5 ᠰᠠᠷ᠎ᠠ ᠶᠢᠨ 9 ᠤ ᠡᠳᠦᠷ ᠤᠨ ᠦᠳᠡ ᠶᠢᠨ ᠡᠮᠦᠨ᠎ᠡ᠂ ᠲᠤᠰᠤᠨᠨᠠᠭᠤᠷ ᠭᠠᠴᠠᠭ᠎ᠠ ᠨᠢ ᠭᠠᠴᠠᠭᠠᠨ ᠤ | ᠭᠤᠤᠯᠳᠠᠯᠭᠠᠳᠦ ᠠᠵᠢᠯ ᠤᠨ ᠬᠤᠷᠠᠯ ᠬᠤᠷᠠᠯᠳᠤᠭᠤᠯᠵᠤ᠂ ᠭᠠᠴᠠᠭᠠᠨ ᠤ ᠳᠦᠷᠢᠮ ᠠᠷᠠᠳ ᠤᠨ ᠭᠡᠷ᠎ᠡ ᠶᠢ ᠪᠠᠲᠤᠯᠠᠪᠠ᠃ | ᠬᠤᠷᠠᠯ ᠢ ᠭᠠᠴᠠᠭᠠᠨ ᠤ ᠨᠠᠮ ᠤᠨ ᠡᠭᠦᠷ ᠤᠨ ᠱᠦᠵᠢ ᠡᠷᠭᠢᠯᠡᠵᠦ᠂ ᠪᠠᠯᠭᠠᠰᠤᠨ ᠤ ᠭᠠᠴᠠᠭ᠎ᠠ ᠳᠠᠭᠠᠭᠠᠴᠢᠯᠠᠭᠰᠠᠨ | ᠤᠳᠤᠷᠢᠳᠤᠯᠭ᠎ᠠ᠂ ᠭᠠᠴᠠᠭᠠᠨ ᠤ ︽ᠬᠤᠶᠠᠷ ᠵᠥᠪᠯᠡᠯ︾ ᠤᠨ ᠭᠡᠰᠢᠭᠦᠳ᠂ ᠬᠡᠰᠡᠭ ᠨᠠᠮ ᠤᠨ ᠭᠡᠰᠢᠭᠦᠨ ᠵᠢᠴᠢ | ᠭᠠᠴᠠᠭᠠᠨ ᠤ ᠮᠠᠯᠴᠢᠳ ᠬᠤᠷᠠᠯ ᠳᠤ ᠤᠷᠤᠯᠴᠠᠪᠠ᠃ | ᠬᠤᠷᠠᠯ ᠳᠡᠭᠡᠷ᠎ᠡ᠂ ᠪᠠᠯᠭᠠᠰᠤᠨ ᠤ ᠭᠠᠴᠠᠭ᠎ᠠ ᠳᠠᠭᠠᠭᠠᠴᠢᠯᠠᠭᠰᠠᠨ ᠤᠳᠤᠷᠢᠳᠤᠯᠭ᠎ᠠ ︽ᠲᠤᠰᠤᠨᠨᠠᠭᠤᠷ | ᠭᠠᠴᠠᠭᠠᠨ ᠤ ᠭᠠᠴᠠᠭᠠᠨ ᠤ ᠳᠦᠷᠢᠮ ᠠᠷᠠᠳ ᠤᠨ ᠭᠡᠷ᠎ᠡ︾ ᠶᠢᠨ ᠲᠥᠰᠥᠯ ᠢ ᠤᠩᠰᠢᠨ ᠨᠡᠶᠢᠲᠡᠯᠡᠵᠦ᠂ ᠮᠠᠯᠴᠢᠳ ᠤᠨ | ᠲᠥᠯᠥᠭᠡᠯᠡᠭᠴᠢ ᠠᠴᠠ ᠬᠢᠨᠠᠨ ᠵᠥᠪᠯᠡᠬᠦ ᠶᠢᠨ ᠬᠠᠮᠲᠤ᠂ ︽ᠲᠤᠰᠤᠨᠨᠠᠭᠤᠷ ᠭᠠᠴᠠᠭᠠᠨ ᠤ ᠭᠠᠴᠠᠭᠠᠨ ᠤ ᠳᠦᠷᠢᠮ | ᠠᠷᠠᠳ ᠤᠨ ᠭᠡᠷ᠎ᠡ︾ ᠶᠢ ᠪᠠᠲᠤᠯᠠᠵᠠᠢ᠃ ᠪᠠᠰᠠ ᠰᠢ ᠶᠢᠨ ᠫᠢᠩ ᠶᠡᠷᠦᠩᠬᠡᠢ ᠱᠦᠵᠢ ᠶᠢᠨ ᠲᠥᠪ ᠤᠨ ᠨᠠᠢᠮᠠᠨ | ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠤᠨ ᠲᠤᠬᠠᠢ ᠴᠢᠬᠤᠯᠠ | ᠶᠠᠷᠢᠶ᠎ᠠ ᠪᠣᠯᠣᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠵᠢᠴᠢ ︽ᠬᠥᠳᠡᠭᠡ ᠲᠣᠰᠬᠤᠨ ᠤ ᠦᠨᠳᠦᠰᠦᠨ ᠱᠠᠲᠤᠨ ᠤ | ᠺᠠᠳᠠᠷᠴᠤᠳ ᠤᠨ ᠠᠷᠢᠭᠤᠨ ᠴᠢᠬᠡᠴᠢ ᠪᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠲᠣᠭᠲᠠᠭᠠᠯ︾ ᠢ | ᠬᠠᠮᠲᠤ ᠪᠠᠷ ᠰᠤᠷᠤᠯᠴᠠᠪᠠ᠃ ᠡᠭᠦᠨ ᠤ ᠬᠠᠮᠲᠤ᠂ ᠭᠠᠴᠠᠭᠠᠨ ᠤ ᠨᠠᠮ ᠤᠨ ᠡᠭᠦᠷ ᠤᠨ ᠱᠦᠵᠢ ᠠᠴᠠ ᠭᠠᠴᠠᠭᠠᠨ ᠤ | ︽ᠭᠤᠷᠪᠠᠨ ᠶᠠᠪᠤᠳᠠᠯ︾ ᠢ ᠢᠯᠡ ᠪᠣᠯᠭᠠᠬᠤ ᠠᠵᠢᠯ ᠪᠠ ᠬᠠᠮᠲᠤ ᠶᠢᠨ ᠠᠵᠤ ᠠᠬᠤᠢ ᠶᠢᠨ ᠪᠡᠯᠡ ᠮᠥᠩᠭᠦ ᠶᠢ | ᠬᠡᠷᠡᠭᠯᠡᠭᠰᠡᠨ ᠪᠠᠶᠢᠳᠠᠯ ᠢ ᠮᠡᠳᠡᠭᠳᠡᠵᠦ᠂ ᠮᠠᠯᠴᠢᠨ ᠲᠦᠮᠡᠨ ᠤ ᠠᠩᠬᠠᠷᠴᠤ ᠪᠠᠶᠢᠭ᠎ᠠ ᠬᠠᠮᠲᠤ ᠶᠢᠨ ᠠᠵᠤ ᠠᠬᠤᠢ ᠶᠢᠨ | ᠬᠥᠭᠵᠢᠯᠲᠡ ᠶᠢᠨ ᠪᠠᠶᠢᠳᠠᠯ᠂ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠭᠰᠠ᠂ | ᠡᠳ᠋ ᠤᠨ ᠶᠠᠪᠤᠳᠠᠯ ᠤᠨ ᠣᠷᠣᠯᠭ᠎ᠠ ᠵᠠᠷᠤᠯᠭ᠎ᠠ ᠶᠢ ᠨᠠᠷᠢᠨ ᠲᠣᠳᠣᠷᠬᠠᠢ ᠪᠤᠯᠭᠠᠭᠰᠠᠨ ᠵᠡᠷᠭᠡ ᠠᠰᠠᠭᠤᠳᠠᠯ ᠳᠤ | ᠭᠤᠤᠯᠳᠠᠯᠭ᠎ᠠ ᠲᠠᠢ ᠴᠢᠭᠯᠡᠭᠦᠯᠦᠨ᠂ ᠲᠤᠬᠠᠢ ᠶᠢᠨ ᠲᠠᠯᠠᠪᠤᠷ ᠲᠤ ᠨᠠᠷᠢᠨ ᠲᠣᠳᠣᠷᠬᠠᠢ ᠲᠠᠶᠢᠯᠪᠤᠷᠢᠯᠠᠯᠲᠠ ᠪᠠ | ᠲᠣᠳᠣᠷᠬᠠᠶᠢᠯᠠᠯᠲᠠ ᠬᠢᠵᠤ᠂ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠵᠢᠴᠢ ᠪᠡᠯᠴᠢᠭᠡᠷᠯᠡᠭᠦᠯᠬᠦ ᠶᠢ ᠵᠤᠭᠰᠠᠭᠠᠬᠤ | ᠠᠵᠢᠯ᠂ ᠨᠤᠲᠤᠭ ᠪᠡᠯᠴᠢᠭᠡᠷ ᠤᠨ ᠭᠠᠯ ᠰᠡᠷᠭᠡᠶᠢᠯᠡᠯᠲᠡ᠂ ᠮᠠᠯ ᠠᠵᠤ ᠠᠬᠤᠢ ᠶᠢᠨ ᠬᠢᠵᠢᠭ ᠡᠪᠡᠳᠴᠢᠨ ᠤ | ᠰᠡᠷᠭᠡᠶᠢᠯᠡᠯᠲᠡ ᠶᠢᠨ ᠠᠵᠢᠯ᠂ ᠬᠠᠮᠲᠤ ᠶᠢᠨ ᠨᠤᠲᠤᠭ ᠤᠨ ᠲᠡᠮᠦᠷ ᠲᠣᠣᠷ ᠢ ᠰᠡᠯᠪᠢᠨ ᠵᠠᠰᠠᠬᠤ᠂ ᠭᠠᠴᠠᠭᠠᠨ ᠤ | ᠰᠤᠶᠤᠯ ᠤᠨ ᠰᠢᠷᠢᠰ ᠠᠵᠢᠯᠯᠠᠭ᠎ᠠ ᠵᠡᠷᠭᠡ ᠠᠵᠢᠯ ᠳᠤ ᠴᠢᠭᠯᠡᠭᠦᠯᠦᠨ ᠨᠢᠭᠡᠳᠦᠯᠲᠡᠢ ᠲᠦᠯᠦᠪᠵᠢᠭᠦᠯᠭᠡ ᠪᠠ | ᠪᠠᠶᠢᠷᠢᠯᠠᠭᠤᠯᠤᠯᠲᠠ ᠬᠢᠵᠡᠢ᠃ | ᠬᠤᠷᠠᠯ ᠠᠴᠠ ᠴᠢᠬᠤᠯᠠᠴᠢᠯᠠᠭᠰᠠᠨ ᠨᠢ᠂ ᠨᠢᠭᠡ ᠳᠤ᠂ ᠦᠵᠡᠯ ᠰᠠᠨᠠᠭᠠᠨ ᠤ ᠵᠣᠭᠰᠣᠴᠠ ᠪᠠᠨ | ᠳᠡᠭᠡᠭᠰᠢᠯᠡᠭᠦᠯᠵᠦ᠂ ᠬᠠᠮᠲᠤ ᠶᠢᠨ ︽ᠭᠤᠷᠪᠠᠨ ᠬᠦᠷᠦᠭᠭᠡ︾ ᠶᠢ ᠢᠯᠭᠠᠷᠠᠭᠤᠯᠤᠨ ᠪᠠᠶᠢᠴᠠᠭᠠᠬᠤ ᠠᠵᠢᠯ ᠢ | ᠦᠷᠨᠢᠭᠦᠯᠭᠦ ᠶᠢᠨ ᠴᠢᠬᠤᠯᠠ ᠴᠢᠨᠠᠷ ᠢ ᠭᠦᠢᠴᠡᠳ ᠲᠠᠨᠢᠨ᠂ ᠬᠠᠷᠢᠭᠤᠴᠠᠯᠭᠠᠲᠤ ᠰᠡᠳᠬᠢᠯᠭᠡ ᠪᠠᠨ ᠦᠨᠡᠨᠬᠦ | ᠴᠢᠩᠭᠠᠳᠬᠠᠵᠤ᠂ ᠦᠳᠲᠡᠷ ᠲᠦᠷᠭᠡᠨ ᠬᠦᠳᠡᠯᠤᠯᠴᠡᠨ᠂ ᠭᠠᠴᠠᠭᠠᠨ ᠤ ᠬᠠᠮᠳᠦ ᠶᠢᠨ ᠠᠵᠤ ᠠᠬᠤᠢ ᠶᠢᠨ ᠡᠳ᠋ | ᠬᠥᠷᠥᠩᠭᠡ ᠶᠢ ᠪᠥᠬᠦ ᠲᠠᠯ᠎ᠠ ᠪᠠᠷ ᠢᠯᠭᠠᠷᠠᠭᠤᠯᠤᠨ ᠪᠠᠶᠢᠴᠠᠭᠠᠬᠤ ᠬᠡᠷᠡᠭᠲᠡᠢ᠃ ᠬᠤᠶᠠᠷ ᠲᠤ᠂ ᠦᠨᠳᠦᠰᠦᠨ ᠱᠠᠲᠤᠨ ᠤ | ᠺᠠᠳᠠᠷᠴᠤᠳ ᠤᠨ ᠠᠷᠢᠭᠤᠨ ᠴᠢᠬᠡᠴᠢ ᠪᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠶᠢ ᠴᠢᠩᠭᠠᠳᠬᠠᠵᠤ᠂ | ᠴᠢᠩᠭ᠎ᠠ ᠬᠠᠷᠢᠴᠠᠭᠤᠯᠤᠨ ᠬᠡᠷᠡᠭᠵᠢᠭᠦᠯᠵᠦ᠂ ᠡᠷᠬᠡ ᠶᠢᠨ ᠠᠵᠢᠯᠯᠠᠭᠠᠨ ᠢ ᠵᠢᠷᠤᠮᠵᠢᠭᠤᠯᠤᠨ᠂ ᠥᠪᠡᠷ ᠢ ᠪᠠᠨ | ᠬᠢᠵᠠᠭᠠᠷᠯᠠᠬᠤ ᠶᠢ ᠴᠢᠩᠭᠠᠳᠬᠠᠵᠤ᠂ ᠡᠯ᠎ᠡ ᠵᠦᠢᠯ ᠤᠨ ᠰᠠᠬᠢᠯᠭ᠎ᠠ ᠪᠠᠲᠤ ᠶᠢᠨ ᠲᠣᠭᠲᠠᠭᠠᠯ ᠢ ᠤᠬᠠᠮᠰᠠᠷ ᠠᠴᠠ ᠪᠠᠨ | ᠵᠢᠷᠤᠮᠯᠠᠬᠤ ᠬᠡᠷᠡᠭᠲᠡᠢ᠃ ᠭᠤᠷᠪᠠ ᠳᠤ᠂ ᠬᠢᠨᠠᠯᠲᠠ ᠬᠠᠮᠢᠶᠠᠷᠤᠯᠲᠠ ᠢᠶᠠᠨ ᠴᠢᠩᠭᠠᠳᠬᠠᠵᠤ᠂ ᠭᠠᠴᠠᠭᠠᠨ ᠤ ᠬᠠᠮᠲᠤ ᠶᠢᠨ | ︽ᠭᠤᠷᠪᠠᠨ ᠬᠦᠷᠦᠭᠭᠡ︾ ᠶᠢᠨ ᠬᠢᠨᠠᠯᠲᠠ ᠬᠠᠮᠢᠶᠠᠷᠤᠯᠲᠠ ᠶᠢᠨ ᠣᠷᠳᠣ ᠬᠤᠭᠤᠴᠠᠭᠠᠨ ᠤ ᠪᠦᠲᠦᠮᠵᠢᠲᠡᠶ | ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠡᠳᠦᠷ ᠲᠤᠲᠤᠮ ᠤᠨ ᠬᠢᠨᠠᠯᠲᠠ ᠪᠠᠶᠢᠴᠠᠭᠠᠯᠲᠠ ᠶᠢ ᠴᠢᠩᠭᠠᠳᠬᠠᠨ᠂ | ᠭᠠᠴᠠᠭ᠎ᠠ ᠱᠠᠲᠤᠨ ᠤ ᠡᠳ᠋ ᠤᠨ ᠶᠠᠪᠤᠳᠠᠯ ᠤᠨ ᠣᠷᠣᠯᠭ᠎ᠠ ᠵᠠᠷᠤᠯᠭ᠎ᠠ ᠶᠢ ᠴᠢᠩᠭ᠎ᠠ ᠬᠢᠨᠠᠨ ᠬᠠᠷᠭᠤᠭᠤᠯᠵᠤ᠂ ᠪᠡᠯᠡ | ᠮᠥᠩᠭᠦ ᠶᠢᠨ ᠬᠡᠷᠡᠭᠯᠡᠯᠲᠡ ᠶᠢᠨ ᠴᠤᠪᠤᠷᠠᠯ ᠢ ᠵᠢᠷᠤᠮᠵᠢᠭᠤᠯᠤᠨ᠂ ᠬᠠᠮᠢᠶᠠᠷᠤᠯᠲᠠ ᠶᠢᠨ ᠵᠢᠷᠤᠮᠵᠢᠭᠰᠠᠨ ᠬᠢᠷᠢ ᠬᠡᠮᠵᠢᠶ᠎ᠡ ᠶᠢ | ᠪᠥᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ᠃ | ᠲᠠᠷᠠᠭᠠᠴᠢ ᠶᠢᠨ ᠠᠯᠬᠤᠮ ᠳᠤ᠂ ᠲᠤᠰᠤᠨᠨᠠᠭᠤᠷ ᠭᠠᠴᠠᠭᠠᠨ ᠤ ᠬᠢᠨ ᠦᠨᠳᠤᠰᠦᠨ ᠱᠠᠳᠤᠨ ᠤ ᠨᠠᠮ ᠤᠨ | ᠵᠤᠬᠢᠶᠠᠨ ᠪᠠᠶᠢᠭᠤᠯᠤᠯᠲᠠ ᠶᠢᠨ ᠤᠳᠤᠷᠢᠳᠬᠤ ᠭᠤᠤᠯᠯᠠᠭᠴᠢ ᠦᠢᠯᠡᠳᠦᠯ ᠢ ᠭᠦᠨᠵᠡᠭᠡᠶᠢᠷᠡᠭᠦᠯᠦᠨ ᠠᠬᠢᠭᠤᠯᠵᠤ ᠂ | ᠮᠠᠯᠴᠢᠳ ᠤᠨ ︽ ᠰᠡᠳᠬᠢᠯ ᠤᠨ ᠶᠠᠪᠤᠳᠠᠯ ︾ ᠢ ᠥᠪᠡᠷ ᠤᠨ ᠢᠶᠠᠨ ︽ᠮᠥᠷᠥᠨ ᠳᠡᠭᠡᠷᠡᠬᠢ ᠶᠠᠪᠤᠳᠠᠯ︾ | ᠪᠣᠯᠭᠠᠵᠤ ᠂ ᠬᠠᠮᠲᠤ ᠶᠢᠨ ᠠᠵᠤ ᠠᠬᠤᠢ ᠶᠢ ᠬᠥᠭᠵᠢᠭᠦᠯᠦᠨ ᠪᠤᠵᠠᠭᠠᠶᠢᠷᠠᠭᠤᠯᠬᠤ ᠪᠠᠷ ᠬᠦᠴᠦᠯᠡᠨ ᠴᠢᠷᠮᠠᠶᠢᠨ᠎ᠠ᠃ |