᠭᠦᠯᠬᠦ ᠶᠢ ᠵᠣᠭᠰᠤᠭᠠᠭᠰᠠᠨ ᠣᠷᠤᠨ ᠪᠠ ᠪᠠᠯᠴᠢᠭᠡᠷ ᠢ ᠰᠡᠷᠭᠦᠭᠡᠬᠦ ᠬᠤᠭᠤᠴᠠᠭᠠᠨ ᠳᠤ ᠮᠠᠯ ᠪᠡᠯᠴᠢᠭᠡᠷᠯᠡᠭᠦᠯᠵᠦ ᠪᠣᠯᠬᠤ ᠦᠭᠡᠢ᠃ ᠡᠵᠡᠩᠨᠡᠯᠲᠡ ᠶᠢᠨ ᠡᠷᠬᠡ ᠶᠢ ᠭᠦᠢᠯᠭᠡᠭᠡᠵᠦ ᠠᠪᠤᠭᠠᠳ ᠨᠤᠲᠤᠭ ᠪᠡᠯᠴᠢᠭᠡᠷ ᠢ ᠨᠢ ᠡᠵᠡᠩᠨᠡᠵᠦ ᠪᠠᠶᠢᠭ᠎ᠠ ᠵᠤᠬᠢᠶᠠᠨ ᠪᠠᠶᠢᠭᠤᠯᠤᠯᠲᠠ ᠪᠣᠯᠤᠨ ᠬᠤᠪᠢ ᠬᠦᠮᠦᠨ ᠮᠠᠯ ᠪᠡᠯᠴᠢᠭᠡᠷ ᠤᠨ ᠲᠡᠩᠴᠡᠭᠦᠷᠢ ᠶᠢ ᠪᠠᠲᠤᠯᠠᠬᠤ ᠪᠠ ᠪᠡᠯᠴᠢᠭᠡᠷᠯᠡᠭᠦᠯᠬᠦ ᠶᠢ ᠵᠣᠭᠰᠤᠭᠠᠨ ᠪᠡᠯᠴᠢᠭᠡᠷ ᠢ ᠰᠡᠷᠭᠦᠭᠡᠬᠦ ᠳᠦᠷᠢᠮ ᠢ ᠵᠢᠷᠤᠮᠯᠠᠨ ᠰᠠᠬᠢᠵᠤ᠂ ᠳᠠᠭᠠᠭᠠᠴᠢᠯᠠᠯᠲᠠ ᠶᠢᠨ ᠭᠡᠷ᠎ᠡ ᠵᠢᠴᠢ ᠡᠵᠡᠩᠨᠡᠯᠲᠡ ᠶᠢᠨ ᠡᠷᠬᠡ ᠶᠢ ᠭᠦᠢᠯᠭᠡᠭᠡᠯᠡᠬᠦ ᠭᠡᠷ᠎ᠡ ᠳᠤ ᠪᠣᠯᠵᠤᠨ ᠲᠣᠭᠲᠠᠭᠰᠠᠨ ᠬᠡᠷᠡᠭᠴᠡᠭᠡ ᠶᠣᠰᠤᠭᠠᠷ ᠨᠤᠲᠤᠭ ᠪᠡᠯᠴᠢᠭᠡᠷ ᠢ ᠵᠦᠢ ᠵᠣᠬᠢᠰᠲᠠᠢ ᠠᠰᠢᠭᠯᠠᠬᠤ ᠬᠡᠷᠡᠭᠲᠡᠢ᠃      ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯ ᠪᠡᠯᠴᠢᠭᠡᠷ ᠤᠨ ᠲᠡᠩᠴᠡᠭᠦᠷᠢ ᠶᠢ ᠪᠠᠲᠤᠯᠠᠬᠤ ᠪᠠ ᠪᠡᠯᠴᠢᠭᠡᠷᠯᠡᠭᠦᠯᠬᠦ ᠶᠢ ᠵᠣᠭᠰᠤᠭᠠᠨ ᠪᠡᠯᠴᠢᠭᠡᠷ ᠢ ᠰᠡᠷᠭᠦᠭᠡᠬᠦ ᠳᠦᠷᠢᠮ︾ ᠤᠨ ᠭᠤᠴᠢᠨ ᠲᠠᠪᠤᠳᠤᠭᠠᠷ ᠵᠦᠢᠯ ᠢ ᠦᠨᠳᠦᠰᠦᠯᠡᠪᠡᠯ᠂ ᠲᠣᠰ ᠳᠦᠷᠢᠮ ᠤᠨ ᠠᠷᠪᠠᠨ ᠳᠣᠯᠣᠳᠤᠭᠠᠷ ᠵᠦᠢᠯ ᠠᠴᠠ ᠵᠥᠷᠢᠴᠡᠵᠦ᠂ ᠬᠢᠨᠠᠨ ᠲᠣᠭᠲᠠᠭᠠᠭᠰᠠᠨ ᠲᠣᠬᠢᠷᠠᠮᠵᠢᠲᠠᠢ ᠪᠡᠯᠴᠢᠭᠡᠷ ᠤᠨ ᠳᠠᠭᠠᠭᠠᠴᠠ ᠠᠴᠠ ᠬᠡᠲᠦᠷᠡᠭᠦᠯᠦᠨ ᠮᠠᠯ ᠪᠡᠯᠴᠢᠭᠡᠷᠯᠡᠭᠦᠯᠦᠭᠰᠡᠨ ᠪᠠᠶᠢᠪᠠᠯ᠂ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠪᠤᠶᠤ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ  ᠠᠴᠠ ᠬᠤᠭᠤᠴᠠᠭ᠎ᠠ ᠲᠣᠭᠲᠠᠭᠠᠨ ᠵᠠᠯᠠᠷᠠᠭᠤᠯᠤᠨ᠎ᠠ᠂ ᠲᠣᠭᠲᠠᠭᠰᠠᠨ ᠬᠤᠭᠤᠴᠠᠭᠠᠨ ᠳᠣᠲᠤᠷ᠎ᠠ ᠵᠠᠯᠠᠷᠠᠭᠤᠯᠤᠭᠰᠠᠨ ᠦᠭᠡᠢ ᠪᠣᠯ ᠪᠡᠯᠴᠢᠭᠡᠷ ᠤᠨ ᠳᠠᠭᠠᠭᠠᠴᠠ ᠠᠴᠠ ᠬᠡᠲᠦᠲᠡᠭᠦᠯᠦᠨ ᠪᠡᠯᠴᠢᠭᠡᠷᠯᠡᠭᠦᠯᠦᠭᠰᠡᠨ ᠮᠠᠯ ᠤᠨᠤᠭ᠎ᠠ ᠳᠤ ᠬᠤᠨᠢᠴᠢᠯᠠᠭᠰᠠᠨ ᠨᠢᠭᠡᠴᠢ ᠪᠠᠷ ᠨᠢᠭᠡᠴᠢ ᠪᠦᠷᠢ ᠶᠢ 100 ᠲᠥᠭᠦᠷᠢᠭ ᠢᠶᠠᠷ ᠲᠣᠷᠭᠠᠨ᠎ᠠ᠃ ᠪᠡᠯᠴᠢᠭᠡᠷᠯᠡᠭᠦᠯᠬᠦ ᠶᠢ ᠵᠣᠭᠰᠤᠭᠠᠭᠰᠠᠨ ᠣᠷᠣᠨ ᠪᠤᠶᠤ  ᠪᠡᠯᠴᠢᠭᠡᠷ ᠢ ᠰᠡᠷᠭᠦᠭᠡᠬᠦ ᠬᠤᠭᠤᠴᠠᠭᠠᠨ ᠳᠤ ᠮᠠᠯ ᠪᠡᠯᠴᠢᠭᠡᠷᠯᠡᠭᠦᠯᠦᠭᠰᠡᠨ ᠪᠠᠶᠢᠪᠠᠯ᠂ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠪᠤᠶᠤ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠠᠴᠠ ᠵᠠᠷᠯᠢᠭᠳᠠᠨ  ᠵᠠᠯᠠᠷᠠᠭᠤᠯᠵᠤ᠂ ᠬᠠᠤᠯᠢ   ᠠᠴᠠ ᠵᠥᠷᠢᠴᠡᠨ ᠪᠡᠯᠴᠢᠭᠡᠷᠯᠡᠭᠦᠯᠦᠭᠰᠡᠨ ᠮᠠᠯ ᠤᠨᠤᠭ᠎ᠠ ᠳᠤ ᠬᠤᠨᠢᠴᠢᠯᠠᠭᠰᠠᠨ ᠨᠢᠭᠡᠴ᠊ ᠪᠦᠷᠢ ᠶᠢ 120 ᠲᠥᠭᠦᠷᠢᠭ ᠢᠶᠠᠷ ᠲᠣᠷᠭᠠᠨ᠎ᠠ᠃      ᠨᠡᠶᠢᠲᠡᠯᠢᠭ ᠤᠳᠬ᠎ᠠ  ᠄      ᠦᠷᠭᠡᠨ ᠣᠯᠠᠨ ᠮᠠᠯᠴᠢᠨ ᠲᠦᠮᠡᠨ ᠮᠢᠨᠢ᠂ ᠪᠡᠯᠴᠢᠭᠡᠷ ᠰᠡᠷᠭᠦᠭᠡᠬᠦ ᠬᠤᠭᠤᠴᠠᠭᠠᠨ ᠳᠤ ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠶᠢᠨ ᠡᠭᠦᠷᠭᠡ ᠪᠠᠨ ᠤᠬᠠᠮᠰᠠᠷ ᠠᠴᠠ ᠪᠠᠨ ᠭᠦᠢᠴᠡᠳᠬᠡᠵᠦ᠂ ᠬᠠᠪᠤᠷ ᠤᠨ ᠤᠯᠠᠷᠢᠯ ᠤᠨ ᠤᠷᠭᠤᠯᠲᠠ ᠶᠢᠨ ᠬᠤᠭᠤᠴᠠᠭᠠᠨ ᠳᠠᠬᠢ ᠪᠡᠯᠴᠢᠭᠡᠷ ᠰᠡᠷᠭᠦᠭᠡᠬᠦ ᠠᠵᠢᠯ ᠳᠤ ᠢᠳᠡᠪᠬᠢᠲᠡᠢ ᠬᠠᠮᠵᠢᠯᠴᠠᠵᠤ᠂ ᠨᠤᠲᠤᠭ ᠪᠡᠯᠴᠢᠭᠡᠷ ᠤᠨ ᠠᠮᠢ ᠠᠬᠤᠢ ᠶᠢᠨ ᠣᠷᠴᠢᠨ ᠨᠥᠬᠦᠴᠡᠯ ᠤᠨ ᠲᠡᠩᠴᠡᠭᠦᠷᠢ ᠪᠠ ᠦᠷᠭᠦᠯᠵᠢᠯᠡᠬᠦᠶᠢᠴᠡ ᠬᠥᠭᠵᠢᠯᠲᠡ ᠶᠢ ᠬᠠᠮᠠᠭᠠᠯᠠᠬᠤ ᠳᠤ ᠬᠠᠮᠲᠤ ᠪᠠᠷ ᠬᠦᠴᠦᠨ ᠴᠢᠳᠠᠯ ᠢᠶᠠᠨ ᠡᠷᠭᠦᠬᠦ ᠬᠡᠷᠡᠭᠲᠡᠢ ᠭᠡᠵᠦ ᠴᠢᠩ ᠰᠡᠳᠬᠢᠯ ᠠᠴᠠ ᠪᠠᠨ ᠰᠠᠨᠠᠭᠤᠯᠵᠤ ᠪᠠᠶᠢᠨ᠎ᠠ᠃
 
ᠢᠷᠡᠯᠲᠡ᠄ ᠭᠠᠬᠢᠯ ᠰᠣᠮᠣ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号