ᠰᠢ ᠶᠢᠨ ᠫᠢᠩ ᠶᠡᠷᠦᠩᠬᠡᠶ ᠱᠦᠵᠢ ᠶᠢᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ | ᠴᠢᠬᠤᠯᠠ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠲᠤᠤᠱᠯᠠᠭᠤᠯᠵᠤ᠂ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠣᠶ ᠪᠣᠯᠭᠠᠬᠤ ᠪᠠᠷ ᠭᠤᠤᠯ ᠰᠢᠵᠢᠮ ᠪᠣᠯᠭᠠᠵᠤ᠂ ᠨᠠᠮ ᠤᠨ | ᠦᠨᠳᠦᠰᠦᠲᠡᠨ ᠤ ᠣᠨᠣᠯ ᠲᠥᠷᠥ ᠶᠢᠨ ᠪᠣᠳᠣᠯᠭ᠎ᠠ ᠪᠠ ᠬᠠᠤᠯᠢ ᠴᠠᠭᠠᠵᠠ ᠬᠠᠤᠯᠢ ᠲᠣᠭᠲᠠᠭᠠᠯ ᠤᠨ ᠤᠬᠠᠭᠤᠯᠭ᠎ᠠ | ᠬᠥᠮᠦᠵᠢᠯ ᠢ ᠤᠯᠠᠮ ᠨᠢᠭᠡ ᠠᠯᠬᠤᠮ ᠴᠢᠩᠭᠠᠳᠬᠠᠬᠤ ᠶᠢᠨ ᠲᠥᠯᠥᠭᠡ᠂ ᠣᠶᠢᠷ᠎ᠠ ᠳᠤ ᠰᠠᠮᠠᠢ ᠰᠤᠮᠤ ᠨᠢ 2025 | ᠣᠨ ᠤ ︽ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ︾᠂ ︽ᠦᠨᠳᠦᠰᠦᠲᠡᠨ ᠤ | ᠬᠠᠤᠯᠢ ᠪᠠᠷ ᠵᠠᠰᠠᠬᠤ ᠤᠬᠠᠭᠤᠯᠭ᠎ᠠ ᠶᠢᠨ ᠭᠠᠷᠠᠭ︾ ᠤᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ | ᠬᠤᠷᠠᠯᠳᠤᠭᠤᠯᠪᠠ᠃ ᠰᠤᠮᠤᠨ ᠤ ᠨᠠᠮ ᠵᠠᠰᠠᠭ ᠤᠨ ᠤᠳᠤᠷᠢᠳᠬᠤ ᠪᠠᠭ ᠤᠨ ᠪᠦᠷᠢᠯᠳᠦᠬᠦᠨ᠂ ᠡᠯ᠎ᠡ ᠭᠠᠴᠠᠭ᠎ᠠ | ︵ᠨᠡᠶᠢᠭᠡᠮ ᠲᠣᠭᠤᠷᠢᠭ︶ ᠤ ᠬᠠᠷᠢᠭᠤᠴᠠᠯᠭᠠᠲᠠᠨ ᠵᠢᠴᠢ ᠪᠥᠬᠦ ᠺᠠᠳ᠋ᠷ ᠠᠵᠢᠯᠲᠠᠨ ᠠᠵᠢᠯᠴᠢᠨ ᠬᠤᠷᠠᠯ ᠳᠤ ᠣᠷᠣᠯᠴᠠᠪᠠ | ᠃ | ᠬᠤᠷᠠᠯ ᠳᠡᠭᠡᠷ᠎ᠡ᠂ ︽2025 ᠣᠨ ᠤ ᠪᠥᠬᠦ ᠬᠤᠰᠢᠭᠤᠨ ᠤ ︿ᠦᠨᠳᠦᠰᠦᠲᠡᠨ ᠤ ᠲᠥᠷᠥ ᠶᠢᠨ | ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ︾᠂ ︽ᠦᠨᠳᠦᠰᠦᠲᠡᠨ ᠤ ᠬᠠᠤᠯᠢ ᠪᠠᠷ ᠵᠠᠰᠠᠬᠤ ᠤᠬᠠᠭᠤᠯᠭ᠎ᠠ ᠶᠢᠨ | ᠭᠠᠷᠠᠭ﹀ ᠤᠨ ᠠᠵᠢᠯ ᠤᠨ ᠲᠥᠰᠦᠯ︾ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ | ᠂ ᠲᠣᠰ ᠤᠳᠠᠭᠠᠨ ᠤ ᠠᠵᠢᠯᠯᠠᠭ᠎ᠠ ᠶᠢᠨ ᠭᠤᠤᠯ ᠰᠡᠳᠦᠪ᠂ ᠴᠠᠭ ᠤᠨ ᠲᠣᠬᠢᠷᠠᠭᠤᠯᠤᠯᠲᠠ᠂ ᠭᠤᠤᠯᠳᠠᠯᠭ᠎ᠠ ᠲᠠᠢ ᠡᠭᠦᠷᠭᠡ | ᠵᠡᠷᠭᠡ ᠠᠭᠤᠯᠭ᠎ᠠ ᠶᠢ ᠨᠠᠷᠢᠨ ᠲᠠᠶᠢᠯᠪᠤᠷᠢᠯᠠᠭᠰᠠᠨ ᠪᠥᠭᠡᠳ ᠰᠤᠮᠤ ᠶᠢᠨ ᠪᠣᠳᠠᠲᠠᠶ ᠲᠠᠢ ᠪᠠᠨ ᠤᠶᠠᠯᠳᠤᠭᠤᠯᠤᠨ᠂ ︽ | ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ︾᠂ ︽ᠦᠨᠳᠦᠰᠦᠲᠡᠨ ᠤ ᠬᠠᠤᠯᠢ ᠪᠠᠷ | ᠵᠠᠰᠠᠬᠤ ᠤᠬᠠᠭᠤᠯᠭ᠎ᠠ ᠶᠢᠨ ᠭᠠᠷᠠᠭ︾ ᠤᠨ ᠠᠵᠢᠯᠯᠠᠭ᠎ᠠ ᠳᠤ ᠪᠥᠬᠦ ᠲᠠᠯ᠎ᠠ ᠶᠢᠨ ᠲᠣᠬᠢᠷᠠᠭᠤᠯᠤᠯᠲᠠ ᠪᠠᠶᠢᠷᠢᠯᠠᠭᠤᠯᠤᠯᠲᠠ | ᠬᠢᠪᠠ᠃ | ᠬᠤᠷᠠᠯ ᠠᠴᠠ᠂ ᠨᠢᠭᠡ ᠳᠤ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ︽ᠦᠨᠳᠦᠰᠦᠲᠡᠨ ᠤ | ᠲᠦᠷᠦ ᠶᠢᠨ ᠪᠤᠳᠤᠯᠭ᠎ᠠ ᠶᠢᠨ ᠤᠬᠠᠭᠤᠯᠭ᠎ᠠ ᠶᠢᠨ ᠰᠠᠷ᠎ᠠ︾ ᠪᠣᠯᠤᠨ ︽ᠦᠨᠳᠦᠰᠦᠲᠡᠨ ᠤ ᠬᠠᠤᠯᠢ ᠪᠠᠷ ᠵᠠᠰᠠᠬᠤ | ᠤᠬᠠᠭᠤᠯᠭ᠎ᠠ ᠶᠢᠨ ᠭᠠᠷᠠᠭ︾ ᠤᠨ ᠠᠵᠢᠯᠯᠠᠭ᠎ᠠ ᠶᠢ ᠥᠷᠨᠢᠭᠦᠯᠬᠦ ᠶᠢᠨ ᠴᠢᠬᠤᠯᠠ ᠠᠴᠢ ᠬᠤᠯᠪᠣᠭᠳᠠᠯ ᠢ ᠭᠦᠢᠴᠡᠳ | ᠲᠠᠨᠢᠵᠤ᠂ ᠬᠠᠷᠢᠭᠤᠴᠠᠯᠭᠠᠲᠤ ᠰᠡᠳᠬᠢᠯᠭᠡ ᠪᠣᠯᠤᠨ ᠡᠭᠦᠷᠭᠡᠲᠦ ᠰᠡᠳᠬᠢᠯᠭᠡ ᠪᠠᠨ ᠦᠨᠡᠨᠬᠦ ᠴᠢᠩᠭᠠᠳᠬᠠᠵᠤ᠂ ᠦᠵᠡᠯ | ᠰᠠᠨᠠᠭ᠎ᠠ ᠪᠣᠯᠤᠨ ᠦᠢᠯᠡ ᠠᠵᠢᠯᠯᠠᠭ᠎ᠠ ᠪᠠᠨ ᠳᠡᠭᠡᠳᠦ ᠱᠠᠲᠤᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ | ᠳᠡᠭᠡᠷ᠎ᠡ ᠨᠢᠭᠡᠳᠬᠡᠬᠦ ᠬᠡᠷᠡᠭᠲᠡᠢ᠃ ᠬᠤᠶᠠᠷ ᠲᠤ᠂ ᠠᠵᠢᠯ ᠤᠨ ᠭᠤᠣᠯᠳᠠᠯᠭ᠎ᠠ ᠪᠠᠨ ᠳᠣᠪᠤᠶᠢᠯᠭᠠᠵᠤ᠂ ︽ᠰᠠᠬᠢᠨ | ᠪᠠᠷᠠᠯᠠᠵᠤ ᠬᠠᠷᠢᠯᠴᠠᠨ ᠬᠠᠪᠰᠤᠷᠤᠯᠴᠠᠬᠤ᠂ ᠪᠦᠯᠬᠦᠮᠳᠡᠨ ᠲᠡᠮᠡᠴᠡᠬᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠠᠬᠢᠭᠤᠯᠬᠤ︾ ᠭᠤᠤᠯ ᠰᠡᠳᠦᠪ ᠤᠨ ᠲᠣᠭᠤᠷᠢᠨ ᠳᠤ᠂ | ︽ᠳᠥᠷᠪᠡ ᠶᠢ ᠶᠡᠬᠡᠪᠡᠷ ᠤᠬᠠᠭᠤᠯᠬᠤ︾ ᠪᠠ ︽ᠭᠤᠷᠪᠠ ᠶᠢ ᠲᠣᠳᠣᠷᠬᠠᠶ ᠲᠠᠶᠢᠯᠪᠤᠷᠢᠯᠠᠬᠤ︾ ᠪᠠᠷ ᠭᠤᠤᠯ ᠪᠣᠯᠭᠠᠵᠤ | ᠂ ᠬᠢᠯᠢ ᠶᠢᠨ ᠰᠤᠮᠤ ᠶᠢᠨ ᠣᠨᠴᠠᠯᠢᠭ ᠲᠠᠢ ᠤᠶᠠᠯᠳᠤᠭᠤᠯᠤᠨ᠂ ᠤᠬᠠᠭᠤᠯᠭ᠎ᠠ ᠶᠢᠨ ᠬᠡᠯᠪᠡᠷᠢ ᠪᠠ ᠠᠴᠢᠶᠠᠯᠠᠪᠤᠷᠢ ᠶᠢᠨ | ᠰᠢᠨ᠎ᠡ ᠶᠢ ᠡᠭᠦᠳᠴᠦ᠂ ᠨᠠᠮ ᠤᠨ ᠦᠨᠳᠦᠰᠦᠲᠡᠨ ᠤ ᠣᠨᠣᠯ ᠲᠥᠷᠥ ᠶᠢᠨ ᠪᠣᠳᠣᠯᠭ᠎ᠠ ᠪᠠ ᠬᠠᠤᠯᠢ ᠴᠠᠭᠠᠵᠠ ᠬᠠᠤᠯᠢ | ᠲᠣᠭᠲᠠᠭᠠᠯ ᠢ ᠭᠠᠴᠠᠭ᠎ᠠ ︵ᠨᠡᠶᠢᠭᠡᠮ ᠲᠣᠭᠤᠷᠢᠭ︶᠂ ᠴᠡᠷᠢᠭ ᠠᠩᠭᠢ ᠳᠤ ᠣᠷᠣᠭᠤᠯᠬᠤ᠂ ᠠᠵᠤ ᠠᠬᠤᠶᠢᠯᠠᠯ ᠳᠤ | ᠣᠷᠣᠭᠤᠯᠬᠤ᠂ ᠪᠠᠶᠢᠭᠤᠯᠭ᠎ᠠ ᠳᠤ ᠣᠷᠣᠭᠤᠯᠬᠤ ᠵᠡᠷᠭᠡ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠠᠵᠢᠯᠯᠠᠭ᠎ᠠ ᠶᠢᠨ | ᠪᠣᠳᠠᠲᠤ ᠦᠷ᠎ᠡ ᠪᠦᠲᠦᠮᠵᠢ ᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃ ᠭᠤᠷᠪᠠ ᠳᠤ᠂ ᠵᠣᠬᠢᠶᠠᠨ | ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠡᠯ᠎ᠡ ᠰᠠᠯᠠᠭ᠎ᠠ ᠮᠥᠴᠢᠷ ᠤᠨ ᠬᠢᠨ ᠨᠢᠭᠲᠠ | ᠬᠠᠮᠵᠢᠯᠴᠠᠵᠤ᠂ ᠬᠠᠮᠵᠢᠯᠴᠠᠨ ᠪᠠᠶᠢᠯᠳᠤᠵᠤ᠂ ᠠᠵᠢᠯ ᠤᠨ ᠬᠠᠮᠲᠤᠷᠠᠯ ᠤᠨ ᠬᠦᠴᠦᠨ ᠢ ᠪᠦᠷᠢᠯᠳᠦᠭᠦᠯᠵᠦ᠂ ᠡᠯ᠎ᠡ | ᠵᠦᠢᠯ ᠤᠨ ᠠᠵᠢᠯᠯᠠᠭ᠎ᠠ ᠶᠢ ᠨᠠᠷᠢᠨ ᠨᠢᠮᠪᠠᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠦᠨᠳᠦᠰᠦᠲᠡᠨ ᠨᠦᠭᠦᠳ ᠤᠨ | ᠺᠠᠳ᠋ᠷ ᠤᠯᠠᠨ ᠲᠦᠮᠡᠨ ᠢ ᠥᠷᠭᠡᠨ ᠢᠶᠠᠷ ᠲᠠᠶᠢᠴᠢᠯᠠᠨ ᠢᠳᠡᠪᠬᠢᠲᠡᠢ ᠣᠷᠣᠯᠴᠠᠭᠤᠯᠵᠤ᠂ ᠭᠦᠨ ᠵᠤᠵᠠᠭᠠᠨ | ᠤᠬᠠᠭᠤᠯᠭ᠎ᠠ ᠶᠢᠨ ᠠᠭᠤᠷ ᠠᠮᠢᠰᠬᠤᠯ ᠢ ᠪᠤᠢ ᠪᠣᠯᠭᠠᠵᠤ᠂ ᠨᠠᠮ ᠤᠨ ᠦᠨᠳᠦᠰᠦᠲᠡᠨ ᠤ ᠤᠨᠤᠯ ᠲᠦᠷᠦ ᠶᠢᠨ | ᠪᠤᠳᠤᠯᠭ᠎ᠠ ᠪᠣᠯᠤᠨ ᠬᠠᠤᠯᠢ ᠴᠠᠭᠠᠵᠠ ᠬᠠᠤᠯᠢ ᠲᠣᠭᠲᠠᠭᠠᠯ ᠢ ᠬᠥᠮᠦᠰ ᠤᠨ ᠰᠡᠳᠬᠢᠯ ᠳᠤ ᠬᠠᠳᠠᠩᠰᠢᠭᠤᠯᠵᠤ᠂ ᠡᠷᠬᠡ | ᠲᠡᠭᠰᠢ ᠪᠦᠯᠬᠦᠮᠳᠡᠯ ᠲᠠᠢ ᠬᠠᠷᠢᠯᠴᠠᠨ ᠬᠠᠪᠰᠤᠷᠤᠯᠴᠠᠭᠰᠠᠨ ᠡᠶ᠎ᠡ ᠵᠣᠬᠢᠴᠠᠩᠭᠤᠢ ᠨᠡᠶᠢᠭᠡᠮ ᠵᠢᠷᠤᠮ ᠤᠨ | ᠦᠨᠳᠦᠰᠦᠲᠡᠨ ᠤ ᠬᠠᠷᠢᠴᠠᠭ᠎ᠠ ᠶᠢ ᠲᠠᠰᠤᠷᠠᠯᠲᠠ ᠦᠭᠡᠢ ᠪᠠᠬᠢᠵᠢᠭᠦᠯᠦᠨ ᠬᠥᠭᠵᠢᠭᠦᠯᠵᠦ᠂ ᠪᠦᠬᠦ ᠰᠤᠮᠤ ᠶᠢᠨ ᠡᠶ᠎ᠡ | ᠵᠣᠬᠢᠴᠠᠩᠭᠤᠢ ᠲᠣᠭᠲᠠᠭᠤᠨ ᠪᠠ ᠴᠢᠨᠠᠷ ᠰᠠᠶᠢᠲᠠᠢ ᠬᠥᠭᠵᠢᠯᠲᠡ ᠳᠤ ᠬᠦᠴᠦᠨ ᠴᠢᠳᠠᠯ ᠢᠶᠠᠨ ᠡᠷᠭᠦᠬᠦ ᠬᠡᠷᠡᠭᠲᠡᠢ᠃ |