ᠮᠠᠨ ᠤ ᠬᠤᠰᠢᠭᠤ ᠠᠷᠪᠠᠨ ᠳᠥᠷᠪᠡᠳᠦᠭᠡᠷ ᠬᠤᠭᠤᠴᠠᠭᠠᠨ ᠤ ᠬᠤᠰᠢᠭᠤ ᠨᠠᠮ ᠤᠨ ᠬᠤᠷᠢᠶᠠᠨ ᠤ 94 ᠳ᠋ᠦ᠋ᠭᠡᠷ ᠤᠳᠠᠭᠠᠨ ᠤ ( 2025 ᠣᠨ ᠤ 15 ᠳ᠋ᠤᠭᠠᠷ ᠤᠳᠠᠭᠠᠨ ᠤ ) ᠪᠠᠶᠢᠩᠭᠤ ᠶᠢᠨ ᠬᠤᠷᠢᠶᠠᠨ ᠤ ᠬᠤᠷᠠᠯ ᠵᠢᠴᠢ ᠬᠤᠶᠠᠳᠤᠭᠠᠷ ᠤᠯᠠᠷᠢᠯ ᠤᠨ ᠠᠵᠤ ᠠᠬᠤᠶ ᠶᠢᠨ ᠠᠵᠢᠯ ᠤᠨ ᠵᠠᠳᠠᠯᠤᠯᠲᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2025/5/23
      5 ᠰᠠᠷ᠎ᠠ ᠶᠢᠨ 13᠎ ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠵᠧᠦ ᠢᠦᠢ ᠯᠦᠩ ᠠᠷᠪᠠᠨ ᠳᠥᠷᠪᠡᠳᠦᠭᠡᠷ ᠬᠤᠭᠤᠴᠠᠭᠠᠨ ᠤ ᠬᠤᠰᠢᠭᠤ ᠨᠠᠮ ᠤᠨ ᠬᠤᠷᠢᠶᠠᠨ ᠤ 94 ᠳ᠋ᠦ᠋ᠭᠡᠷ ᠤᠳᠠᠭᠠᠨ ᠤ ᠪᠠᠶᠢᠩᠭᠤ ᠶᠢᠨ ᠬᠤᠷᠢᠶᠠᠨ ᠤ ᠬᠤᠷᠠᠯ ᠵᠢᠴᠢ ᠬᠤᠶᠠᠳᠤᠭᠠᠷ ᠤᠯᠠᠷᠢᠯ ᠤᠨ ᠠᠵᠤ ᠠᠬᠤᠶ ᠶᠢᠨ ᠠᠵᠢᠯ ᠤᠨ ᠵᠠᠳᠠᠯᠤᠯᠲᠠ ᠶᠢᠨ ᠬᠤᠷᠠᠯ ᠢ ᠡᠷᠭᠢᠯᠡᠨ  ᠬᠤᠷᠠᠯᠳᠤᠵᠤ᠂ ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ 4 ᠰᠠᠷ᠎ᠠ ᠶᠢᠨ 25᠎ ᠤ ᠡᠳᠦᠷ ᠬᠤᠷᠠᠯᠳᠤᠭᠰᠠᠨ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠶᠡᠷᠦᠩᠬᠡᠶ ᠱᠦᠵᠢ ᠰᠢ ᠶᠢᠨ ᠫᠢᠩ ᠤᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠬᠤᠷᠢᠳᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠠ ᠥᠪᠡᠷᠲᠡᠭᠡᠨ ᠵᠠᠰᠠᠬᠤ ᠣᠷᠣᠨ ᠤ ᠠᠵᠤ ᠠᠬᠤᠶ ᠶᠢᠨ ᠠᠵᠢᠯ ᠎ ᠤᠨ ᠵᠠᠳᠠᠯᠤᠯᠲᠠ ᠶᠢᠨ ᠬᠤᠷᠠᠯ ᠵᠢᠴᠢ ᠠᠶᠢᠮᠠᠭ ᠤᠨ ᠨᠠᠮ ᠤᠨ ᠬᠤᠷᠢᠶᠠᠨ ᠤ 2025 ᠣᠨ ᠤ 15 ᠳ᠋ᠤᠭᠠᠷ ᠣᠳᠠᠭᠠᠨ ᠤ ᠬᠤᠷᠠᠯ ᠵᠢᠴᠢ ᠪᠥᠬᠦ ᠠᠶᠢᠮᠠᠭ ᠤᠨ ᠠᠵᠤ ᠠᠬᠤᠶ ᠶᠢᠨ ᠠᠵᠢᠯ ᠤᠨ ᠵᠠᠳᠠᠯᠤᠯᠲᠠ ᠶᠢᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠠᠵᠤ ᠠᠬᠤᠢ ᠶᠢᠨ ᠰᠠᠯᠠᠭ᠎ᠠ ᠮᠥᠴᠢᠷ ᠤᠨ ᠠᠵᠢᠯ ᠤᠨ ᠬᠠᠷᠢᠭᠤ ᠮᠡᠳᠡᠭᠦᠯᠦᠯᠲᠡ ᠶᠢ ᠰᠤᠨᠤᠰᠤᠨ᠂ ᠬᠤᠶᠠᠳᠤᠭᠠᠷ ᠤᠯᠠᠷᠢᠯ ᠤᠨ ᠠᠵᠤ ᠠᠬᠤᠶ ᠶᠢᠨ ᠠᠵᠢᠯ ᠢ ᠰᠠᠶᠢᠲᠤᠷ ᠬᠢᠬᠦ ᠲᠤᠬᠠᠶ ᠪᠠᠶᠢᠷᠢᠯᠠᠭᠤᠯᠤᠯᠲᠠ ᠬᠢᠵᠡᠶ᠃      ᠬᠤᠷᠠᠯ ᠠᠴᠠ ᠵᠢᠭᠠᠬᠤ ᠳᠠᠭᠠᠨ᠂ ᠶᠡᠷᠦᠩᠬᠡᠢ ᠱᠦᠵᠢ ᠰᠢ ᠶᠢᠨ ᠫᠢᠩ ᠤᠨ ᠲᠥᠪ ᠤᠨ ᠤᠯᠤᠰ ᠲᠦᠷᠦ ᠶᠢᠨ ᠲᠣᠪᠴᠢᠶᠠᠨ ᠤ ᠬᠤᠷᠠᠯ ᠳᠡᠭᠡᠷᠡᠬᠢ ᠴᠢᠬᠤᠯᠠ ᠶᠠᠷᠢᠶ᠎ᠠ ᠨᠢ ᠣᠳᠣᠬᠠᠨ ᠤ ᠠᠵᠤ ᠠᠬᠤᠢ ᠶᠢᠨ ᠪᠠᠶᠢᠳᠠᠯ ᠢ ᠭᠦᠨᠵᠡᠭᠡᠢ ᠵᠠᠳᠠᠯᠵᠤ᠂ ᠬᠤᠶᠢᠰᠢᠳᠠ ᠶᠢᠨ ᠨᠢᠭᠡ ᠬᠤᠭᠤᠴᠠᠭᠠᠨ ᠤ ᠠᠵᠤ ᠠᠬᠤᠢ ᠶᠢᠨ ᠠᠵᠢᠯ ᠢ ᠰᠠᠶᠢᠲᠤᠷ ᠬᠢᠬᠦ ᠳᠤ ᠤᠷᠤᠭᠰᠢᠯᠠᠬᠤ ᠴᠢᠭᠯᠡᠯ ᠢ ᠲᠣᠳᠣᠷᠬᠠᠢ ᠵᠢᠭᠠᠵᠤ ᠥᠭᠴᠡᠢ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠦᠵᠡᠯ ᠰᠠᠨᠠᠭ᠎ᠠ ᠪᠠ ᠦᠶᠯᠡ ᠠᠵᠢᠯᠯᠠᠭ᠎ᠠ ᠪᠠᠨ ᠨᠠᠮ ᠤᠨ ᠲᠥᠪ ᠬᠤᠷᠢᠶᠠᠨ ᠤ ᠠᠵᠤ ᠠᠬᠤᠶ ᠶᠢᠨ ᠪᠠᠶᠢᠳᠠᠯ ᠤᠨ ᠲᠤᠬᠠᠶ ᠰᠢᠨᠵᠢᠯᠡᠬᠦ ᠤᠬᠠᠭᠠᠨᠴᠢ ᠮᠠᠭᠠᠳᠯᠠᠯᠲᠠ ᠪᠠ ᠠᠵᠤ ᠠᠬᠤᠶ ᠶᠢᠨ ᠠᠵᠢᠯ ᠤᠨ ᠲᠤᠬᠠᠶ ᠰᠢᠶᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠳᠡᠭᠡᠷ᠎ᠡ ᠨᠢᠭᠡᠳᠬᠡᠵᠦ᠂ ᠥᠪᠡᠷᠲᠡᠭᠡᠨ ᠵᠠᠰᠠᠬᠤ ᠣᠷᠣᠨ ᠤ ᠠᠵᠤ ᠠᠬᠤᠶ ᠶᠢᠨ ᠠᠵᠢᠯ ᠤᠨ ᠵᠠᠳᠠᠯᠤᠯᠲᠠ ᠶᠢᠨ ᠬᠤᠷᠠᠯ ᠪᠠ ᠪᠥᠬᠦ ᠠᠶᠢᠮᠠᠭ ᠤᠨ ᠠᠵᠤ ᠠᠬᠤᠶ ᠶᠢᠨ ᠠᠵᠢᠯ ᠤᠨ ᠵᠠᠳᠠᠯᠤᠯᠲᠠ ᠶᠢᠨ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠲᠤᠭᠤᠰᠢᠯᠠᠭᠤᠯᠵᠤ᠂ ᠢᠲᠡᠭᠡᠯ ᠵᠣᠷᠢᠭ ᠢᠶᠠᠨ ᠪᠠᠲᠤᠳᠬᠠᠨ᠂ ᠵᠣᠷᠢᠭᠲᠠᠶ ᠪᠠᠷ ᠬᠦᠴᠢᠷ ᠢ ᠳᠤᠭᠤᠯᠤᠨ ᠪᠡᠷᠬᠡ ᠶᠢ ᠳᠠᠪᠠᠵᠤ᠂ ᠡᠯ᠎ᠡ ᠵᠦᠶᠯ ᠤᠨ ᠠᠵᠢᠯ ᠢ ᠨᠠᠩ ᠪᠣᠳᠠᠲᠠᠶ ᠨᠠᠩ ᠰᠠᠶᠢᠲᠤᠷ ᠠᠳᠬᠤᠬᠤ ᠬᠡᠷᠡᠭᠲᠡᠶ ᠭᠡᠵᠡᠢ᠃      ᠬᠤᠷᠠᠯ ᠠᠴᠠ ᠴᠢᠬᠤᠯᠠᠴᠢᠯᠠᠬᠤ ᠳᠠᠭᠠᠨ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠠᠵᠤ ᠠᠬᠤᠢ ᠶᠢᠨ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ ᠪᠣᠯᠤᠨ ᠡᠭᠦᠷᠭᠡᠲᠦ ᠪᠤᠳᠤᠯ ᠢᠶᠠᠨ ᠦᠨᠡᠨ ᠬᠦ         ᠴᠢᠩᠭᠠᠳᠬᠠᠵᠤ᠂ ᠵᠣᠬᠢᠴᠠᠭᠤᠯᠤᠨ ᠬᠠᠮᠵᠢᠯᠴᠠᠬᠤ ᠪᠠ ᠮᠥᠷᠳᠡᠨ ᠱᠠᠭᠠᠷᠳᠠᠨ ᠵᠢᠯᠣᠭᠤᠳᠬᠤ ᠪᠠᠨ ᠴᠢᠩᠭᠠᠳᠬᠠᠵᠤ᠂ ᠡᠯ᠎ᠡ ᠵᠦᠢᠯ ᠤᠨ ᠬᠠᠷᠠᠯᠲᠠ ᠡᠭᠦᠷᠭᠡ ᠶᠢ ᠨᠠᠷᠢᠯᠢᠭ ᠪᠣᠳᠠᠲᠠᠢ ᠨᠠᠶᠢᠳᠠᠪᠤᠷᠢᠵᠢᠭᠤᠯᠵᠤ᠂ ᠡᠯ᠎ᠡ ᠵᠦᠢᠯ ᠤᠨ ᠠᠵᠤ ᠠᠬᠤᠢ ᠎ ᠶᠢᠨ ᠠᠵᠢᠯ ᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ᠃ ᠠᠵᠤ ᠠᠬᠤᠶ ᠶᠢᠨ ᠡᠷᠭᠢᠯᠲᠡ ᠶᠢᠨ ᠪᠠᠶᠢᠳᠠᠯ ᠢ ᠨᠢᠭᠲᠠ ᠠᠩᠬᠠᠷᠴᠤ᠂ ᠪᠠᠶᠢᠳᠠᠯ ᠢ ᠴᠠᠭ ᠲᠤᠬᠠᠶ ᠳᠤᠨᠢ ᠵᠠᠳᠠᠯᠤᠨ ᠰᠤᠳᠤᠯᠤᠨ ᠮᠠᠭᠠᠳᠯᠠᠵᠤ᠂ ᠬᠠᠮᠢᠶ᠎ᠠ ᠪᠥᠬᠦᠶ ᠠᠷᠭ᠎ᠠ ᠬᠡᠮᠵᠢᠶ᠎ᠡ ᠳᠤ ᠬᠥᠳᠡᠯᠦᠩᠭᠦᠶ ᠪᠠᠷ ᠲᠣᠬᠢᠷᠠᠭᠤᠯᠤᠯᠲᠠ ᠬᠢᠵᠦ᠂ ᠣᠨᠣᠴᠠᠲᠠᠶ ᠪᠠᠷ ᠠᠷᠭ᠎ᠠ ᠪᠣᠳᠣᠯᠭ᠎ᠠ ᠬᠡᠷᠡᠭᠵᠢᠭᠦᠯᠵᠦ ᠬᠥᠭᠵᠢᠯᠲᠡ ᠶᠢᠨ ᠬᠦᠴᠢᠷ ᠠᠰᠠᠭᠤᠳᠠᠯ ᠢ ᠰᠢᠶᠳᠪᠦᠷᠢᠯᠡᠨ᠂ ᠬᠤᠶᠠᠳᠤᠭᠠᠷ ᠤᠯᠠᠷᠢᠯ ᠳᠤ ᠪᠥᠬᠦ ᠬᠦᠴᠦᠨ ᠢᠶᠠᠷ ᠢᠶᠠᠨ ᠰᠢᠪᠲᠤᠯᠤᠯᠲᠠ ᠬᠢᠵᠦ᠂ ᠡᠯ᠎ᠡ ᠵᠦᠶᠯ ᠤᠨ ᠬᠠᠷᠠᠯᠲᠠ ᠡᠭᠦᠷᠭᠡ ᠪᠠᠨ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠶ᠃ ᠭᠦᠨᠵᠡᠭᠡᠢ ᠰᠤᠳᠤᠯᠵᠤ ᠨᠡᠪᠳᠡᠷᠡᠳᠡᠯ᠎ᠠ ᠣᠶᠢᠯᠠᠭᠠᠵᠤ᠂ ᠲᠦᠷᠦ ᠶᠢᠨ ᠪᠤᠳᠤᠯᠭ᠎ᠠ ᠶᠢ ᠭᠦᠢᠴᠡᠳ ᠰᠠᠶᠢᠲᠤᠷ ᠬᠡᠷᠡᠭᠯᠡᠵᠦ᠂ ᠲᠦᠷᠦᠯ ᠵᠦᠢᠯ ᠢ ᠲᠥᠯᠥᠪᠵᠢᠭᠦᠯᠦᠨ ᠨᠥᠭᠡᠴᠡᠯᠡᠬᠦ ᠶᠢ ᠴᠢᠩᠭᠠᠳᠬᠠᠵᠤ᠂ ᠠᠷᠠᠯᠵᠢᠶᠠᠴᠢᠨ ᠤᠷᠢᠵᠤ ᠣᠷᠣᠭᠤᠯᠤᠨ ᠠᠪᠴᠢᠷᠠᠬᠤ ᠬᠢᠷᠢ ᠬᠡᠮ ᠦᠷ᠎ᠡ ᠠᠰᠢᠭ ᠢ ᠳᠡᠭᠡᠭᠰᠢᠯᠡᠭᠦᠯᠵᠦ᠂ ᠴᠢᠬᠤᠯᠠ ᠶᠡᠭᠡ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠲᠦᠷᠭᠡᠳᠬᠡᠵᠦ᠂ ᠠᠵᠤ ᠠᠬᠤᠢ ᠶᠢᠨ ᠬᠥᠭᠵᠢᠯᠲᠡ ᠶᠢᠨ ᠲᠣᠭᠲᠠᠭᠤᠨ ᠤ ᠳᠤᠮᠳᠠ ᠰᠠᠶᠢᠵᠢᠷᠠᠬᠤ ᠶᠢ ᠦᠷᠭᠦᠯᠵᠢᠯᠡᠨ ᠠᠬᠢᠭᠤᠯᠬᠤ ᠬᠡᠷᠡᠭᠲᠡᠢ᠃ ᠠᠵᠤ ᠠᠬᠤᠶᠢᠯᠠᠯ ᠢ ᠲᠤᠰᠠᠯᠠᠬᠤ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠤᠳᠤᠷᠢᠳᠬᠤ ᠺᠠᠳ᠋ᠷ ᠭᠤᠣᠯᠳᠠᠯᠭ᠎ᠠ ᠲᠠᠢ ᠠᠵᠤ ᠠᠬᠤᠶᠢᠯᠠᠯ ᠪᠣᠯᠤᠨ ᠲᠦᠷᠦᠯ ᠵᠦᠢᠯ ᠢ ᠳᠠᠭᠠᠭᠠᠴᠢᠯᠠᠨ ᠬᠠᠷᠢᠯᠴᠠᠬᠤ ᠲᠣᠭᠲᠠᠴᠠ ᠶᠢ ᠴᠢᠩᠭ᠎ᠠ ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠎ ᠢ ᠢᠳᠡᠪᠬᠢᠲᠡᠢ ᠬᠠᠪᠰᠤᠷᠤᠨ ᠪᠣᠳᠠᠲᠠᠢ ᠬᠦᠴᠢᠷᠳᠡᠯ ᠢ ᠨᠢ ᠰᠢᠢᠳᠪᠦᠷᠢᠯᠡᠵᠦ᠂ ᠠᠵᠤ ᠠᠬᠤᠶᠢᠯᠠᠯ ᠤᠨ ᠲᠣᠭᠲᠠᠭᠤᠨ ᠎ ᠢᠶᠠᠷ ᠠᠵᠢᠯᠯᠠᠬᠤ ᠶᠢ ᠪᠦᠬᠦ ᠲᠠᠯ᠎ᠠ ᠪᠠᠷ ᠳᠡᠮᠵᠢᠬᠦ ᠬᠡᠷᠡᠭᠲᠡᠢ᠃ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠴᠢᠩᠭ᠎ᠠ ᠪᠣᠳᠠᠲᠠᠢ ᠨᠠᠶᠢᠳᠠᠪᠤᠷᠢᠵᠢᠭᠤᠯᠵᠤ᠂ ᠭᠤᠣᠯᠳᠠᠯᠭ᠎ᠠ ᠲᠠᠢ ᠬᠦᠷᠢᠶᠡᠨ ᠳᠠᠬᠢ ᠠᠮᠤᠷ ᠲᠦᠪᠰᠢᠨ ᠤ ᠭᠡᠮ ᠰᠣᠭᠤᠭ ᠎ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠭᠦᠨᠵᠡᠭᠡᠢ ᠥᠷᠨᠢᠭᠦᠯᠵᠦ᠂ ᠬᠦᠨᠳᠦ ᠣᠨᠴᠠ ᠶᠡᠭᠡ ᠠᠶᠤᠯᠭᠦᠢ ᠦᠢᠯᠡᠳᠪᠦᠷᠢᠯᠡᠯ ᠤᠨ ᠠᠳᠡᠯ ᠭᠠᠷᠬᠤ ᠶᠢ ᠡᠷᠡᠰ ᠰᠡᠷᠭᠡᠶᠢᠯᠡᠨ ᠬᠤᠷᠢᠭᠯᠠᠵᠤ᠂ ᠪᠦᠬᠦ ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠠᠮᠤᠷ ᠲᠦᠪᠰᠢᠨ ᠲᠣᠭᠲᠠᠭᠤᠨ ᠣᠷᠴᠢᠨ ᠲᠣᠭᠤᠷᠢᠨ ᠢ ᠪᠤᠢ ᠪᠣᠯᠭᠠᠬᠤ ᠬᠡᠷᠡᠭᠲᠡᠢ  ᠭᠡᠪᠡ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号