ᠮᠠᠨ ᠤ ᠬᠤᠰᠢᠭᠤ ᠭᠤᠷᠪᠠᠳᠤᠭᠠᠷ ᠬᠤᠭᠤᠴᠠᠭᠠᠨ ᠤ ︽ᠰᠢᠨ᠎ᠡ ᠠᠶᠠᠨ ᠢᠶᠠᠨ ᠮᠠᠭᠲᠠᠨ ᠳᠠᠭᠤᠯᠠᠶ᠎ᠠ︾ ᠣᠨᠣᠯ  ᠤᠨ ᠲᠠᠶᠢᠯᠤᠮᠵᠢ ᠶᠢᠨ ᠤᠷᠤᠯᠳᠤᠭᠠᠨ ᠦᠷᠨᠢᠭᠦᠯᠪᠡ
ᠨᠡᠶᠢᠲᠡᠯᠡᠭᠰᠡᠨ ᠴᠠᠭ᠄
2025/5/20
      ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ  ᠤᠨ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠤᠬᠠᠭᠤᠯᠵᠤ ᠲᠤᠭᠤᠰᠢᠯᠠᠭᠤᠯᠤᠨ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠦᠶᠯᠡᠴᠢᠯᠡᠭᠡᠨ ᠤ ᠲᠥᠪ ᠤᠨ ᠠᠵᠢᠯ᠂ ᠦᠵᠡᠯ ᠰᠠᠨᠠᠭᠠᠨ ᠤ ᠬᠠᠮᠲᠤ ᠶᠢᠨ ᠲᠠᠨᠢᠯᠲᠠ ᠶᠢ ᠨᠢᠭᠲᠠᠷᠠᠭᠤᠯᠬᠤ ᠲᠠᠯ᠎ᠠ ᠪᠠᠷ ᠬᠢ ᠣᠨᠣᠯ ᠤᠨ ᠤᠬᠠᠭᠤᠯᠤᠨ ᠲᠠᠶᠢᠯᠪᠤᠷᠢᠯᠠᠬᠤ ᠠᠵᠢᠯ ᠤᠨ ᠴᠢᠬᠤᠯᠠ ᠦᠶᠯᠡᠳᠦᠯ ᠢ ᠭᠦᠶᠴᠡᠳ ᠪᠠᠳᠠᠷᠠᠭᠤᠯᠬᠤ ᠶᠢᠨ ᠲᠥᠯᠥᠭᠡ᠂ 5 ᠰᠠᠷ᠎ᠠ ᠶᠢᠨ 13 ᠤ ᠡᠳᠦᠷ᠂ ᠮᠠᠨ ᠤ ᠬᠤᠰᠢᠭᠤ ᠭᠤᠷᠪᠠᠳᠤᠭᠠᠷ ᠬᠤᠭᠤᠴᠠᠭᠠᠨ ᠤ ︽ᠰᠢᠨ᠎ᠡ ᠠᠶᠠᠨ ᠢᠶᠠᠨ ᠮᠠᠭᠲᠠᠨ ᠳᠠᠭᠤᠯᠠᠶ᠎ᠠ︾ ᠣᠨᠣᠯ ᠤᠨ ᠲᠠᠶᠢᠯᠤᠮᠵᠢ ᠶᠢᠨ ᠤᠷᠤᠯᠳᠤᠭᠠᠨ ᠢ ᠠᠮᠵᠢᠯᠲᠠ ᠲᠠᠢ ᠡᠷᠭᠢᠯᠡᠪᠡ᠃ ᠲᠤᠰ ᠤᠳᠠᠭᠠᠨ ᠤ ᠤᠷᠤᠯᠳᠤᠭᠠᠨ ᠳᠤ ᠪᠦᠬᠦ ᠬᠤᠰᠢᠭᠤᠨ ᠤ ᠡᠯ᠎ᠡ ᠰᠤᠮᠤ ᠪᠠᠯᠭᠠᠰᠤ ᠲᠠᠯᠠᠪᠠᠢ᠂ ᠬᠤᠰᠢᠭᠤ ᠡᠯ᠎ᠡ ᠬᠡᠯᠲᠡᠰ᠂ ᠵᠥᠪᠯᠡᠯ᠂ ᠠᠯᠪᠠᠨ ᠭᠡᠷ ᠵᠢᠴᠢ ᠬᠤᠰᠢᠭᠤ ᠰᠢᠭᠤᠳ ᠬᠠᠷᠢᠶ᠎ᠠ ᠡᠯ᠎ᠡ ᠨᠢᠭᠡᠴᠢ  ᠶᠢᠨ 16 ᠤᠷᠤᠯᠴᠠᠭᠴᠢ ᠤᠷᠤᠯᠴᠠᠵᠠᠢ᠃      ᠲᠣᠰ ᠤᠳᠠᠭᠠᠨ ᠤ ᠤᠷᠤᠯᠳᠤᠭᠠᠨ ᠨᠢ ︽ᠤᠬᠠᠭᠤᠯᠤᠨ ᠲᠠᠶᠢᠯᠪᠤᠷᠢᠯᠠᠬᠤ +  ︾ ᠣᠯᠠᠨ ᠡᠰᠢᠴᠢᠯᠡᠭᠰᠡᠨ ᠰᠢᠨ᠎ᠡ ᠶᠢ ᠡᠭᠦᠳᠦᠭᠰᠡᠨ ᠬᠡᠯᠪᠡᠷᠢ ᠶᠢ ᠬᠡᠷᠡᠭᠯᠡᠵᠦ᠂ ᠤᠷᠤᠯᠳᠤᠭᠠᠨ ᠳᠤ ᠣᠷᠣᠯᠴᠠᠭᠰᠠᠳ ᠤᠨ ︽ᠤᠬᠠᠭᠤᠯᠤᠨ ᠲᠠᠶᠢᠯᠪᠤᠷᠢᠯᠠᠬᠤ + ᠲᠤᠰᠠᠯᠠᠬᠤ ᠸᠢᠳᠢᠣ᠋︾᠂ ︽ᠤᠬᠠᠭᠤᠯᠤᠨ ᠲᠠᠶᠢᠯᠪᠤᠷᠢᠯᠠᠬᠤ + ᠶᠠᠷᠢᠵᠤ ᠳᠠᠭᠤᠯᠠᠬᠤ︾᠂       ︽ᠤᠬᠠᠭᠤᠯᠤᠨ ᠲᠠᠶᠢᠯᠪᠤᠷᠢᠯᠠᠬᠤ + ᠱᠤᠭ ᠶᠠᠷᠢᠶ᠎ᠠ︾᠂ ︽ᠤᠬᠠᠭᠤᠯᠤᠨ ᠲᠠᠶᠢᠯᠪᠤᠷᠢᠯᠠᠬᠤ + ᠴᠠᠷᠭᠢᠯ ᠬᠤᠯᠪᠣᠭ᠎ᠠ︾ ᠵᠡᠷᠭᠡ ᠰᠢᠨ᠎ᠡ ᠠᠷᠭ᠎ᠠ ᠬᠡᠯᠪᠡᠷᠢ ᠶᠢ ᠰᠣᠩᠭᠤᠬᠤ ᠶᠢ ᠵᠣᠷᠢᠭᠵᠢᠭᠤᠯᠵᠤ᠂ ᠣᠯᠠᠨ ᠲᠦᠮᠡᠨ ᠤ ᠦᠵᠡᠵᠦ ᠰᠣᠨᠣᠰᠬᠤ ᠳᠤᠷᠠᠲᠠᠶ᠂ ᠠᠮᠠᠷᠬᠠᠨ ᠣᠶᠢᠯᠠᠭᠠᠭᠳᠠᠬᠤ ᠬᠡᠯᠪᠡᠷᠢ ᠪᠠᠷ ᠨᠠᠮ ᠤᠨ ᠰᠢᠨ᠎ᠡ ᠶᠢ ᠡᠭᠦᠳᠬᠦ ᠣᠨᠣᠯ ᠢ ᠣᠨᠣᠪᠴᠢᠲᠠᠶ ᠲᠠᠶᠢᠯᠪᠤᠷᠢᠯᠠᠵᠤ᠂ ᠠᠮᠢᠳᠤᠯᠢᠭ ᠶᠠᠷᠢᠵᠤ᠂ ᠣᠨᠣᠯ ᠤᠨ ᠤᠬᠠᠭᠤᠯᠤᠨ ᠲᠠᠶᠢᠯᠪᠤᠷᠢᠯᠠᠬᠤ ᠶᠢᠨ ᠲᠠᠲᠠᠬᠤ ᠬᠦᠴᠦᠨ ᠪᠠ ᠨᠥᠯᠥᠭᠡᠯᠡᠬᠦ ᠬᠦᠴᠦᠨ ᠢ ᠶᠡᠭᠡ ᠪᠠᠷ ᠨᠡᠮᠡᠭᠳᠡᠭᠦᠯᠵᠦ᠂ ᠣᠨᠣᠯ ᠤᠨ ᠮᠡᠳᠡᠯᠭᠡ ᠶᠢ ᠦᠨᠡᠨ ᠬᠦ  ᠲᠦᠭᠡᠮᠡᠯᠵᠢᠭᠦᠯᠵᠡᠢ᠃      