ᠬᠠᠳᠠᠪᠴᠢ ᠪᠠᠯᠭᠠᠰᠤ ᠨᠢ ᠤᠯᠠᠨ ᠬᠡᠯᠪᠡᠷᠢ ᠶᠢᠨ ᠤᠯᠤᠰ ᠤᠨ ᠠᠮᠤᠷ ᠲᠦᠪᠰᠢᠨ ᠤ ᠬᠠᠤᠯᠢ ᠳᠦᠷᠢᠮ ᠤᠨ ᠤᠬᠠᠭᠤᠯᠭ᠎ᠠ ᠶᠢᠨ ᠠᠵᠢᠯᠯᠠᠭ᠎ᠠ ᠦᠷᠨᠢᠭᠦᠯᠪᠡ
ᠨᠡᠶᠢᠲᠡᠯᠡᠭᠰᠡᠨ ᠴᠠᠭ᠄
2025/5/16
      ᠠᠷᠪᠠᠳᠠᠬᠢ ᠪᠦᠬᠦ ᠠᠷᠠᠳ ᠤᠨ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠡᠳᠦᠷ ᠬᠦᠷᠴᠦ ᠢᠷᠡᠬᠦ ᠲᠠᠰᠢᠷᠠᠮ ᠢᠶᠠᠷ᠂ ᠬᠠᠷᠢᠶ᠎ᠠ ᠣᠷᠣᠨ ᠤ ᠺᠠᠳ᠋ᠷ ᠤᠯᠠᠨ ᠲᠦᠮᠡᠨ ᠤ ᠤᠯᠤᠰ ᠤᠨ ᠶᠡᠷᠦᠩᠬᠡᠢ ᠠᠮᠤᠷ ᠲᠦᠪᠰᠢᠨ ᠤ ᠦᠵᠡᠯᠲᠡ ᠶᠢ ᠭᠤᠶᠢᠪᠢᠰᠢ ᠦᠭᠡᠢ ᠲᠤᠭᠤᠰᠢᠯᠠᠭᠤᠯᠬᠤ ᠶᠢ ᠠᠬᠢᠭᠤᠯᠵᠤ᠂ ᠤᠯᠤᠰ ᠤᠨ ᠠᠮᠤᠷ ᠲᠦᠪᠰᠢᠨ ᠤ ᠠᠷᠠᠳ ᠤᠨ ᠰᠡᠷᠭᠡᠶᠢᠯᠡᠯᠲᠡ ᠶᠢᠨ ᠱᠤᠭᠤᠮ ᠢ ᠪᠠᠲᠤᠳᠬᠠᠨ ᠪᠠᠬᠢᠵᠢᠭᠦᠯᠬᠦ ᠶᠢᠨ ᠲᠥᠯᠥᠭᠡ᠂ 4 ᠰᠠᠷ᠎ᠠ ᠶᠢᠨ 15 ᠤ ᠡᠳᠦᠷ᠂ ᠬᠠᠳᠠᠪᠴᠢ ᠪᠠᠯᠭᠠᠰᠤ ᠨᠢ ᠨᠠᠮ ᠤᠨ ᠭᠡᠰᠢᠭᠦᠨ ᠺᠠᠳ᠋ᠷ᠂ ᠲᠣᠮᠢᠯᠠᠭᠰᠠᠨ ᠰᠠᠯᠪᠤᠷᠢ ᠶᠢᠨ ᠴᠠᠭᠳᠠᠭ᠎ᠠ᠂ ᠬᠢᠯᠢ ᠶᠢᠨ ᠬᠠᠮᠠᠭᠠᠯᠠᠭᠴᠢ᠂ ᠬᠠᠷᠢᠶ᠎ᠠ ᠣᠷᠣᠨ ᠤ ᠠᠵᠤ ᠠᠬᠤᠶᠢᠯᠠᠯ ᠤᠨ ᠠᠵᠢᠯᠲᠡᠨ ᠪᠣᠯᠤᠨ ᠮᠠᠯᠴᠢᠳ ᠵᠡᠷᠭᠡ 60 ᠭᠠᠷᠤᠢ ᠬᠥᠮᠦᠨ ᠢ ᠵᠣᠬᠢᠶᠠᠨ ᠪᠠᠶᠢᠭᠤᠯᠵᠤ᠂ ᠤᠯᠠᠨ ᠬᠡᠯᠪᠡᠷᠢ ᠶᠢᠨ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠥᠷᠨᠢᠭᠦᠯᠪᠡ᠃      ᠤᠷᠢᠳᠠᠪᠡᠷ᠂ ᠲᠣᠮᠢᠯᠠᠭᠰᠠᠨ ᠰᠠᠯᠪᠤᠷᠢ ᠶᠢᠨ ᠬᠠᠷᠢᠭᠤᠴᠠᠯᠭᠠᠲᠠᠨ ᠢ ᠤᠷᠢᠵᠤ ᠬᠢᠯᠢ ᠤᠷᠤᠨ ᠤ ᠠᠮᠤᠷ ᠲᠣᠭᠲᠠᠭᠤᠨ ᠪᠠᠶᠢᠳᠠᠯ ᠤᠨ ᠲᠣᠭᠤᠷᠢᠨ ᠳᠤ᠂ ᠬᠡᠷᠡᠭ ᠤᠨ ᠵᠢᠱᠢᠶ᠎ᠡ ᠶᠢ ᠵᠠᠳᠠᠯᠬᠤ ᠪᠠᠷ ᠳᠠᠮᠵᠢᠭᠤᠯᠤᠨ᠂ ᠤᠯᠤᠰ ᠤᠨ ᠠᠮᠤᠷ ᠲᠦᠪᠰᠢᠨ ᠤ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠤᠨ ᠤᠬᠠᠭᠤᠯᠭ᠎ᠠ ᠪᠠ ᠠᠩᠬᠠᠷᠬᠤ ᠴᠢᠬᠤᠯᠠᠲᠠᠶ ᠵᠦᠢᠯᠡᠰ ᠢ ᠲᠠᠶᠢᠯᠪᠤᠷᠢᠯᠠᠬᠤ ᠶᠢᠨ ᠬᠠᠮᠲᠤ᠂ ᠬᠤᠷᠠᠯ ᠳᠤ ᠣᠷᠣᠯᠴᠠᠭᠰᠠᠳ ᠢ ᠤᠯᠤᠰ ᠤᠨ ᠠᠮᠤᠷ ᠲᠦᠪᠰᠢᠨ ᠳᠤ ᠬᠤᠤᠷ ᠬᠥᠨᠥᠭᠡᠯ ᠤᠴᠠᠷᠠᠭᠤᠯᠬᠤ ᠠᠵᠢᠯᠯᠠᠭ᠎ᠠ ᠶᠢᠨ ᠰᠦᠪᠡᠭᠴᠢ ᠶᠢ ᠴᠠᠭ ᠲᠤᠬᠠᠶ ᠳᠤᠨᠢ ᠮᠡᠳᠡᠭᠦᠯᠬᠦ ᠬᠡᠷᠡᠭᠲᠡᠶ᠂ ᠣᠶᠢᠯᠠᠭᠠᠵᠤ ᠮᠡᠳᠡᠭᠰᠡᠨ ᠤᠯᠤᠰ ᠤᠨ ᠨᠢᠭᠤᠴᠠ ᠶᠢ ᠬᠠᠮᠠᠭᠠᠯᠠᠬᠤ ᠬᠡᠷᠡᠭᠲᠡᠶ ᠭᠡᠵᠦ ᠱᠠᠭᠠᠷᠳᠠᠭᠰᠠᠨ ᠪᠠᠶᠢᠨ᠎ᠠ᠃ ᠬᠤᠷᠠᠯ ᠤᠨ ᠳᠠᠷᠠᠭ᠎ᠠ ︽2025 ᠣᠨ ᠤ ᠪᠥᠬᠦ ᠠᠷᠠᠳ ᠤᠨ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠨᠡᠶᠢᠲᠡ ᠶᠢᠨ ᠬᠢᠴᠢᠶᠡᠯ︾ ᠢ ᠳᠠᠭᠠᠭᠤᠯᠤᠨ ᠦᠵᠡᠪᠡ᠃ ᠤᠷᠤᠯᠴᠠᠭᠴᠢ ᠠᠴᠠ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠬᠥᠮᠦᠵᠢᠯ ᠳᠤ ᠣᠷᠣᠯᠴᠠᠬᠤ᠂ ᠤᠬᠠᠭᠤᠯᠭ᠎ᠠ ᠬᠥᠮᠦᠵᠢᠯ ᠤᠨ ᠹᠢᠯᠢᠮ ᠦᠵᠡᠬᠦ ᠵᠡᠷᠭᠡ ᠠᠵᠢᠯᠯᠠᠭ᠎ᠠ ᠳᠤ ᠤᠷᠤᠯᠴᠠᠬᠤ ᠪᠠᠷ ᠳᠠᠮᠵᠢᠭᠤᠯᠤᠨ᠂ ᠤᠯᠤᠰ ᠤᠨ ᠠᠮᠤᠷ ᠲᠦᠪᠰᠢᠨ ᠪᠢᠳᠡᠨ ᠤ ᠳᠡᠷᠭᠡᠳᠡ ᠪᠠᠶᠢᠬᠤ ᠶᠢ  ᠭᠦᠨᠵᠡᠭᠡᠢ ᠤᠶᠢᠯᠠᠭᠠᠵᠤ᠂ ᠬᠥᠮᠦᠨ ᠪᠦᠬᠦᠨ ᠣᠷᠣᠯᠴᠠᠵᠤ᠂ ᠤᠯᠤᠰ ᠤᠨ ᠠᠮᠤᠷ ᠲᠦᠪᠰᠢᠨ ᠤ ᠬᠠᠯᠬᠠᠪᠴᠢ ᠶᠢ ᠬᠠᠮᠲᠤ ᠪᠠᠷ ᠴᠣᠭᠴᠠᠯᠠᠬᠤ ᠨᠢᠭᠲᠠᠷᠠᠯ ᠤᠨ ᠬᠦᠴᠦᠨ ᠢ  ᠪᠠᠲᠤᠳᠬᠠᠪᠠ᠃      ᠡᠭᠦᠨ ᠤ ᠳᠠᠷᠠᠭ᠎ᠠ᠂ ᠺᠠᠳ᠋ᠷ ᠣᠯᠠᠨ ᠲᠦᠮᠡᠨ᠂ ᠲᠣᠮᠢᠯᠠᠭᠰᠠᠨ ᠰᠠᠯᠪᠤᠷᠢ ᠶᠢᠨ ᠴᠠᠭᠳᠠᠭ᠎ᠠ᠂ ᠠᠵᠤ ᠠᠬᠤᠶᠢᠯᠠᠯ ᠤᠨ ᠠᠵᠢᠯᠲᠡᠨ ᠢ ᠵᠣᠬᠢᠶᠠᠨ ᠪᠠᠶᠢᠭᠤᠯᠤᠨ ᠬᠢᠯᠢ ᠶᠢᠨ ᠬᠠᠮᠠᠭᠠᠯᠠᠯᠲᠠ ᠶᠢᠨ ᠥᠷᠲᠡᠭᠡᠨ ᠳᠤ ᠬᠦᠷᠴᠦ ᠲᠣᠭᠤᠷᠢᠨ ᠰᠤᠷᠤᠯᠴᠠᠪᠠ᠃ ᠲᠣᠭᠤᠷᠢᠨ ᠰᠤᠷᠤᠯᠴᠠᠬᠤ ᠶᠠᠪᠤᠴᠠ ᠳᠤ᠂ ᠬᠦᠲᠦᠯᠦᠭᠴᠢ ᠠᠴᠠ ᠬᠢᠯᠢ ᠶᠢᠨ ᠬᠠᠮᠠᠭᠠᠯᠠᠯᠲᠠ ᠶᠢᠨ ᠦᠷᠲᠡᠭᠡᠨ ᠤ ᠦᠨᠳᠦᠰᠦᠨ ᠪᠠᠶᠢᠳᠠᠯ᠂ ᠬᠥᠭᠵᠢᠯᠲᠡ ᠶᠢᠨ ᠶᠠᠪᠤᠴᠠ᠂ ᠠᠵᠢᠯ ᠥᠷᠨᠢᠭᠦᠯᠦᠭᠰᠡᠨ ᠪᠠᠶᠢᠳᠠᠯ ᠵᠡᠷᠭᠡ ᠲᠠᠯ᠎ᠠ ᠪᠠᠷ ᠨᠠᠷᠢᠨ ᠬᠢᠨᠠᠮᠠᠭᠠᠢ ᠲᠠᠨᠢᠯᠴᠠᠭᠤᠯᠵᠤ᠂ ᠲᠠᠯᠠᠪᠠᠢ ᠳᠤ ᠰᠠᠭᠠᠲᠠᠭᠰᠠᠨ ᠬᠦᠮᠦᠰ ᠲᠤ ᠤᠯᠤᠰ ᠤᠨ ᠠᠮᠤᠷ ᠲᠦᠪᠰᠢᠨ ᠤ ᠬᠠᠤᠯᠢ ᠴᠠᠭᠠᠵᠠ᠂ ᠲᠦᠷᠦ ᠶᠢᠨ ᠪᠣᠳᠤᠯᠭ᠎ᠠ ᠶᠢᠨ ᠤᠬᠠᠭᠤᠯᠭ᠎ᠠ ᠶᠢᠨ ᠬᠠᠭᠤᠳᠠᠰᠤ ᠲᠠᠷᠬᠠᠭᠠᠪᠠ᠃ ᠡᠭᠦᠨ ᠢᠶᠠᠷ ᠳᠠᠮᠵᠢᠭᠤᠯᠤᠨ᠂ ᠤᠯᠠᠨ ᠳᠤ ᠰᠢᠨ᠎ᠡ ᠴᠠᠭ ᠦᠶ᠎ᠡ ᠶᠢᠨ ᠪᠠᠶᠢᠩᠭᠤᠵᠢᠭᠰᠠᠨ ᠤᠯᠤᠰ ᠤᠨ ᠠᠮᠤᠷ ᠲᠦᠪᠰᠢᠨ ᠤ ᠬᠥᠮᠦᠵᠢᠯ ᠢ ᠴᠢᠩᠭᠠᠳᠬᠠᠬᠤ ᠶᠢᠨ ᠴᠢᠬᠤᠯᠠ ᠠᠴᠢ ᠬᠤᠯᠪᠣᠭᠳᠠᠯ ᠢ ᠨᠡᠩ ᠭᠦᠨᠵᠡᠭᠡᠢ ᠲᠠᠨᠢᠭᠤᠯᠵᠤ᠂ ᠲᠤᠰ ᠪᠡᠶ᠎ᠡ ᠶᠢᠨ ᠤᠯᠤᠰ ᠤᠨ ᠠᠮᠤᠷ ᠲᠦᠪᠰᠢᠨ ᠤ ᠤᠬᠠᠮᠰᠠᠷ ᠢᠶᠠᠨ ᠴᠢᠨᠠᠭᠰᠢᠳᠠ ᠴᠢᠩᠭᠠᠳᠬᠠᠵᠤ᠂ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠬᠠᠷᠢᠭᠤᠴᠠᠯᠭᠠᠲᠤ ᠰᠡᠳᠬᠢᠯᠭᠡ᠂ ᠡᠭᠦᠷᠭᠡᠲᠦ ᠰᠡᠳᠬᠢᠯᠭᠡ ᠶᠢ  ᠭᠦᠨᠵᠡᠭᠡᠶᠢᠷᠡᠭᠦᠯᠪᠡ᠃      ᠤᠯᠤᠰ ᠤᠨ ᠠᠮᠤᠷ ᠲᠦᠪᠰᠢᠨ ᠨᠢ ᠤᠯᠤᠰ ᠤᠨ ᠰᠠᠭᠤᠷᠢ ᠪᠣᠯᠬᠤ ᠪᠠᠷ ᠪᠠᠷᠠᠬᠤ ᠦᠭᠡᠢ ᠨᠡᠩ ᠴᠤ ᠬᠥᠮᠦᠨ ᠪᠦᠬᠦᠨ ᠲᠠᠢ ᠨᠢᠭᠲᠠ ᠬᠤᠯᠪᠣᠭ᠎ᠠ ᠲᠠᠢ ᠶᠤᠮ᠃ ᠤᠯᠤᠰ ᠤᠨ ᠠᠮᠤᠷ ᠲᠦᠪᠰᠢᠨ ᠤ ᠤᠬᠠᠮᠰᠠᠷ ᠢ ᠪᠤᠢ ᠪᠣᠯᠭᠠᠵᠤ᠂ ᠤᠯᠤᠰ ᠤᠨ ᠠᠮᠤᠷ ᠲᠦᠪᠰᠢᠨ ᠢ ᠤᠬᠠᠮᠰᠠᠷ ᠠᠴᠠ ᠪᠠᠨ ᠬᠠᠮᠠᠭᠠᠯᠠᠬᠤ ᠪᠣᠯ ᠠᠷᠠᠳ ᠢᠷᠭᠡᠨ ᠨᠢᠭᠡᠪᠦᠷᠢ ᠶᠢᠨ ᠦᠨᠳᠦᠰᠦᠨ ᠡᠭᠦᠷᠭᠡ ᠮᠥᠨ᠃  ᠲᠤᠰ ᠤᠳᠠᠭᠠᠨ ᠤ ᠤᠯᠤᠰ ᠤᠨ ᠠᠮᠤᠷ ᠲᠦᠪᠰᠢᠨ ᠤ ᠮᠡᠳᠡᠯᠭᠡ ᠶᠢᠨ ᠰᠤᠷᠤᠯᠴᠠᠯᠭ᠎ᠠ ᠬᠦᠮᠦᠵᠢᠯ ᠳᠤ ᠤᠷᠤᠯᠴᠠᠭᠰᠠᠳ ᠠᠴᠠ᠂ ᠬᠤᠶᠢᠰᠢᠳᠠ ᠶᠢᠨ ᠠᠵᠢᠯ ᠠᠮᠢᠳᠤᠷᠠᠯ ᠳᠤᠮᠳᠠ ᠪᠠᠨ ᠤᠯᠤᠰ ᠤᠨ ᠶᠡᠷᠦᠩᠬᠡᠢ ᠠᠮᠤᠷ ᠲᠦᠪᠰᠢᠨ ᠤ ᠦᠵᠡᠯᠲᠡ ᠶᠢ ᠢᠮᠠᠭᠲᠠ ᠪᠠᠷᠢᠮᠲᠠᠯᠠᠵᠤ᠂ ᠠᠵᠢᠯ ᠤᠨ ᠪᠠᠶᠢᠷᠢ ᠳᠠᠭᠠᠨ ᠰᠠᠭᠤᠷᠢᠯᠠᠨ ᠤᠯᠤᠰ ᠤᠨ ᠠᠮᠤᠷ ᠲᠦᠪᠰᠢᠨ ᠤ ᠬᠠᠷᠢᠭᠤᠴᠠᠯᠭ᠎ᠠ ᠪᠠᠨ ᠭᠦᠢᠴᠡᠳᠬᠡᠵᠦ᠂ ᠪᠣᠳᠠᠲᠤ ᠠᠵᠢᠯᠯᠠᠭ᠎ᠠ ᠪᠠᠷ ᠢᠶᠠᠨ ᠤᠯᠤᠰ ᠤᠨ ᠠᠮᠤᠷ ᠲᠦᠪᠰᠢᠨ ᠢ ᠬᠠᠮᠠᠭᠠᠯᠠᠨ᠎ᠠ ᠭᠡᠵᠦ ᠢᠯᠡᠳᠬᠡᠵᠡᠭᠡᠪᠡ᠃
 
ᠢᠷᠡᠯᠲᠡ᠄ ᠬᠠᠳᠠᠪᠴᠢ ᠪᠠᠯᠭᠠᠰᠣ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号