ᠮᠠᠨᠳᠣᠬᠤᠪᠤᠯᠠᠭ ᠪᠠᠯᠭᠠᠰᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠩᠭᠢ ᠨᠢ ᠬᠠᠤᠯᠢ ᠬᠡᠷᠡᠭᠵᠢᠭᠦᠯᠬᠦ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/5/20
      ᠤᠶᠢᠷ᠎ᠠ ᠳᠤ᠂ ᠮᠠᠨᠳᠣᠬᠤᠪᠤᠯᠠᠭ ᠪᠠᠯᠭᠠᠰᠣᠨ ᠤ ᠬᠠᠤᠯᠢ ᠴᠠᠭᠠᠵᠠ ᠶᠢᠨ ᠰᠠᠯᠪᠣᠷᠢ ᠶᠢᠨ ᠪᠠᠶᠢᠷᠢᠯᠠᠭᠤᠯᠤᠯᠲᠠ ᠶᠣᠰᠣᠭᠠᠷ ᠪᠠᠯᠭᠠᠰᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠭᠦ ᠠᠩᠭᠢ ᠨᠢ ᠡᠨᠡᠬᠦ ᠪᠣᠯᠪᠠᠰᠣᠷᠠᠯ ᠳᠤ ᠣᠷᠣᠯᠴᠠᠪᠠ᠃ ᠲᠣᠰ ᠤᠳᠠᠭᠠᠨ ᠤ ᠳᠤᠰᠬᠠᠢ ᠰᠡᠳᠣᠪᠳᠥ ᠪᠣᠯᠪᠠᠰᠣᠷᠠᠯ ᠨᠢ ᠬᠠᠤᠯᠢ ᠬᠡᠷᠡᠭᠵᠢᠭᠦᠯᠬᠦ ᠪᠣᠳᠠᠲᠤ ᠶᠠᠪᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠬᠠᠤᠯᠢ ᠬᠡᠷᠡᠭᠵᠢᠭᠦᠯᠬᠦ ᠠᠵᠢᠯ ‍ᠤᠨ‌‍ᠲ᠋ᠤᠰᠬᠠᠶ ᠮᠡᠷᠭᠡᠵᠢᠯ ᠤᠨ ᠬᠥᠳᠡᠯᠭᠡᠬᠦ ᠬᠦᠴᠦᠨ ᠢ ᠨᠡᠮᠡᠷᠢᠯᠡᠪᠡ᠃      ᠬᠤᠷᠠᠯ ᠳᠡᠭᠡᠷ᠎ᠡ᠂ ᠬᠠᠤᠯᠢ ᠴᠠᠭᠠᠵᠠ ᠶᠢᠨ ᠰᠠᠯᠪᠥᠷᠢ ᠤᠨ ᠲᠤᠬᠠᠶᠢᠯᠠᠭᠰᠠᠨ ᠠᠵᠢᠯ ᠤᠨ ᠠᠵᠢᠯᠳᠠᠨ ᠠᠴᠠ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠥᠬᠦ ᠶᠠᠪᠤᠴᠠ ᠶᠢᠨ ᠲᠣᠭᠤᠷᠢᠨ ᠳᠤ ᠰᠢᠰᠲ᠋ᠧᠮ ᠲᠠᠢ ᠪᠠᠷ ᠬᠢᠴᠢᠶᠡᠯ ᠣᠷᠣᠵᠤ᠂ ᠪᠠᠶᠢᠴᠠᠭᠠᠨ ᠭᠡᠷᠡᠴᠢ ᠠᠪᠬᠤ ᠪᠠᠷᠢᠮᠵᠢᠶ᠎ᠠ᠂ ᠲᠤᠬᠠᠶ ᠶᠢᠨ ᠬᠥᠮᠦᠨ ᠤ ᠡᠳᠡᠯᠠᠬᠦ ᠡᠷᠬᠡ ᠬᠠᠷᠢᠭᠤᠴᠠᠬᠤ ᠡᠭᠦᠷᠬᠡ ᠶᠢᠨ ᠳᠣᠬᠠᠢ ᠮᠡᠳᠡᠭᠳᠡᠬᠦ ᠵᠢᠷᠤᠮᠵᠢᠯ᠂ ᠵᠠᠰᠠᠭ ᠵᠠᠬᠢᠷᠭᠠᠨ ᠤ ᠰᠢᠳᠬᠡᠯ ᠤᠨ ᠰᠢᠢᠳᠪᠣᠷᠢ ᠭᠠᠷᠭᠠᠬᠤ ᠪᠠ ᠬᠦᠷᠭᠡᠬᠦ ᠵᠢᠷᠣᠮ ᠤᠨ ᠳᠤᠮᠳᠠᠬᠢ ᠭᠤᠣᠯ ᠪᠣᠯᠬᠤ ᠠᠭᠤᠯᠭ᠎ᠠ ᠎ ᠶᠢᠨ ᠳᠠᠯ᠎ᠡ ᠠᠴᠠ ᠨᠠᠷᠢᠯᠢᠭ ᠵᠠᠳᠠᠯᠤᠨ ᠰᠢᠰᠲ᠋ᠧᠮ ᠲᠠᠢ ᠵᠠᠳᠠᠯᠣᠯᠳᠠ ᠬᠢᠵᠡᠢ᠃ ᠨᠡᠶᠢᠲᠡᠯᠢᠭ ᠬᠡᠷᠡᠭ ᠤᠨ ᠵᠢᠱᠢᠶ᠎ᠡ ᠲᠠᠢ ᠤᠶᠠᠯᠳᠤᠭᠤᠯᠤᠨ᠂ ᠬᠠᠤᠯᠢ ᠬᠡᠷᠡᠭᠵᠢᠭᠦᠯᠬᠦ ᠵᠢᠷᠣᠮ ᠤᠨ ᠳᠤᠮᠳᠠᠬᠢ ᠲᠦᠭᠰᠢᠭᠦᠷᠢ ᠶᠢᠨ ᠴᠡᠭ ᠪᠣᠯᠤᠨ ᠵᠠᠩᠭᠢᠯᠠᠭ᠎ᠠ ᠶᠢᠨ ᠭᠤᠭᠴᠤᠭ᠎ᠠ ᠶᠢ ᠭᠦᠨᠵᠡᠭᠡᠶ ᠵᠠᠳᠠᠯᠵᠤ᠂ ᠬᠠᠤᠯᠢ ᠬᠡᠷᠡᠭᠵᠢᠭᠦᠯᠬᠦ ᠠᠵᠢᠯᠲᠠᠨ ᠳᠤ ᠪᠣᠳᠠᠲᠠᠶ ᠠᠵᠢᠯᠯᠠᠭᠠᠨ ᠤ ᠵᠢᠯᠣᠭᠤᠳᠣᠯᠭ᠎ᠠ ᠬᠠᠩᠭᠠᠪᠠ᠃ ᠰᠤᠳᠤᠯᠤᠨ ᠶᠠᠷᠢᠯᠴᠠᠬᠤ ᠶᠠᠪᠣᠴᠨ ᠳᠤᠮᠳᠠ ᠬᠠᠷᠢᠯᠴᠠᠨ ᠰᠠᠨᠠᠯ ᠰᠠᠨᠠᠭᠤᠯᠭ᠎ᠠ ᠪᠠᠨ ᠰᠣᠯᠢᠯᠴᠠᠵᠤ᠂ ᠬᠠᠤᠯᠢ ᠬᠡᠷᠡᠭᠵᠢᠭᠦᠯᠬᠦ ᠠᠩᠭᠢ ᠶᠢᠨ ᠭᠡᠰᠢᠭᠦᠳ ᠡᠳᠦᠷ ᠲᠤᠲᠤᠮ ᠤᠨ ᠬᠡᠷᠡᠭ ᠰᠢᠢᠳᠪᠦᠷᠢᠯᠡᠬᠦ ᠳᠤᠮᠳᠠ ᠲᠤᠯᠭᠠᠷᠠᠭᠰᠠᠨ ᠬᠠᠤᠯᠢ ᠴᠠᠭᠠᠵᠠ ᠶᠢᠨ ᠮᠠᠷᠭᠤᠯᠳᠤᠭᠠᠨ᠂ ᠠᠯᠬᠤᠮ ᠲᠠᠷᠠᠭᠠᠯᠠᠯ ᠵᠡᠷᠭᠡ ᠬᠦᠴᠢᠷ ᠠᠰᠠᠭᠤᠳᠠᠯ  ᠲᠠᠢ ᠤᠶᠠᠯᠳᠤᠭᠤᠯᠤᠨ ᠬᠦᠨᠵᠡᠬᠡᠢ ᠶᠠᠷᠢᠯᠴᠠᠵᠤ᠂ ︽ᠣᠨᠣᠯ+        ᠦᠢᠯᠡᠳᠦᠯᠭᠡ︾᠎ ᠶᠢᠨ ᠤᠶᠠᠯᠳᠣᠬᠤ ᠪᠠᠷ ᠳᠠᠮᠵᠢᠭᠤᠯᠤᠨ᠂ ᠬᠠᠤᠯᠢ ᠬᠡᠷᠡᠭᠵᠢᠭᠦᠯᠬᠦ ᠠᠵᠢᠯ ᠤᠨ ᠳᠤᠮᠳᠠᠬᠢ ᠬᠦᠴᠢᠷ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠪᠡ᠃      ᠲᠣᠰ ᠤᠳᠠᠭᠠᠨ ᠤ ᠪᠣᠯᠪᠠᠰᠤᠷᠠᠯ ᠨᠢ ᠬᠠᠤᠯᠢ ᠬᠡᠷᠡᠭᠵᠢᠭᠦᠯᠬᠦ ᠡᠩᠨᠡᠭᠡᠨ ᠤ ᠪᠠᠶᠢᠭᠤᠯᠤᠯᠲᠠ ᠳᠤ ᠭᠥᠡ ᠭᠥᠡᠵᠡᠭᠡᠢ ᠠᠴᠢ ᠬᠤᠯᠪᠣᠭᠳᠠᠯ ᠲᠠᠢ᠃ ᠰᠢᠰᠲ᠋ᠧᠮ ᠲᠠᠢ ᠰᠤᠷᠤᠯᠴᠠᠬᠤ ᠪᠠᠷ ᠳᠠᠮᠵᠢᠭᠤᠯᠤᠨ᠂  ᠬᠠᠤᠯᠢ ᠬᠡᠷᠡᠭᠵᠢᠬᠦᠯᠬᠦ ᠠᠵᠢᠯᠳᠠᠳ ︽ᠠᠷᠠᠳ ᠤᠨ ᠲᠥᠯᠥᠭᠡ ᠬᠠᠤᠯᠢ ᠬᠡᠷᠡᠭᠵᠢᠭᠦᠯᠬᠦ︾ ᠣᠨᠣᠯ ᠤᠨ ᠳᠣᠬᠠᠢ ᠤᠯᠠᠮ ᠨᠢᠭᠡ ᠠᠯᠬᠤᠮ ᠣᠶᠢᠯᠭᠠᠵᠤ᠂ ᠬᠠᠤᠯᠢ ᠬᠡᠷᠡᠭᠵᠢᠭᠦᠯᠦᠯᠲᠡ ᠶᠢ ᠵᠢᠷᠤᠮᠵᠢᠭᠤᠯᠬᠤ᠂ ᠬᠠᠤᠯᠢ ᠬᠡᠷᠡᠭᠵᠢᠭᠦᠯᠬᠦ ᠳᠤ ᠤᠶᠠᠨ ᠬᠠᠳᠠᠨ ᠴᠢᠨᠠᠷ ᠤᠨ ᠲᠤᠬᠠᠶ ᠣᠶᠢᠯᠠᠭᠠᠯᠲᠠ ᠪᠠᠨ ᠭᠦᠨᠵᠡᠭᠡᠶᠢᠷᠡᠭᠦᠯᠦᠨ᠂ ᠬᠠᠤᠯᠢ ᠪᠠᠷ ᠵᠠᠰᠠᠬᠤ ᠰᠡᠳᠬᠢᠬᠦᠶ ᠪᠠᠷ ᠵᠥᠷᠢᠴᠡᠯ ᠢ ᠠᠷᠢᠯᠭᠠᠬᠤ᠂ ᠲᠣᠭᠲᠠᠭᠤᠨ ᠪᠠᠶᠢᠳᠠᠯ ᠢ ᠪᠠᠳᠤᠯᠠᠬᠤ ᠵᠠᠷᠭᠡ ᠳᠠᠯ᠎ᠡ ᠶᠢᠨ ᠴᠢᠳᠠᠪᠤᠷᠢ ᠪᠠᠨ ᠦᠨᠡᠨ ᠬᠦ ᠳᠡᠭᠡᠭᠰᠢᠯᠡᠭᠦᠯᠪᠡ᠃ ᠪᠣᠯᠪᠠᠰᠤᠷᠠᠯ ᠤᠨ ᠦᠷ᠎ᠡ ᠪᠦᠲᠦᠭᠡᠯ ᠢ ᠪᠣᠳᠠᠲᠤ ᠠᠵᠢᠯᠯᠠᠭ᠎ᠠ ᠪᠣᠯᠭᠠᠨ ᠬᠤᠪᠢᠷᠠᠭᠤᠯᠵᠤ᠂ ᠬᠠᠤᠯᠢ ᠬᠡᠷᠡᠭᠵᠢᠭᠦᠯᠬᠦ ᠶᠠᠪᠤᠴᠠ ᠳᠤ ᠬᠠᠤᠯᠢ ᠲᠥᠷᠢᠮ ᠢ ᠴᠢᠩᠭ᠎ᠠ ᠰᠠᠬᠢᠵᠤ᠂ ᠬᠠᠤᠯᠢ ᠬᠡᠷᠡᠭᠵᠢᠭᠦᠯᠬᠦ ᠡᠷᠴᠢᠮ ᠢ ᠢᠯᠡᠷᠡᠭᠦᠯᠦᠭᠰᠡᠨ ᠮᠥᠷᠲᠡᠭᠡᠨ ᠪᠠᠰᠠ ᠨᠡᠪᠲᠡᠷᠡᠯᠴᠡᠨ ᠵᠣᠬᠢᠴᠠᠭᠤᠯᠬᠤ ᠶᠢ ᠴᠢᠬᠤᠯᠠᠴᠢᠯᠠᠵᠤ᠂ ᠬᠠᠤᠯᠢ ᠬᠡᠷᠡᠭᠵᠢᠭᠦᠯᠬᠦ ᠪᠠᠷᠢᠮᠵᠢᠶ᠎ᠠ ᠶᠢ ᠳᠠᠮᠵᠢᠭᠤᠯᠤᠨ᠎ᠠ᠃      ᠳᠠᠷᠠᠭᠠᠴᠢ ᠶᠢᠨ ᠠᠯᠬᠤᠮ ᠳᠤ᠂ ᠮᠠᠨᠳᠣᠬᠤᠪᠤᠯᠠᠭ ᠪᠠᠯᠭᠠᠰᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠩᠭᠢ ᠨᠢ ᠬᠠᠤᠯᠢ ᠴᠠᠭᠠᠵᠠ ᠶᠢᠨ ᠰᠠᠯᠪᠤᠷᠢ ᠲᠠᠢ ᠤᠷᠲᠤ ᠬᠤᠭᠤᠴᠠᠭᠠᠨ ᠤ ᠪᠦᠲᠦᠮᠵᠢᠲᠡᠢ ᠬᠤᠯᠪᠣᠭᠠᠯᠠᠨ ᠬᠥᠳᠡᠯᠦᠯᠴᠡᠬᠦ ᠲᠣᠭᠲᠠᠴᠠ ᠶᠢ ᠪᠠᠶᠢᠭᠤᠯᠵᠤ᠂ ᠬᠠᠤᠯᠢ ᠬᠡᠷᠡᠭᠵᠢᠭᠦᠯᠬᠦ ᠲᠤᠬᠠᠶᠢᠯᠠᠭᠰᠠᠨ ᠠᠵᠢᠯ ᠤᠨ ᠰᠤᠷᠤᠯᠴᠠᠯᠭ᠎ᠠ ᠪᠠ ᠬᠡᠷᠡᠭ ᠤᠨ ᠵᠢᠱᠢᠶ᠎ᠡ ᠶᠢ ᠰᠤᠳᠤᠯᠤᠨ ᠶᠠᠷᠢᠯᠴᠠᠬᠤ ᠠᠵᠢᠯᠯᠠᠭ᠎ᠠ ᠶᠢ ᠪᠠᠶᠢᠩᠭᠤ ᠥᠷᠨᠢᠭᠦᠯᠦᠨ᠎ᠡ᠃ ᠰᠤᠷᠤᠯᠴᠠᠬᠤ ᠪᠠ ᠪᠤᠳᠠᠳᠠᠢ ᠶᠢ ᠤᠶᠠᠯᠳᠤᠭᠤᠯᠬᠤ ᠪᠠᠷ ᠳᠠᠮᠵᠢᠭᠤᠯᠵᠤ᠂ ᠬᠠᠤᠯᠢ ᠬᠡᠷᠡᠭᠵᠢᠭᠦᠯᠬᠦ ᠠᠵᠢᠯᠲᠠᠳ ᠤᠨ ᠬᠠᠤᠯᠢ ᠬᠡᠷᠡᠭᠵᠢᠭᠦᠯᠬᠦ ᠦᠨᠳᠦᠰᠦᠯᠡᠯ ᠢ ᠪᠣᠯᠪᠠᠰᠤᠷᠠᠩᠭᠤᠢ ᠡᠵᠡᠮᠰᠢᠬᠦ᠂ ᠬᠠᠤᠯᠢ ᠬᠡᠷᠡᠭᠵᠢᠭᠦᠯᠬᠦ ᠶᠠᠪᠤᠴᠠ ᠶᠢ ᠵᠢᠷᠤᠮᠵᠢᠭᠤᠯᠬᠤ ᠶᠢ ᠠᠬᠢᠭᠤᠯᠵᠤ᠂ ᠬᠠᠤᠯᠢ ᠬᠡᠷᠡᠭᠵᠢᠭᠦᠯᠬᠦ  ᠶᠠᠪᠣᠴᠠ ᠳᠤᠮᠳᠠᠬᠢ ᠣᠷᠣᠰᠢᠵᠣ ᠮᠡᠳᠠᠬᠦ ᠪᠣᠯᠪᠠᠰᠤᠨ ᠪᠤᠰᠤ ᠦᠵᠡᠭᠳᠡᠯ ᠢ ᠡᠷᠡᠰ ᠬᠤᠷᠢᠭᠯᠠᠵᠤ᠂ ᠬᠠᠤᠯᠢ ᠬᠡᠷᠡᠭᠵᠢᠭᠦᠯᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ᠂ ᠦᠨᠳᠦᠰᠦᠨ ᠱᠠᠲᠤᠨ ᠤ ᠬᠠᠤᠯᠢᠵᠢᠯ ᠤᠨ ᠪᠠᠶᠢᠭᠤᠯᠤᠯᠲᠠ ᠶᠢ ᠠᠬᠢᠭᠤᠯᠬᠤ ᠳᠤ ᠬᠠᠤᠯᠢ ᠬᠡᠷᠡᠭᠵᠢᠭᠦᠯᠬᠦ ᠬᠦᠴᠦᠨ ᠴᠢᠳᠠᠯ ᠢᠶᠠᠨ ᠡᠷᠭᠦᠬᠦ ᠬᠡᠷᠡᠭᠲᠡᠢ᠃
 
ᠢᠷᠡᠯᠲᠡ᠄ ᠮᠠᠨᠳᠣᠬᠤᠪᠣᠯᠠᠭ ᠪᠠᠯᠭᠠᠰᠤ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号