ᠤᠯᠢᠶᠠᠰᠤᠲᠠᠢ ᠪᠠᠯᠭᠠᠰᠤᠨ ᠤ DeepSeek ᠲᠤᠰᠬᠠᠢ ᠰᠡᠳᠦᠪᠲᠦ ᠪᠣᠯᠪᠠᠰᠤᠷᠠᠯ ᠨᠢ ᠰᠢᠨ᠎ᠡ ᠶᠢ ᠡᠭᠦᠳᠬᠦ ᠬᠥᠳᠡᠯᠭᠡᠬᠦ ᠴᠢᠳᠠᠪᠤᠷᠢ ᠶᠢ ᠭᠥᠭᠵᠢᠭᠡᠪᠡ
ᠨᠡᠶᠢᠲᠡᠯᠡᠭᠰᠡᠨ ᠴᠠᠭ᠄
2025/5/20
      ᠵᠣᠬᠢᠶᠠᠮᠠᠯ ᠣᠶᠤᠨᠯᠢᠭ ᠤᠨ ᠮᠡᠷᠭᠡᠵᠢᠯ ᠤᠨ ᠵᠠᠰᠠᠭ ᠤᠨ ᠶᠠᠪᠤᠳᠠᠯ ᠤᠨ ᠠᠵᠢᠯ ᠳᠠᠬᠢ ᠥᠨᠳᠥᠷ ᠪᠦᠲᠦᠮᠵᠢᠲᠡᠶ ᠬᠡᠷᠡᠭᠯᠡᠯᠲᠡ ᠶᠢ ᠲᠦᠷᠭᠡᠨ ᠠᠬᠢᠭᠤᠯᠬᠤ ᠶᠢᠨ ᠲᠥᠯᠥᠭᠡ᠂ 5 ᠰᠠᠷ᠎ᠠ ᠶᠢᠨ 9᠎ ᠤ ᠡᠳᠦᠷ᠂ ᠤᠯᠢᠶᠠᠰᠤᠲᠠᠢ ᠪᠠᠯᠭᠠᠰᠤ ᠨᠢ DeepSeek ᠵᠠᠰᠠᠭ ᠤᠨ ᠶᠠᠪᠤᠳᠠᠯ ᠤᠨ ᠬᠡᠷᠡᠭᠯᠡᠭᠡᠨ ᠤ ᠲᠤᠰᠬᠠᠢ ᠰᠡᠳᠦᠪᠲᠦ ᠪᠣᠯᠪᠠᠰᠤᠷᠠᠯ ᠤᠨ ᠬᠤᠷᠠᠯ ᠢ ᠡᠷᠭᠢᠯᠡᠵᠦ᠂ ᠬᠤᠷᠠᠯ ᠳᠡᠭᠡᠷ᠎ᠡ ᠪᠡᠭᠡᠵᠢᠩ ᠤᠨ ᠹᠧᠩ ᠸᠧ ᠰᠢᠨ᠎ᠡ ᠶᠢ ᠡᠭᠦᠳᠬᠦ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠭᠦᠢᠴᠡᠳᠭᠡᠭᠴᠢ ᠳᠡᠳ᠋ ᠶᠡᠷᠦᠩᠬᠡᠢ ᠵᠠᠬᠢᠷᠤᠭᠴᠢ ᠦ᠋ ᠴᠧᠩ ᠭᠠᠩ᠂ ᠳᠤᠮᠳᠠᠳᠤ ᠤᠯᠤᠰ ᠤᠨ ᠠᠦ᠋ᠲ᠋ᠣᠴᠢᠯᠠᠯᠲᠠ ᠶᠢᠨ ᠲᠤᠰᠬᠠᠢ ᠮᠡᠷᠭᠡᠵᠢᠯᠲᠡᠨ ᠤ ᠵᠥᠪᠯᠡᠯ ᠤᠨ ᠭᠡᠰᠢᠭᠦᠨ ᠯᠢᠶᠠᠩ ᠲᠠᠢ ᠯᠦᠩ ᠢ ᠤᠷᠢᠵᠤ᠂ ᠪᠡᠭᠡᠵᠢᠩ ᠤᠨ ᠹᠧᠩ ᠸᠧ ᠰᠢᠨ᠎ᠡ ᠶᠢ ᠡᠭᠦᠳᠬᠦ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠰᠤᠳᠤᠯᠭᠠᠨ ᠤ ᠬᠦᠷᠢᠶᠡᠯᠡᠩ ᠤᠨ ᠳᠠᠷᠤᠭ᠎ᠠ ᠭᠦᠸᠧ ᠷᠦᠢ ᠪᠥᠸᠧ ᠪᠠᠷ ᠬᠢᠴᠢᠶᠠᠯ ᠤᠷᠤᠭᠤᠯᠵᠤ᠂ ᠪᠠᠯᠭᠠᠰᠤᠨ ᠤ ᠤᠳᠤᠷᠢᠳᠬᠤ ᠪᠠᠭ ᠤᠨ ᠪᠦᠷᠢᠯᠳᠦᠭᠦᠨ᠂ ᠪᠠᠶᠢᠭᠤᠯᠤᠯᠭ᠎ᠠ ᠶᠢᠨ ᠺᠠᠳ᠋ᠷ ᠠᠵᠢᠯᠲᠠᠨ᠂ ᠭᠠᠴᠠᠭ᠎ᠠ᠂ ᠨᠡᠶᠢᠭᠡᠮ ᠲᠣᠭᠤᠷᠢᠭ ᠤᠨ ᠠᠵᠢᠯᠲᠠᠳ ᠣᠷᠣᠯᠴᠠᠵᠠᠢ᠃      ᠪᠣᠯᠪᠠᠰᠤᠷᠠᠭᠤᠯᠤᠯ ᠤᠨ ᠬᠤᠷᠠᠯ ᠳᠡᠭᠡᠷ᠎ᠡ᠂ ᠭᠦᠸᠧ ᠬᠤᠷᠢᠶᠠᠨ ᠳᠠᠷᠤᠭ᠎ᠠ ᠠᠴᠠ ᠭᠦᠨᠵᠡᠭᠡᠢ ᠪᠥᠭᠡᠳ ᠣᠶᠢᠯᠠᠭᠠᠮᠵᠢᠲᠠᠢ ᠲᠠᠶᠢᠯᠪᠤᠷᠢᠯᠠᠬᠤ ᠬᠡᠯᠪᠡᠷᠢ ᠪᠠᠷ AI ᠮᠡᠷᠭᠡᠵᠢᠯ ᠢ ᠵᠠᠰᠠᠭ ᠤᠨ ᠶᠠᠪᠤᠳᠠᠯ ᠤᠨ ᠬᠦᠷᠢᠶᠡᠨ ᠳᠤ ᠬᠡᠷᠡᠭᠯᠡᠬᠦ ᠎ ᠶᠢᠨ ᠴᠢᠬᠤᠯᠠ ᠴᠢᠨᠠᠷ ᠪᠣᠯᠣᠨ ᠲᠤᠯᠭᠠᠮ᠎ᠠ ᠴᠢᠨᠠᠷ ᠢ ᠰᠢᠰᠲ᠋ᠧᠮ ᠲᠠᠢ ᠲᠣᠳᠣᠷᠬᠠᠶᠢᠯᠠᠨ ᠥᠭᠦᠯᠡᠵᠦ᠂ DeepSeek᠎ ᠤᠨ ᠣᠨᠴᠠᠯᠢᠭ ᠪᠣᠯᠣᠨ ᠢᠯᠡᠳᠲᠡ ᠳᠠᠪᠠᠭᠤᠯᠢᠭ ᠢ ᠭᠤᠣᠯᠳᠠᠯᠭ᠎ᠠ ᠲᠠᠢ ᠪᠠᠷ ᠵᠠᠳᠠᠯᠤᠨ ᠰᠢᠨᠵᠢᠯᠡᠪᠡ᠃ ᠪᠣᠯᠪᠠᠰᠤᠷᠠᠭᠤᠯᠤᠯ ᠳᠤ ︽ᠣᠨᠣᠯ ᠤᠨ ᠲᠠᠶᠢᠯᠤᠮᠵᠢ + ᠪᠣᠳᠠᠲᠤ ᠪᠣᠯᠪᠠᠰᠤᠷᠠᠯ ᠤᠨ ᠦᠵᠡᠭᠦᠯᠦᠯᠭᠡ︾᠎ ᠶᠢᠨ ᠵᠠᠭᠪᠤᠷ ᠢᠶᠠᠷ ᠳᠠᠮᠵᠢᠭᠤᠯᠤᠨ᠂ ᠲᠥᠷᠥ ᠶᠢᠨ ᠪᠣᠳᠣᠯᠭ᠎ᠠ ᠶᠢᠨ ᠲᠠᠶᠢᠯᠤᠮᠵᠢ᠂ ᠪᠢᠴᠢᠭ ᠮᠠᠲ᠋ᠧᠷᠢᠶᠠᠯ ᠨᠠᠶᠢᠷᠠᠭᠤᠯᠤᠨ ᠪᠢᠴᠢᠬᠦ᠂ ᠲᠤᠭ᠎ᠠ ᠪᠠᠷᠢᠮᠲᠠ ᠶᠢ ᠵᠠᠳᠠᠯᠬᠤ᠂ ᠠᠵᠢᠯᠯᠠᠭ᠎ᠠ ᠶᠢ ᠲᠥᠰᠥᠪᠯᠡᠬᠦ ᠵᠡᠷᠭᠡ ᠵᠠᠰᠠᠭ ᠤᠨ ᠶᠠᠪᠤᠳᠠᠯ ᠤᠨ ᠠᠵᠢᠯ ᠤᠨ ᠪᠠᠶᠢᠩᠭᠤ ᠲᠣᠬᠢᠶᠠᠯᠳᠤᠬᠤ ᠦᠵᠡᠭᠳᠡᠯ ᠤᠨ ᠲᠣᠭᠤᠷᠢᠨ ᠳᠤ᠂ DeepSeek᠎ ᠶᠢᠨ ᠪᠣᠳᠠᠲᠠᠢ ᠬᠡᠷᠡᠭᠯᠡᠬᠦ ᠠᠷᠭ᠎ᠠ ᠮᠠᠶ᠋ᠢᠭ ᠢ ᠨᠠᠷᠢᠨ ᠲᠣᠳᠣᠷᠬᠠᠢ ᠲᠠᠶᠢᠯᠪᠤᠷᠢᠯᠠᠭᠰᠠᠨ ᠪᠥᠭᠡᠳ ᠪᠣᠳᠠᠲᠠᠢ ᠠᠵᠢᠯᠯᠠᠭ᠎ᠠ ᠪᠠᠷ ᠳᠠᠮᠵᠢᠭᠤᠯᠤᠨ DeepSeek ᠬᠢᠲᠠᠳ ᠬᠡᠯᠡᠨ ᠤ ᠵᠣᠬᠢᠶᠠᠨ ᠪᠦᠲᠦᠭᠡᠯᠭᠡ ᠶᠢᠨ ᠥᠨᠳᠥᠷ ᠪᠦᠲᠦᠮᠵᠢᠲᠡᠶ ᠭᠠᠷᠭᠠᠯᠲᠠ᠂ ᠲᠤᠭ᠎ᠠ ᠪᠠᠷᠢᠮᠲᠠ ᠶᠢᠨ ᠵᠠᠳᠠᠯᠤᠯᠲᠠ ᠶᠢᠨ ᠨᠠᠷᠢᠯᠢᠭ ᠣᠨᠣᠴᠠᠲᠠᠢ ᠰᠢᠢᠳᠪᠦᠷᠢᠯᠡᠯᠲᠡ᠂ PPT᠎ ᠶᠢᠨ ᠵᠣᠬᠢᠶᠠᠨ ᠪᠦᠲᠦᠭᠡᠯᠭᠡ ᠶᠢᠨ ᠶᠤᠨᠴᠢ ᠡᠭᠦᠰᠦᠯᠲᠡ ᠵᠡᠷᠭᠡ ᠬᠦᠴᠦᠷᠬᠡᠭ ᠶᠡᠭᠡ ᠴᠢᠳᠠᠮᠵᠢ ᠶᠢ ᠰᠢᠭᠤᠳ ᠳᠡᠯᠭᠡᠨ ᠦᠵᠡᠭᠦᠯᠵᠡᠢ᠃ ᠠᠳᠠᠯᠢ ᠪᠤᠰᠤ ᠲᠤᠬᠠᠶᠢᠯᠠᠭᠰᠠᠨ ᠠᠵᠢᠯ ᠤᠨ ᠠᠬᠤᠢ ᠪᠠᠶᠢᠳᠠᠯ ᠲᠠᠢ ᠤᠶᠠᠯᠳᠤᠭᠤᠯᠬᠤ ᠪᠠᠷ ᠳᠡᠮᠵᠢᠨ᠂ ᠺᠠᠳ᠋ᠷᠴᠤᠳ ᠤᠨ ᠬᠠᠷᠠᠭ᠎ᠠ ᠶᠢ ᠥᠷᠭᠡᠳᠬᠡᠭᠰᠡᠨ ᠢᠶᠠᠷ ᠪᠠᠷᠠᠬᠤ ᠦᠭᠡᠢ᠂ ᠨᠠᠩ ᠴᠤ ᠵᠣᠬᠢᠶᠠᠮᠠᠯ ᠣᠶᠤᠨᠯᠢᠭ ᠢᠶᠠᠷ ᠵᠠᠰᠠᠭ ᠤᠨ ᠣᠷᠳᠣᠨ ᠤ ᠥᠨᠳᠥᠷ ᠪᠦᠲᠦᠮᠵᠢᠲᠡᠶ ᠪᠠᠷ ᠠᠵᠢᠯᠯᠠᠬᠤ ᠯᠤᠲᠤ ᠶᠡᠭᠡ ᠳᠠᠪᠠᠭᠤᠯᠢᠭ ᠪᠠ ᠳᠠᠯᠳᠠ ᠬᠦᠴᠦᠨ ᠳᠤ ᠣᠯᠠᠨ ᠢᠶᠠᠷ ᠢᠶᠠᠨ ᠴᠣ᠋ ᠰᠢᠨ᠎ᠡ ᠲᠠᠨᠢᠯᠲᠠ ᠲᠠᠢ ᠪᠣᠯᠵᠤ᠂ ᠺᠠᠳ᠋ᠷᠴᠤᠳ ᠤᠨ ᠲᠣᠭᠠᠴᠢᠯᠠᠭᠰᠠᠨ ᠪᠠᠭᠠᠵᠢ ᠶᠢᠨ ᠬᠡᠷᠡᠭᠯᠡᠭᠡᠨ ᠤ ᠴᠢᠳᠠᠪᠤᠷᠢ ᠪᠠ ᠬᠢᠷᠢ ᠲᠦᠪᠰᠢᠨ ᠢ ᠪᠦᠲᠦᠮᠵᠢᠲᠡᠶ ᠳᠡᠭᠡᠭᠰᠢᠯᠡᠭᠦᠯᠦᠭᠰᠡᠨ ᠪᠠᠶᠢᠨ᠎ᠠ᠃      ᠳᠠᠷᠠᠭᠠᠴᠢ ᠶᠢᠨ ᠠᠯᠬᠤᠮ ᠳᠤ᠂ ᠤᠯᠢᠶᠠᠰᠤᠲᠠᠢ ᠪᠠᠯᠭᠠᠰᠤ ᠶᠢᠨ ᠬᠢᠨ DeepSeek᠎ ᠤᠨ ᠬᠡᠷᠡᠭᠯᠡᠭᠡ ᠳᠡᠯᠭᠡᠷᠡᠭᠦᠯᠦᠯᠲᠡ ᠶᠢᠨ ᠠᠵᠢᠯ ᠢ ᠦᠷᠭᠦᠯᠵᠢᠯᠡᠨ ᠭᠦᠨᠵᠡᠭᠡᠶᠢᠷᠡᠭᠦᠯᠵᠦ᠂ ᠴᠢᠳᠠᠪᠬᠢ ᠶᠢ ᠨᠢ ᠲᠠᠰᠤᠷᠠᠯᠲᠠ ᠦᠭᠡᠢ ᠰᠢᠯᠢᠳᠡᠭᠵᠢᠭᠦᠯᠵᠦ᠂ ᠪᠠᠶᠢᠳᠠᠯ ᠢ ᠨᠢ ᠥᠷᠭᠡᠳᠬᠡᠵᠦ᠂ ᠵᠠᠰᠠᠭ ᠤᠨ ᠶᠠᠪᠤᠳᠠᠯ ᠤᠨ ᠠᠵᠢᠯ ᠢ ᠣᠶᠤᠨᠴᠢᠯᠠᠭᠰᠠᠨ᠂ ᠥᠨᠳᠥᠷ ᠦᠷ᠎ᠡ ᠠᠰᠢᠭ ᠲᠠᠢ ᠪᠣᠯᠭᠠᠨ ᠬᠡᠯᠪᠡᠷᠢ ᠶᠢ ᠨᠢ ᠬᠤᠪᠢᠷᠠᠭᠤᠯᠤᠨ ᠲᠡᠰ ᠳᠡᠪᠰᠢᠭᠦᠯᠬᠦ ᠶᠢ ᠦᠷᠭᠦᠯᠵᠢᠯᠡᠨ ᠠᠬᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠵᠤ᠂ ᠪᠦᠬᠦ ᠪᠠᠯᠭᠠᠰᠤ ᠶᠢᠨ ᠡᠯ᠎ᠡ ᠲᠦᠷᠦᠯ ᠤᠨ ᠠᠵᠢᠯ ᠢ ᠨᠡᠩ ᠥᠨᠳᠥᠷ ᠲᠦᠪᠰᠢᠨ ᠳᠤ ᠬᠦᠷᠭᠡᠵᠦ᠂ ᠨᠡᠩ ᠰᠢᠨ᠎ᠡ ᠳᠡᠭᠲᠡᠷ ᠲᠤ ᠭᠠᠷᠭᠠᠬᠤ ᠪᠣᠯᠣᠨ᠎ᠠ᠃
 
ᠢᠷᠡᠯᠲᠡ᠄ ᠤᠯᠢᠶᠠᠰᠣᠲᠠᠢ ᠪᠠᠯᠭᠠᠰᠤ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号