ᠬᠠᠳᠠᠪᠴᠢ ᠪᠠᠯᠭᠠᠰᠤᠨ ᠤ ᠨᠠᠮ ᠤᠨ ᠬᠤᠷᠢᠶ᠎ᠠ ᠨᠢ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ  ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠤᠨ ᠨᠣᠮ ᠤᠩᠰᠢᠬᠤ ᠠᠩᠭᠢ ᠡᠷᠭᠢᠯᠡᠪᠡ
ᠨᠡᠶᠢᠲᠡᠯᠡᠭᠰᠡᠨ ᠴᠠᠭ᠄
2025/5/16
      4 ᠰᠠᠷ᠎ᠠ ᠶᠢᠨ 7 ᠤ ᠡᠳᠦᠷ ᠠᠴᠠ 8 ᠤ ᠡᠳᠦᠷ ᠪᠣᠯᠲᠠᠯ᠎ᠠ᠂ ᠬᠠᠳᠠᠪᠴᠢ ᠪᠠᠯᠭᠠᠰᠤᠨ ᠤ ᠨᠠᠮ ᠤᠨ ᠬᠤᠷᠢᠶ᠎ᠠ  ᠨᠢ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠤᠨ ᠨᠣᠮ ᠤᠩᠰᠢᠬᠤ ᠠᠩᠭᠢ  ᠶᠢ ᠡᠷᠭᠢᠯᠡᠵᠦ᠂ ᠪᠠᠯᠭᠠᠰᠤᠨ ᠤ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ ᠳᠤᠭᠤᠶᠢᠯᠠᠩ ᠤᠨ ᠪᠦᠷᠢᠯᠳᠦᠬᠦᠨ ᠰᠤᠷᠤᠯᠴᠠᠯᠭ᠎ᠠ ᠳᠤ ᠣᠷᠣᠯᠴᠠᠪᠠ᠃      ᠨᠣᠮ ᠤᠩᠰᠢᠬᠤ ᠠᠩᠬᠢ ᠶᠢ ᠲᠥᠪᠯᠡᠷᠡᠭᠦᠯᠦᠨ ᠰᠤᠷᠤᠯᠴᠠᠬᠤ᠂ ᠬᠤᠪᠢ ᠬᠥᠮᠦᠨ ᠥᠪᠡᠷ ᠢᠶᠠᠨ ᠰᠤᠷᠤᠯᠴᠠᠬᠤ ᠪᠠ ᠰᠤᠳᠤᠯᠤᠨ ᠶᠠᠷᠢᠯᠴᠠᠵᠤ ᠰᠣᠯᠢᠯᠴᠠᠬᠤ ᠶᠢ ᠤᠶᠠᠯᠳᠤᠭᠤᠯᠬᠤ ᠠᠷᠭ᠎ᠠ ᠬᠡᠯᠪᠡᠷᠢ ᠪᠠᠷ ᠶᠠᠪᠤᠭᠳᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ︽ᠬᠤᠶᠠᠷ ᠭᠤᠶᠢᠪᠢᠰᠢ ᠦᠭᠡᠢ︾ ᠴᠢᠬᠤᠯᠠ ᠥᠭᠦᠯᠡᠯᠲᠡ ᠶᠢ ᠪᠠᠷᠢᠮᠲᠠᠯᠠᠬᠤ ᠪᠠ ᠨᠠᠶᠢᠳᠠᠪᠤᠷᠢᠵᠢᠭᠤᠯᠬᠤ ᠪᠠᠷ ᠨᠢᠭᠡᠳᠦᠭᠡᠷ ᠵᠥᠪᠯᠡᠬᠦ ᠰᠡᠳᠦᠪ ᠪᠣᠯᠭᠠᠵᠤ᠂ ︽ᠨᠠᠮ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠢ ᠰᠢ ᠶᠢᠨ ᠫᠢᠩ ᠤᠨ ᠥᠭᠦᠯᠡᠯᠲᠡ ᠶᠢᠨ ᠲᠡᠭᠦᠪᠦᠷᠢ︾᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠵᠢᠴᠢ ᠬᠡᠷᠡᠭᠵᠢᠭᠦᠯᠬᠦ ᠨᠠᠷᠢᠨ ᠲᠦᠷᠢᠮ ᠢ ᠭᠦᠨᠵᠡᠭᠡᠢ ᠰᠤᠷᠤᠯᠴᠠᠪᠠ᠃ ᠡᠭᠦᠨ ᠤ ᠬᠠᠮᠲᠤ ︽ᠰᠢ ᠶᠢᠨ ᠫᠢᠩ ᠤᠨ ᠨᠠᠮ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠶ ᠥᠭᠦᠯᠡᠯᠲᠡ ᠶᠢᠨ ᠲᠡᠭᠦᠪᠦᠷᠢ︾ ᠶᠢᠨ ᠲᠣᠭᠤᠷᠢᠨ ᠳᠤ᠂ ᠬᠤᠪᠢᠳᠠᠨ ᠬᠠᠮᠢᠶᠠᠷᠴᠤ ᠪᠠᠶᠢᠭ᠎ᠠ ᠠᠵᠢᠯ ᠲᠠᠢ ᠪᠠᠨ ᠤᠶᠠᠯᠳᠤᠭᠤᠯᠤᠨ ᠰᠠᠨᠠᠯ ᠢᠶᠠᠨ ᠰᠣᠯᠢᠯᠴᠠᠵᠤ ᠰᠤᠳᠤᠯᠤᠨ ᠶᠠᠷᠢᠯᠴᠠᠪᠠ᠃      ᠨᠢᠭᠡ ᠳᠤ᠂ ᠭᠦᠨᠵᠡᠭᠡᠢ ᠰᠤᠷᠤᠯᠴᠠᠨ ᠨᠠᠷᠢᠨ ᠣᠶᠢᠯᠠᠭᠠᠵᠤ ᠦᠨᠳᠦᠰᠦ ᠰᠠᠭᠤᠷᠢ ᠪᠠᠨ ᠴᠢᠩᠭᠠᠳᠬᠠᠬᠤ         ᠬᠡᠷᠡᠭᠲᠡᠢ᠃ ᠤᠬᠠᠮᠰᠠᠷ ᠠᠴᠠ ᠪᠠᠨ ︽ᠬᠤᠶᠠᠷ ᠢ ᠲᠣᠭᠲᠠᠭᠠᠬᠤ︾ ᠶᠢ ᠡᠷᠡᠰ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠬᠦ ᠤᠯᠤᠰ ᠲᠦᠷᠦ ᠶᠢᠨ ᠦᠨᠳᠦᠷᠴᠡ ᠠᠴᠠ ᠳᠡᠭᠡᠳᠦ ᠱᠠᠲᠤᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠲᠡᠷᠡ ᠬᠡᠪ ᠢᠶᠠᠷ ᠨᠢ ᠲᠤᠭᠤᠰᠢᠯᠠᠭᠤᠯᠵᠤ᠂ ᠰᠤᠷᠤᠯᠴᠠᠯᠭ᠎ᠠ ᠬᠥᠮᠦᠵᠢᠯ ᠤᠨ ᠬᠠᠷᠠᠯᠲᠠ ᠱᠠᠭᠠᠷᠳᠠᠯᠭ᠎ᠠ ᠶᠢ ᠪᠠᠲᠤ ᠡᠵᠡᠮᠳᠡᠵᠦ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠢ ᠴᠢᠬᠤᠯᠠ ᠥᠭᠦᠯᠡᠯᠲᠡ᠂ ᠲᠥᠪ ᠤᠨ ᠨᠠᠢᠮᠠᠨ ᠲᠣᠭᠲᠠᠭᠠᠯ ᠵᠢᠴᠢ ᠲᠡᠭᠦᠨ ᠤ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠵᠤ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠲᠠᠢ ᠭᠦᠨᠵᠡᠭᠡᠢ ᠠᠭᠤᠰᠤᠯᠴᠠᠭᠤᠯᠬᠤ ᠶᠢ ᠠᠬᠢᠭᠤᠯᠵᠤ᠂ ᠨᠠᠮ ᠤᠨ ᠭᠡᠰᠢᠭᠦᠨ᠂ ᠺᠠᠳ᠋ᠷ ᠤᠨ ᠰᠠᠬᠢᠯᠭ᠎ᠠ ᠪᠠᠲᠤ ᠶᠣᠰᠣ ᠲᠦᠷᠢᠮ ᠤᠨ ᠤᠬᠠᠮᠰᠠᠷ ᠢ ᠪᠠᠲᠤ ᠪᠤᠢ ᠪᠣᠯᠭᠠᠬᠤ ᠶᠢ ᠠᠬᠢᠭᠤᠯᠬᠤ ᠬᠡᠷᠡᠭᠲᠡᠢ︔ ᠬᠤᠶᠠᠷ ᠲᠤ᠂ ᠵᠢᠱᠢᠶ᠎ᠡ ᠦᠵᠡᠭᠦᠯᠦᠨ ᠬᠥᠲᠥᠯᠥᠨ ᠳᠠᠭᠠᠭᠤᠯᠵᠤ ᠦᠯᠢᠭᠡᠷ ᠳᠠᠭᠤᠷᠢᠶᠠᠯ ᠪᠣᠯᠬᠤ ᠬᠡᠷᠡᠭᠲᠡᠶ᠃  ᠳᠡᠭᠡᠳᠦ ᠱᠠᠳᠤ ᠨᠢ ᠲᠤᠤᠷᠠᠳᠤ ᠱᠠᠳᠤ ᠪᠠᠨ ᠳᠠᠭᠠᠭᠤᠯᠬᠤ ᠶᠢ ᠪᠠᠷᠢᠮᠲᠠᠯᠠᠵᠤ᠂ ᠤᠳᠤᠷᠢᠳᠬᠤ ᠺᠠᠳ᠋ᠷ ᠤᠨ ᠳᠠᠭᠠᠭᠤᠯᠤᠭᠴᠢ ᠦᠢᠯᠡᠳᠦᠯ‌ᠢ ᠭᠦᠢᠴᠡᠳ ᠪᠠᠳᠠᠷᠠᠭᠤᠯᠵᠤ᠂ ᠲᠥᠪ ᠤᠨ ᠨᠠᠢᠮᠠᠨ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠶᠢ ᠲᠦᠷᠦᠭᠦᠯᠡᠨ ᠴᠢᠩᠭ᠎ᠠ ᠬᠡᠷᠡᠭᠵᠢᠭᠦᠯᠵᠦ᠂ ᠰᠢᠨ᠎ᠡ ᠬᠥᠭᠵᠢᠯᠲᠡ ᠶᠢᠨ ᠤᠢᠢᠯᠠᠭᠠᠭᠳᠠᠬᠤᠨ ᠢ ᠪᠦᠬᠦ ᠲᠠᠯ᠎ᠠ ᠪᠠᠷ ᠲᠤᠭᠤᠰᠢᠯᠠᠭᠤᠯᠵᠤ᠂      ︽ᠨᠢᠭᠡ ᠠᠵᠢᠯ ᠤᠨ ᠪᠠᠶᠢᠷᠢ ᠳᠤ ᠬᠤᠣᠰ ᠬᠠᠷᠢᠭᠤᠴᠠᠯᠭ᠎ᠠ ᠡᠭᠦᠷᠭᠡᠯᠡᠬᠦ︾ ᠤᠯᠤᠰ ᠲᠦᠷᠦ ᠶᠢᠨ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠵᠤ᠂ ᠬᠤᠪᠢᠳᠠᠨ ᠬᠠᠮᠢᠶᠠᠷᠴᠤ ᠪᠠᠶᠢᠭ᠎ᠠ ᠬᠦᠷᠢᠶᠡᠨ ᠤ ᠰᠤᠷᠲᠠᠯ ᠤᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠵᠤ᠂ ᠰᠤᠷᠲᠠᠯ ᠴᠢᠬᠡᠴᠢ ᠣᠪᠣᠷ ᠲᠥᠪ ᠤᠯᠤᠰ ᠲᠦᠷᠦ ᠶᠢᠨ ᠠᠮᠢ ᠠᠬᠤᠢ ᠪᠣᠯᠤᠨ ᠠᠵᠢᠯ ᠬᠢᠵᠦ ᠦᠢᠯᠡᠰ ᠪᠤᠰᠬᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠬᠤ ᠶᠢ ᠠᠬᠢᠭᠤᠯᠬᠤ ᠬᠡᠷᠡᠭᠲᠡᠢ︔ ᠬᠠᠷᠢᠭᠤᠴᠠᠯᠭ᠎ᠠ ᠪᠠᠨ ᠴᠢᠩᠭᠠᠳᠬᠠᠵᠤ ᠨᠠᠶᠢᠳᠠᠪᠤᠷᠢᠵᠢᠭᠤᠯᠤᠯᠲᠠ ᠶᠢ ᠠᠳᠬᠤᠬᠤ ᠬᠡᠷᠡᠭᠲᠡᠶ᠃ ᠭᠦᠨᠵᠡᠭᠡᠶ ᠰᠤᠷᠤᠯᠴᠠᠨ ᠨᠡᠪᠲᠡᠷᠡᠲᠡᠯ᠎ᠡ ᠣᠶᠢᠯᠠᠭᠠᠵᠤ᠂ ᠭᠦᠨᠵᠡᠭᠡᠶ ᠪᠠᠶᠢᠴᠠᠭᠠᠵᠤ ᠨᠠᠷᠢᠨ ᠬᠠᠷᠭᠤᠭᠤᠯᠵᠤ᠂ ᠦᠨᠡᠨ ᠬᠦ ᠥᠭᠡᠷᠡᠴᠢᠯᠡᠨ ᠪᠣᠳᠠᠲᠠᠶ ᠰᠠᠶᠢᠵᠢᠷᠠᠭᠤᠯᠬᠤ ᠶᠢ ᠪᠠᠷᠢᠮᠲᠠᠯᠠᠵᠤ᠂ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠠᠵᠢᠯ ᠢᠶᠠᠨ ᠠᠬᠢᠭᠤᠯᠬᠤ᠂ ᠬᠥᠭᠵᠢᠯᠲᠡ ᠶᠢ ᠠᠬᠢᠭᠤᠯᠬᠤ᠂ ᠠᠷᠠᠳ ᠲᠦᠮᠡᠨ ᠳᠤ ᠦᠢᠯᠡᠴᠢᠯᠡᠬᠦ ᠪᠣᠳᠠᠲᠤ ᠦᠷ᠎ᠡ ᠪᠦᠲᠦᠮᠵᠢ ᠳᠡᠭᠡᠷ᠎ᠡ ᠦᠨᠡᠨ ᠬᠦ ᠢᠯᠡᠷᠡᠭᠦᠯᠵᠦ᠂ ᠨᠠᠩ ᠦᠨᠡᠨ ᠢ ᠪᠠᠷᠢᠮᠲᠠᠯᠠᠨ ᠪᠣᠳᠠᠲᠠᠶ ᠶᠢ ᠡᠷᠬᠢᠮᠯᠡᠬᠦ ᠠᠷᠭ᠎ᠠ ᠬᠡᠮᠵᠢᠶ᠎ᠡ ᠪᠠ ᠠᠵᠢᠯ ᠤᠨ ᠬᠠᠲᠠᠭᠤ ᠴᠢᠩᠭ᠎ᠠ ᠰᠤᠷᠲᠠᠯ ᠢᠶᠠᠷ ᠪᠥᠬᠦ ᠪᠠᠯᠭᠠᠰᠤᠨ ᠤ ᠡᠯ᠎ᠡ ᠵᠦᠢᠯ ᠤᠨ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠬᠤ ᠬᠡᠷᠡᠭᠲᠡᠶ ᠭᠡᠪᠡ᠃
 
ᠢᠷᠡᠯᠲᠡ᠄ ᠬᠠᠳᠠᠪᠴᠢ ᠪᠠᠯᠭᠠᠰᠣ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号