ᠮᠠᠨ ᠤ ᠬᠤᠰᠢᠭᠤ ︽5·12︾ ᠤᠨ ᠪᠥᠬᠦ ᠤᠯᠤᠰ ᠤᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠡᠳᠦᠷ ᠤᠨ ᠭᠤᠤᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠦᠷᠨᠢᠭᠦᠯᠪᠡ
ᠨᠡᠶᠢᠲᠡᠯᠡᠭᠰᠡᠨ ᠴᠠᠭ᠄
2025/5/20
      5 ᠰᠠᠷ᠎ᠠ ᠶᠢᠨ 12 ᠤᠨ ᠡᠳᠦᠷ ᠤᠨ ᠦᠳᠡ ᠶᠢᠨ ᠡᠮᠦᠨ᠎ᠡ᠂  ᠮᠠᠨ ᠤ ᠬᠤᠰᠢᠭᠤᠨ ᠤ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠨ ᠭᠠᠮᠰᠢᠭ ᠠᠴᠠ ᠠᠪᠤᠷᠬᠠᠤ ᠵᠥᠪᠯᠡᠯ ᠤᠨ ᠠᠯᠪᠠᠨ ᠬᠡᠷ᠂ ᠬᠤᠰᠢᠭᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠠᠴᠠ ᠦᠵᠦᠮᠦᠴᠢᠨ ᠠᠭᠤᠳᠠᠮ ᠲᠠᠯᠠᠪᠠᠶ ᠳᠤ ︽ᠬᠥᠮᠦᠨ ᠪᠤᠯᠭᠠᠨ ᠠᠮᠤᠷ ᠲᠦᠪᠰᠢᠨ ᠢ ᠡᠷᠬᠢᠮᠯᠡᠵᠦ᠂ ᠪᠠᠴᠢᠮ ᠪᠠᠶᠢᠳᠠᠯ ᠢ ᠠᠷᠭᠠᠴᠠᠭᠠᠵᠤ᠂ ᠳᠡᠷᠭᠡᠳᠡ ᠳᠠᠯᠳᠠ ᠤᠷᠤᠰᠢᠬᠤ ᠭᠠᠢ ᠭᠠᠮᠰᠢᠭ ᠢ ᠳᠠᠷᠠᠭᠠᠯᠠᠨ ᠪᠠᠶᠢᠴᠠᠭᠠᠶ᠎ᠠ︾ ᠭᠡᠬᠦ ᠭᠤᠤᠯ ᠰᠡᠲᠦᠪᠲᠦ ᠪᠥᠬᠦ ᠤᠯᠤᠰ ᠤᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠤᠬᠠᠭᠤᠯᠭ᠎ᠠ ᠶᠢᠨ ᠭᠠᠷᠠᠭ ᠤᠨ ᠡᠬᠢᠯᠡᠯᠲᠡ ᠶᠢᠨ ᠶᠣᠰᠣᠯᠠᠯ ᠵᠢᠴᠢ 5·12 ᠪᠥᠬᠦ ᠤᠯᠤᠰ  ᠤᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠡᠳᠦᠷ ᠤᠨ ᠤᠬᠠᠭᠤᠯᠭ᠎ᠠ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠵᠤ ᠥᠷᠨᠢᠭᠦᠯᠪᠡ᠃      ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠪᠠᠶᠢᠩᠭᠤ ᠶᠢᠨ ᠳᠡᠳ᠋ ᠬᠤᠰᠢᠭᠤ ᠳᠠᠷᠤᠭ᠎ᠠ ᠬᠦᠳᠡᠷ ᠵᠢᠴᠢ ᠬᠤᠰᠢᠭᠤ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠨ ᠭᠠᠮᠰᠢᠭ ᠠᠴᠠ ᠠᠪᠤᠷᠠᠬᠤ ᠵᠥᠪᠯᠡᠯ ᠤᠨ ᠡᠯ᠎ᠡ ᠪᠦᠷᠢᠯᠳᠦᠬᠦᠨ ᠨᠢᠭᠡᠴᠢ ᠠᠵᠢᠯᠯᠠᠭ᠎ᠠ ᠳᠤ ᠤᠷᠤᠯᠴᠠᠵᠠᠢ᠃      ᠠᠵᠢᠯᠯᠠᠭ᠎ᠠ ᠶᠢᠨ ᠲᠤᠬᠠᠶ ᠶᠢᠨ ᠲᠠᠯᠠᠪᠠᠶ ᠳᠤ᠂ ᠠᠵᠢᠯᠲᠠᠳ ᠠᠴᠠ ᠲᠤᠬᠠᠶ ᠶᠢᠨ ᠲᠠᠯᠠᠪᠤᠷ ᠲᠤ          ᠲᠠᠶᠢᠯᠪᠤᠷᠢᠯᠠᠬᠤ᠂ ᠤᠬᠠᠭᠤᠯᠭ᠎ᠠ ᠶᠢᠨ ᠭᠠᠷ ᠳᠡᠪᠲᠡᠷ ᠲᠠᠷᠬᠠᠭᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠣᠯᠠᠨ ᠲᠦᠮᠡᠨ ᠳᠤ ᠰᠢᠷᠦᠭᠦᠨ ᠪᠣᠷᠣᠭᠠᠨ᠂ ᠭᠠᠵᠠᠷ ᠬᠥᠳᠡᠯᠦᠯᠲᠡ ᠵᠡᠷᠭᠡ ᠪᠠᠶᠢᠭᠠᠯᠢ ᠶᠢᠨ ᠭᠠᠮᠰᠢᠭ ᠲᠣᠬᠢᠶᠠᠯᠳᠤᠬᠤ ᠦᠶ᠎ᠡ ᠳᠤ ᠥᠪᠡᠷ ᠢ ᠪᠠᠨ ᠠᠪᠤᠷᠬᠠᠤ ᠦᠨᠳᠦᠰᠦᠨ ᠶᠡᠷᠦ ᠶᠢᠨ ᠮᠡᠳᠡᠯᠭᠡ ᠶᠢ ᠬᠡᠷᠬᠢᠨ ᠥᠷᠨᠢᠭᠦᠯᠵᠦ᠂ ᠣᠯᠠᠨ ᠲᠦᠮᠡᠨ  ᠳᠤ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠮᠡᠳᠡᠯᠭᠡ ᠪᠠ ᠠᠮᠢ ᠵᠢᠭᠤᠲᠠᠬᠤ ᠵᠥᠪ ᠤᠷ᠎ᠠ ᠮᠡᠷᠭᠡᠵᠢᠯ ᠢ ᠪᠥᠬᠦ ᠲᠠᠯ᠎ᠠ ᠪᠠᠷ᠂ ᠣᠯᠠᠨ ᠲᠠᠯ᠎ᠠ ᠠᠴᠠ ᠤᠶᠢᠯᠠᠭᠠᠭᠤᠯᠵᠠᠢ᠃ ᠬᠤᠰᠢᠭᠤ ᠭᠠᠯ ᠤᠨᠲᠠᠷᠠᠭᠠᠵᠤ ᠠᠪᠤᠷᠠᠨ ᠲᠤᠰᠠᠯᠠᠬᠤ ᠶᠡᠭᠡ ᠠᠩᠭᠢ᠂ ᠣᠢ ᠰᠢᠭᠤᠶ ᠶᠢᠨ ᠭᠠᠯ ᠤᠨᠲᠠᠷᠠᠭᠠᠵᠤ ᠠᠪᠤᠷᠠᠨ ᠲᠤᠰᠠᠯᠠᠬᠤ ᠶᠡᠭᠡ ᠠᠩᠭᠢ ᠠᠴᠠ ᠡᠯ᠎ᠡ ᠲᠥᠷᠥᠯ ᠤᠨ ᠠᠪᠤᠷᠠᠨ ᠲᠤᠰᠠᠯᠠᠬᠤ ᠲᠥᠬᠦᠭᠡᠷᠦᠮᠵᠢ ᠪᠠ ᠪᠠᠭᠠᠵᠢ ᠬᠡᠷᠡᠭᠰᠡᠯ ᠢ ᠳᠡᠯᠭᠡᠨ ᠦᠵᠡᠭᠦᠯᠬᠦ ᠶᠢᠨ ᠬᠠᠮᠲᠤ ᠲᠤᠬᠠᠶ ᠶᠢᠨ ᠲᠠᠯᠠᠪᠠᠢ ᠳᠤ ᠲᠠᠶᠢᠯᠤᠮᠵᠢ ᠬᠢᠵᠦ᠂ ᠣᠯᠠᠨ ᠲᠦᠮᠡᠨ ᠳᠤ ᠠᠶᠤᠯ ᠠᠴᠠ ᠵᠠᠶᠢᠯᠠᠵᠤ ᠥᠪᠡᠷ ᠢ ᠪᠠᠨ ᠠᠪᠤᠷᠠᠬᠤ ᠦᠨᠳᠦᠰᠦᠨ ᠮᠡᠳᠡᠯᠭᠡ ᠶᠢ ᠲᠦᠭᠡᠮᠡᠯᠵᠢᠭᠦᠯᠵᠡᠢ᠃ ᠪᠤᠰᠤᠳ ᠪᠦᠷᠢᠯᠳᠦᠬᠦᠨ ᠨᠢᠭᠡᠴᠡ ᠶᠢᠨ ᠬᠢᠨ ᠦᠵᠡᠭᠦᠯᠦᠯᠭᠡ ᠶᠢᠨ ᠰᠠᠮᠪᠠᠷ᠎ᠠ᠂ ᠲᠤᠬᠠᠶ ᠶᠢᠨ ᠲᠠᠯᠠᠪᠠᠶ ᠳᠤ ᠬᠠᠷᠢᠯᠴᠠᠨ ᠬᠥᠳᠡᠯᠦᠯᠴᠡᠬᠦ᠂ ᠤᠬᠠᠭᠤᠯᠭ᠎ᠠ ᠶᠢᠨ ᠭᠠᠷ ᠳᠡᠪᠲᠡᠷ ᠲᠠᠷᠬᠠᠭᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠥᠷᠭᠡᠨ ᠢᠶᠠᠷ ᠤᠬᠠᠭᠤᠯᠤᠭᠰᠠᠨ ᠪᠠᠶᠢᠨ᠎ᠠ᠃      ᠲᠣᠰ ᠤᠳᠠᠭᠠᠨ ᠤ ᠠᠵᠢᠯᠯᠠᠭ᠎ᠠ ᠳᠤ ᠡᠯ᠎ᠡ ᠲᠥᠷᠥᠯ ᠤᠨ ᠤᠬᠠᠭᠤᠯᠭ᠎ᠠ ᠶᠢᠨ ᠮᠠᠲ᠋ᠧᠷᠢᠶᠠᠯ ᠢ ᠨᠡᠶᠢᠲᠡ 1000 ᠭᠠᠷᠤᠶ ᠬᠤᠪᠢ᠂ ᠳᠤᠷᠠᠰᠬᠠᠯ ᠤᠨ ᠪᠡᠯᠡᠭ ᠢ 500 ᠭᠠᠷᠤᠶ ᠬᠤᠪᠢ ᠲᠠᠷᠬᠠᠭᠠᠵᠤ᠂ ᠲᠥᠪᠯᠡᠷᠡᠭᠦᠯᠦᠨ ᠤᠬᠠᠭᠤᠯᠬᠤ ᠠᠵᠢᠯᠯᠠᠭ᠎ᠠ ᠪᠠᠷ ᠳᠠᠮᠵᠢᠭᠤᠯᠤᠨ᠂ ᠪᠥᠬᠦ ᠬᠤᠰᠢᠭᠤᠨ ᠤ ᠣᠯᠠᠨ ᠲᠦᠮᠡᠨ ᠤ ᠠᠮᠤᠷ ᠲᠦᠪᠰᠢᠨ ᠤ ᠲᠦᠭᠰᠢᠭᠦᠷᠢ ᠶᠢ ᠰᠡᠷᠭᠡᠶᠢᠯᠡᠬᠦ ᠤᠬᠠᠮᠰᠠᠷ ᠢ ᠤᠯᠠᠮ ᠨᠢᠭᠡ ᠠᠯᠬᠤᠮ ᠴᠢᠩᠭᠠᠳᠬᠠᠪᠠ᠃      ᠲᠠᠷᠠᠭᠠᠴᠢ ᠶᠢᠨ ᠠᠯᠬᠤᠮ ᠳᠤ᠂ ᠮᠠᠨ ᠤ ᠬᠤᠰᠢᠭᠤᠨ ᠤ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠨ ᠭᠠᠮᠰᠢᠭ ᠠᠴᠠ ᠠᠪᠤᠷᠬᠠᠤ ᠵᠥᠪᠯᠡᠯ ᠤᠨ ᠠᠯᠪᠠᠨ ᠬᠡᠷ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠨᠢ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠤᠬᠠᠭᠤᠯᠭ᠎ᠠ ᠬᠥᠮᠦᠵᠢᠯ ᠤᠨ ︽ᠲᠠᠪᠤ ᠶᠢ ᠠᠬᠢᠭᠤᠯᠬᠤ︾ ᠠᠵᠢᠯᠯᠠᠭ᠎ᠠ ᠶᠢ ᠦᠷᠭᠦᠯᠵᠢᠯᠡᠨ ᠠᠬᠢᠭᠤᠯᠵᠤ᠂ ᠳᠠᠯᠳᠠ ᠬᠡᠮ ᠢ ᠵᠢᠭᠰᠠᠭᠠᠨ ᠪᠠᠶᠢᠴᠠᠭᠠᠵᠤ ᠵᠠᠰᠠᠬᠤ ᠶᠢ ᠴᠢᠩᠭᠠᠳᠬᠠᠵᠤ᠂ ᠪᠠᠴᠢᠮ ᠪᠠᠶᠢᠳᠠᠯ ᠢ ᠠᠷᠭᠠᠴᠠᠭᠠᠬᠤ ᠰᠣᠷᠢᠯᠲᠠ ᠶᠢ ᠵᠣᠬᠢᠶᠠᠨ ᠪᠠᠶᠢᠭᠤᠯᠵᠤ᠂ ᠣᠯᠠᠨ ᠲᠦᠮᠡᠨ ᠤ ᠭᠠᠮᠰᠢᠭ ᠢ ᠰᠡᠷᠭᠡᠶᠢᠯᠡᠵᠦ ᠠᠶᠤᠯ ᠠᠴᠠ ᠵᠠᠶᠢᠯᠠᠬᠤ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠰᠢᠰᠲ᠋ᠧᠮ ᠢ ᠲᠠᠰᠤᠷᠠᠯᠲᠠ ᠥᠬᠡᠶ ᠲᠡᠭᠦᠯᠳᠡᠷᠵᠢᠭᠦᠯᠵᠦ᠂ ᠡᠬᠡ ᠤᠯᠤᠰ  ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠡᠷᠡᠰ ᠭᠤᠶᠢᠪᠢᠰᠢ ᠥᠬᠡᠶ  ᠪᠠᠬᠢᠵᠢᠭᠦᠯᠬᠦ ᠪᠤᠯᠤᠨ᠎ᠠ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号