ᠤᠷᠤᠯᠳᠤᠭᠠᠨ ᠤ ᠠᠬᠤᠢ ᠲᠠᠯᠠᠪᠠᠢ ᠳᠤ᠂ ᠤᠷᠤᠯᠴᠠᠭᠰᠠᠳ ᠠᠴᠠ ᠲᠤᠰ ᠲᠤᠰ ᠤᠨ ᠴᠤᠭ ᠵᠢᠪᠬᠤᠭ᠎ᠠ ᠪᠠᠨ ᠢᠯᠡᠷᠡᠭᠦᠯᠵᠦ᠂ ᠣᠷᠭᠢᠯᠤᠮ᠎ᠠ ᠬᠠᠯᠠᠭᠤᠨ ᠰᠡᠳᠬᠢᠯᠭᠡ᠂ ᠳᠦᠭᠦᠮ ᠠᠪᠰᠠᠷᠬᠠᠨ ᠦᠭᠡ ᠶᠠᠷᠢᠶ᠎ᠠ ᠪᠠᠷ ᠠᠭᠤᠤ ᠶᠡᠭᠡ ᠬᠦᠰᠡᠯᠡᠩ ᠪᠣᠯᠤᠨ ᠪᠦᠯᠬᠦᠮᠳᠡᠨ ᠲᠡᠮᠡᠴᠡᠬᠦ ᠴᠠᠭ ᠦᠶ᠎ᠡ ᠶᠢᠨ ᠵᠣᠷᠢᠭ ᠰᠠᠨᠠᠭ᠎ᠠ ᠶᠢ ᠲᠠᠶᠢᠯᠪᠤᠷᠢᠯᠠᠵᠤ᠂ ᠲᠤᠬᠠᠢ ᠶᠢᠨ ᠲᠠᠯᠠᠪᠠᠢ ᠶᠢᠨ ᠦᠵᠡᠭᠴᠢᠳ ᠤᠨ ᠬᠠᠯᠠᠭᠤᠨ ᠠᠯᠠᠭ᠎ᠠ ᠲᠠᠰᠢᠯᠳᠠ ᠶᠢ ᠣᠯᠵᠠᠢ  ᠃      ᠬᠤᠷᠴᠠ ᠰᠢᠷᠦᠭᠦᠨ ᠥᠷᠢᠰᠥᠯᠳᠦᠭᠡᠨ ᠢᠶᠠᠷ ᠳᠠᠮᠵᠢᠨ᠂ ᠬᠠᠲᠠᠪᠴᠢ ᠪᠠᠯᠭᠠᠰᠤᠨ ᠤ ᠡᠦ ᠢᠦᠢ ᠲᠦᠩ ᠨᠢᠭᠡᠳᠦᠭᠡᠷ ᠳᠡᠰ ᠲᠤ ᠲᠤᠳᠤᠷᠠᠵᠤ᠂  ᠬᠤᠰᠢᠭᠤ ᠭᠠᠶᠢᠯᠢ ᠶᠢᠨ ᠶᠠᠪᠤᠳᠠᠯ ᠤᠨ ᠲᠣᠪᠴᠢᠶᠠᠨ ᠤ ᠨᠢᠦ ᠹᠠᠩ ᠰᠢᠤᠸᠠᠢ᠂ ᠬᠤᠰᠢᠭᠤ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠤᠶᠤᠨᠳᠠᠨ᠎ᠠ ᠬᠤᠶᠠᠳᠤᠭᠠᠷ ᠳᠡᠰ ᠲᠤ ᠲᠤᠳᠤᠷᠠᠨ᠂ ᠡᠵᠢᠨᠠᠭᠤᠷ ᠪᠠᠯᠭᠠᠰᠤᠨ ᠤ ᠸᠠᠩ ᠬᠤᠩ ᠳ᠋ᠢ᠂ ᠰᠠᠮᠠᠢ ᠰᠤᠮᠤ ᠶᠢᠨ ᠸᠠᠩ ᠵᠢᠤᠢ᠂ ᠬᠤᠰᠢᠭᠤ ᠪᠠᠴᠢᠮ ᠪᠠᠶᠢᠳᠠᠯ ᠢ ᠠᠷᠭᠠᠴᠠᠭᠠᠬᠤ ᠲᠣᠪᠴᠢᠶᠠᠨ ᠤ ᠠᠷᠤᠬᠠᠨ ᠭᠤᠷᠪᠠᠳᠤᠭᠠᠷ ᠳᠡᠰ ᠲᠤ ᠲᠤᠳᠤᠷᠠᠵᠠᠢ᠃ ᠲᠡᠲᠡᠡ ᠤ ᠭᠤᠶᠢᠳᠠ ᠰᠠᠶᠢᠬᠠᠨ ᠤᠬᠠᠭᠤᠯᠤᠨ ᠲᠠᠶᠢᠯᠪᠤᠷᠢᠯᠠᠯᠲᠠ ᠨᠢ ᠯᠠᠪᠳᠠᠭᠤᠨ ᠪᠠᠲᠤᠲᠠᠢ ᠤᠨᠤᠯ ᠤᠨ ᠰᠠᠭᠤᠷᠢ ᠪᠠ ᠭᠠᠷᠮᠠᠭᠠᠢ ᠢᠯᠡᠳᠬᠡᠬᠦ ᠴᠢᠳᠠᠪᠤᠷᠢ  ᠶᠢ ᠢᠯᠡᠷᠡᠭᠦᠯᠦᠭᠰᠡᠨ ᠢᠶᠠᠷ ᠪᠠᠷᠠᠬᠤ ᠦᠭᠡᠢ ᠪᠠᠰᠠ ᠪᠦᠬᠦ ᠬᠤᠰᠢᠭᠤᠨ ᠤ ᠤᠨᠤᠯ ᠤᠨ ᠤᠬᠠᠭᠤᠯᠤᠨ ᠲᠠᠶᠢᠯᠪᠤᠷᠢᠯᠠᠬᠤ ᠠᠵᠢᠯ ᠳᠤ ᠳᠠᠭᠤᠷᠢᠶᠠᠯ ᠦᠵᠡᠭᠦᠯᠵᠡᠢ᠃      ᠲᠣᠰ ᠤᠳᠠᠭᠠᠨ ᠤ ᠤᠷᠤᠯᠳᠤᠭᠠᠨ ᠢ ᠠᠮᠵᠢᠯᠲᠠ ᠲᠠᠢ ᠡᠷᠭᠢᠯᠡᠭᠰᠡᠨ ᠨᠢ ᠪᠥᠬᠦ ᠬᠤᠰᠢᠭᠤᠨ ᠤ ᠣᠨᠣᠯ ᠲᠥᠷᠥ  ᠶᠢᠨ ᠪᠣᠳᠣᠯᠭ᠎ᠠ ᠶᠢᠨ ᠰᠤᠷᠤᠯᠴᠠᠯᠭ᠎ᠠ ᠪᠠ ᠬᠡᠷᠡᠭᠯᠡᠯᠲᠡ ᠶᠢ ᠤᠯᠠᠮ ᠨᠢᠭᠡ ᠠᠯᠬᠤᠮ ᠴᠢᠩᠭᠠᠳᠬᠠᠵᠤ᠂ ᠣᠨᠣᠯ ᠢ ᠦᠶᠯᠡᠳᠦᠯᠭᠡᠵᠢᠭᠦᠯᠬᠦ ᠳᠠᠰᠢ ᠬᠤᠪᠢᠷᠠᠭᠤᠯᠬᠤ ᠶᠢ ᠠᠬᠢᠭᠤᠯᠵᠤ᠂ ᠥᠷᠭᠡᠨ ᠣᠯᠠᠨ ᠺᠠᠳ᠋ᠷ ᠣᠯᠠᠨ ᠲᠦᠮᠡᠨ ᠤ ᠰᠢᠨ᠎ᠡ ᠴᠠᠭ ᠦᠶ᠎ᠡ ᠶᠢᠨ ᠠᠶᠠᠨ ᠵᠠᠮ ᠳᠤ ᠵᠣᠷᠢᠭᠲᠠᠶ ᠪᠠᠷ ᠡᠭᠦᠷᠭᠡ ᠬᠠᠷᠢᠭᠤᠴᠠᠯᠭ᠎ᠠ ᠡᠭᠦᠷᠭᠡᠯᠡᠬᠦ᠂ ᠡᠷᠡᠮᠡᠬᠡᠶᠢᠯᠡᠨ ᠤᠷᠤᠭᠰᠢᠯᠠᠬᠤ ᠢᠲᠡᠭᠡᠯ ᠵᠣᠷᠢᠭ ᠢ ᠬᠥᠭᠵᠢᠭᠡᠵᠦ᠂ ᠵᠡᠭᠦᠨ ᠦᠵᠦᠮᠦᠴᠢᠨ ᠬᠤᠰᠢᠭᠤᠨ ᠤ ᠡᠯ᠎ᠡ ᠵᠦᠶᠯ ᠤᠨ ᠠᠵᠢᠯ ᠦᠶᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠬᠦᠴᠦᠷᠬᠡᠭ ᠶᠡᠭᠡ ᠣᠶᠤᠨ ᠰᠠᠨᠠᠭᠠᠨ ᠤ ᠬᠥᠳᠡᠯᠭᠡᠬᠦ ᠬᠦᠴᠦᠨ ᠢ ᠨᠢᠭᠲᠠᠷᠠᠭᠤᠯᠵᠠᠢ  ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号