ᠮᠠᠨ ᠤ ᠬᠤᠰᠢᠭᠤᠨ ᠤ ᠶᠡᠷᠦᠩᠬᠡᠶᠢᠯᠡᠭᠰᠡᠨ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ 2025 ᠣᠨ ᠤ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠭᠠᠷᠠᠭ ᠤᠨ ᠠᠵᠢᠯᠯᠠᠭ᠎ᠠ ᠵᠢᠴᠢ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠤᠬᠠᠭᠤᠯᠭ᠎ᠠ ᠶᠢᠨ ᠰᠠᠷ᠎ᠠ ᠶᠢᠨ ᠡᠬᠢᠯᠡᠯᠲᠡ ᠶᠢᠨ ᠶᠣᠰᠣᠯᠠᠯ ᠶᠠᠪᠤᠭᠳᠠᠭᠤᠯᠪᠠ
ᠨᠡᠶᠢᠲᠡᠯᠡᠭᠰᠡᠨ ᠴᠠᠭ᠄
2025/5/23
      5 ᠰᠠᠷ᠎ᠠ ᠶᠢᠨ 12᠎ ᠤᠨ ᠡᠳᠦᠷ᠂ ᠮᠠᠨ ᠤ ᠬᠤᠰᠢᠭᠤᠨ ᠤ ᠶᠡᠷᠦᠩᠬᠡᠶᠢᠯᠡᠭᠰᠡᠨ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ︽ᠨᠢᠭᠡ ᠮᠡᠷᠭᠡᠵᠢᠯ ᠡᠵᠡᠮᠰᠢᠪᠡᠯ ᠨᠢᠭᠡ ᠨᠠᠰᠤᠨ ᠤ ᠠᠮᠢᠳᠤᠷᠠᠯ ᠪᠠᠲᠤᠯᠠᠭ᠎ᠠ ᠲᠠᠢ ᠪᠤᠯᠬᠤ︾ ᠭᠤᠤᠯ ᠰᠡᠲᠦᠪᠲᠦ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠭᠠᠷᠠᠭ ᠤᠨ ᠠᠵᠢᠯᠯᠠᠭ᠎ᠠ ᠵᠢᠴᠢ ᠠᠵᠢᠯ ᠮᠡᠷᠭᠡᠵᠢᠯ ᠎ ᠤᠨ ᠰᠤᠷᠭᠠᠨ ᠬᠥᠮᠦᠵᠢᠯ ᠤᠨ ᠤᠬᠠᠭᠤᠯᠭ᠎ᠠ ᠶᠢᠨ ᠰᠠᠷ᠎ᠠ ᠶᠢᠨ ᠡᠬᠢᠯᠡᠯᠲᠡ ᠶᠢᠨ ᠶᠣᠰᠣᠯᠠᠯ ᠶᠠᠪᠤᠭᠳᠠᠭᠤᠯᠵᠠᠢ᠃      ᠠᠵᠢᠯᠯᠠᠭᠠᠨ ᠤ ᠲᠤᠬᠠᠶ ᠶᠢᠨ ᠲᠠᠯᠠᠪᠠᠶ ᠳᠤ᠂ ᠮᠠᠨ ᠤ ᠬᠤᠰᠢᠭᠤᠨ ᠤ ᠶᠡᠷᠦᠩᠬᠡᠶᠢᠯᠡᠭᠰᠡᠨ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠨᠢ ᠬᠤᠶᠠᠷ ᠭᠤᠤᠯᠳᠠᠯᠭ᠎ᠠ ᠲᠠᠢ ᠠᠵᠤ ᠠᠬᠤᠶᠢᠯᠠᠯ ᠲᠠᠢ ᠭᠡᠷ᠎ᠡ ᠲᠣᠭᠲᠠᠬᠤ ᠵᠢᠴᠢ ᠫᠠᠶᠢᠰᠠ ᠣᠯᠭᠤᠬᠤ ᠶᠣᠰᠣᠯᠠᠯ ᠶᠠᠪᠤᠭᠤᠯᠵᠤ᠂ ᠬᠤᠶᠠᠷ ᠲᠠᠯ᠎ᠠ ᠪᠠᠷ ᠢᠶᠠᠨ ᠴᠢᠳᠠᠪᠤᠷᠢᠲᠠᠨ ᠢ ᠬᠥᠮᠦᠵᠢᠭᠦᠯᠬᠦ᠂ ᠮᠡᠷᠭᠡᠵᠢᠯ ᠢ ᠰᠤᠳᠤᠯᠤᠨ ᠨᠡᠭᠡᠭᠡᠬᠦ᠂ ᠳᠠᠳᠤᠯᠭ᠎ᠠ ᠬᠢᠵᠦ ᠠᠵᠢᠯ ᠣᠯᠭᠤᠬᠤ ᠵᠡᠷᠭᠡ ᠬᠦᠷᠢᠶᠡᠨ ᠳᠤ ᠬᠠᠮᠲᠤᠷᠠᠯᠴᠠᠭ᠎ᠠ ᠥᠷᠨᠢᠭᠦᠯᠵᠦ᠂  ︽ᠵᠠᠬᠢᠶᠠᠯᠠᠭ᠎ᠠ ᠶᠢᠨ ᠮᠠᠶ᠋ᠢᠭ ᠤᠨ ᠬᠥᠮᠦᠵᠢᠭᠦᠯᠦᠯ + ᠬᠠᠮᠲᠤᠷᠠᠨ ᠰᠤᠳᠤᠯᠤᠨ ᠨᠡᠭᠡᠭᠡᠬᠦ︾ ᠰᠢᠨ᠎ᠡ ᠬᠡᠯᠪᠡᠷᠢ ᠶᠢᠨ ᠬᠠᠮᠲᠤᠷᠠᠯᠴᠠᠭᠠᠨ ᠤ ᠵᠠᠭᠪᠤᠷ ᠢ ᠡᠭᠦᠳᠴᠡᠢ᠃ ᠰᠤᠷᠭᠠᠭᠤᠯᠢ ᠨᠢ ᠪᠠᠰᠠ ᠪᠣᠳᠠᠰ ᠤᠨ ᠪᠤᠰᠤ ᠰᠣᠶᠣᠯ ᠤᠨ ᠥᠪ ᠤᠨ ᠬᠤᠶᠠᠷ ᠤᠯᠠᠮᠵᠢᠯᠠᠭᠴᠢ ᠶᠢ ︽ᠰᠤᠷᠭᠠᠭᠤᠯᠢ ᠶᠢᠨ ᠭᠠᠳᠠᠨᠠᠬᠢ ᠲᠤᠰᠬᠠᠶ ᠮᠡᠷᠭᠡᠵᠢᠯ ᠤᠨ ᠵᠢᠯᠣᠭᠤᠳᠣᠭᠴᠢ ᠪᠠᠭᠰᠢ︾᠎ ᠪᠠᠷ ᠵᠢᠩᠬᠢᠨᠢ ᠪᠠᠷ ᠤᠷᠢᠵᠠᠢ᠃ ᠡᠨᠡ ᠨᠢ ᠮᠥᠨ ᠴᠦ ᠤᠯᠠᠮᠵᠢᠯᠠᠯᠲᠤ ᠤᠷ᠎ᠠ ᠮᠡᠷᠭᠡᠵᠢᠯ ᠢ ᠤᠯᠠᠮᠵᠢᠯᠠᠨ ᠵᠠᠯᠭᠠᠮᠵᠢᠯᠠᠬᠤ ᠶᠠᠪᠤᠳᠠᠯ ᠢ ᠵᠢᠩᠬᠢᠨᠢ ᠪᠠᠷ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠬᠢᠴᠢᠶᠡᠯ ᠤᠨ ᠰᠢᠰᠲ᠋ᠧᠮ ᠳᠤ ᠣᠷᠣᠭᠤᠯᠤᠭᠰᠠᠨ ᠢ ᠬᠠᠷᠠᠭᠤᠯᠵᠤ ᠪᠠᠶᠢᠨ᠎ᠠ᠃      ᠲᠤᠬᠠᠢ ᠶᠢᠨ ᠲᠠᠯᠠᠪᠠᠢ ᠳᠤ ᠪᠠᠰᠠ ᠬᠤᠰᠢᠭᠤ ᠶᠡᠷᠦᠩᠬᠡᠶᠢᠯᠡᠭᠰᠡᠨ ᠳᠡᠭᠡᠲᠦ ᠵᠡᠷᠭᠡ ᠶᠢᠨ ᠳᠤᠮᠳᠠᠳᠤ ᠰᠤᠷᠭᠠᠭᠤᠯᠢ ᠎ ᠶᠢᠨ ᠨᠠᠰᠤᠲᠠᠶᠢᠴᠤᠳ ᠤᠨ ᠰᠤᠷᠭᠠᠨ ᠬᠥᠮᠦᠵᠢᠯ ᠨᠡᠶᠢᠭᠡᠮ ᠲᠣᠭᠤᠷᠢᠭ ᠤᠨ ᠰᠤᠷᠭᠠᠨ ᠬᠥᠮᠦᠵᠢᠯ ᠤᠨ ᠲᠤᠷᠰᠢᠯᠲᠠ ᠎ ᠶᠢᠨ ᠴᠡᠭ ᠤᠨ ᠨᠠᠰᠤᠲᠠᠶᠢᠴᠤᠤᠯ ᠳᠤᠮᠳᠠ ᠠᠴᠠ ᠰᠢᠯᠢᠳᠡᠭ  ᠰᠤᠷᠤᠯᠭᠠᠲᠠᠳ ᠢ ᠬᠥᠬᠢᠭᠦᠯᠦᠨ ᠰᠠᠶᠢᠰᠢᠶᠠᠪᠠ  ᠃      ᠶᠣᠰᠣᠯᠠᠯ ᠳᠠᠭᠤᠰᠤᠭᠰᠠᠨ ᠤ ᠳᠠᠷᠠᠭ᠎ᠠ᠂ ᠬᠤᠷᠠᠯ ᠳᠤ ᠣᠷᠣᠯᠴᠠᠭᠰᠠᠳ ᠠᠴᠠ ᠦᠨᠳᠦᠰᠦᠲᠡᠨ ᠤ ᠭᠠᠷ ᠤᠷᠠᠯᠠᠯ ᠎ ᠤᠨ ᠪᠦᠲᠦᠭᠡᠭᠳᠡᠬᠦᠨ ᠤ ᠵᠢᠷᠤᠭ ᠲᠦᠯᠦᠪᠯᠡᠭᠡ ᠪᠤᠯᠤᠨ ᠦᠶᠯᠡᠳᠬᠦ ᠲᠤᠰᠬᠠᠶ ᠮᠡᠷᠭᠡᠵᠢᠯ᠂ ᠦᠨᠳᠦᠰᠦᠲᠡᠨ ᠤ ᠬᠤᠪᠴᠠᠰᠤ ᠵᠠᠰᠠᠯ ᠪᠠ ᠵᠠᠰᠠᠯ ᠴᠢᠮᠡᠭᠯᠡᠯ ᠤᠨ ᠲᠤᠰᠬᠠᠶ ᠮᠡᠷᠭᠡᠵᠢᠯ᠂ ᠮᠠᠯ ᠵᠢᠭᠦᠷᠲᠡᠨ ᠤ ᠦᠶᠯᠡᠳᠪᠦᠷᠢᠯᠡᠯ ᠤᠨ ᠮᠡᠷᠭᠡᠵᠢᠯ ᠎ ᠤᠨ ᠲᠤᠰᠬᠠᠶ ᠮᠡᠷᠭᠡᠵᠢᠯ᠂ ᠺᠣᠮᠫᠢᠦ᠋ᠲ᠋ᠧᠷ ᠤᠨ ᠬᠡᠷᠡᠭᠯᠡᠭᠡ ᠵᠡᠷᠭᠡ ᠲᠤᠰᠬᠠᠶ ᠮᠡᠷᠭᠡᠵᠢᠯ ᠤᠨ ᠳᠠᠳᠤᠯᠭ᠎ᠠ ᠪᠣᠯᠪᠠᠰᠤᠷᠠᠯ ᠤᠨ ᠲᠠᠰᠤᠭ ᠢ ᠬᠠᠮᠲᠤ ᠪᠠᠷ ᠲᠣᠭᠤᠷᠢᠨ ᠦᠵᠡᠵᠦ᠂ ᠰᠤᠷᠤᠭᠴᠢᠳ ᠤᠨ ᠲᠤᠰᠬᠠᠶ ᠮᠡᠷᠭᠡᠵᠢᠯ ᠤᠨ ᠤᠷ᠎ᠠ ᠴᠢᠳᠠᠪᠤᠷᠢ ᠶᠢ ᠬᠥᠮᠦᠵᠢᠭᠦᠯᠬᠦ ᠲᠠᠯ᠎ᠠ ᠪᠠᠷ ᠬᠢ ᠦᠷ᠎ᠡ ᠪᠦᠲᠦᠭᠡᠯ ᠪᠠ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠦᠶᠯᠡᠳᠦᠯᠭᠡ ᠎ ᠶᠢᠨ ᠠᠮᠵᠢᠯᠲᠠ ᠪᠦᠲᠦᠭᠡᠯ ᠢ ᠣᠶᠢᠯᠠᠭᠠᠪᠠ᠃      ᠲᠣᠰ ᠤᠳᠠᠭᠠᠨ ᠤ ᠡᠬᠢᠯᠡᠯᠲᠡ ᠶᠢᠨ ᠶᠣᠰᠣᠯᠠᠯ ᠨᠢ ᠨᠡᠶᠢᠭᠡᠮ ᠤᠨ ᠡᠯ᠎ᠡ ᠡᠲᠡᠭᠡᠳ ᠤᠨ ᠬᠢᠨ ᠤ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠲᠤᠬᠠᠶ ᠣᠶᠢᠯᠠᠭᠠᠯᠲᠠ ᠪᠠ ᠳᠡᠮᠵᠢᠯᠭᠡ ᠶᠢ ᠨᠡᠮᠡᠭᠳᠡᠭᠦᠯᠵᠦ᠂ ︽ᠬᠥᠳᠡᠯᠮᠦᠷᠢ ᠥᠩᠭᠡ ᠬᠡᠷᠡᠯ ᠲᠠᠢ᠂ ᠤᠷ᠎ᠠ ᠴᠢᠳᠠᠪᠤᠷᠢ ᠡᠷᠬᠢᠮ ᠨᠠᠨᠳᠢᠨ᠂ ᠡᠭᠦᠳᠦᠨ ᠪᠦᠲᠦᠭᠡᠯᠲᠡ ᠠᠭᠤᠤ ᠶᠡᠭᠡ︾ ᠪᠠᠶᠢᠬᠤ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠪᠠ᠃      ᠲᠠᠷᠠᠭᠠᠴᠢ ᠶᠢᠨ ᠠᠯᠬᠤᠮ ᠳᠤ᠂ ᠮᠠᠨ ᠤ ᠬᠤᠰᠢᠭᠤᠨ ᠤ ᠶᠡᠷᠦᠩᠬᠡᠶᠢᠯᠡᠭᠰᠡᠨ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠨᠢ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠣᠯᠠᠨ ᠲᠠᠯ᠎ᠠ ᠶᠢᠨ ᠬᠠᠮᠲᠤᠷᠠᠯᠴᠠᠭ᠎ᠠ ᠶᠢ ᠴᠢᠩᠭᠠᠳᠬᠠᠨ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠰᠢᠨ᠎ᠡ ᠦᠨᠳᠦᠷᠴᠡ ᠳᠤ ᠬᠥᠷᠬᠦ  ᠪᠠᠷ ᠬᠦᠴᠦᠯᠡᠨ ᠴᠢᠷᠮᠠᠶᠢᠬᠤ ᠪᠤᠯᠤᠨ᠎ᠠ᠃ ᠬᠤᠰᠢᠭᠤ ᠰᠤᠷᠭᠠᠨ ᠬᠥᠮᠦᠵᠢᠯ ᠤᠨ ᠲᠤᠪᠴᠢᠶ᠎ᠠ᠂ ᠬᠠᠮᠲᠤᠷᠠᠨ ᠡᠷᠬᠢᠯᠡᠭᠰᠡᠨ ᠨᠢᠭᠡᠴᠡ᠂ ᠳᠤᠮᠳᠠᠳᠤ ᠰᠤᠷᠭᠠᠭᠤᠯᠢ᠂ ᠬᠤᠷᠰᠢᠭᠰᠠᠨ ᠠᠵᠤ ᠠᠬᠤᠶᠢᠯᠠᠯ ᠤᠨ ᠬᠠᠷᠢᠭᠤᠴᠠᠯᠭᠠᠲᠠᠨ ᠪᠤᠯᠤᠨ ᠪᠣᠳᠠᠰ ᠤᠨ ᠪᠤᠰᠤ ᠰᠣᠶᠣᠯ ᠤᠨ ᠥᠪ ᠤᠨ ᠤᠯᠠᠮᠵᠢᠯᠠᠭᠴᠢ᠂ ᠨᠠᠰᠤᠲᠠᠶᠢᠴᠤᠳ ᠤᠨ ᠰᠤᠷᠭᠠᠨ ᠬᠥᠮᠦᠵᠢᠯ ᠤᠨ ᠰᠤᠷᠤᠭᠴᠢ᠂ ᠨᠡᠶᠢᠭᠡᠮ ᠤᠨ ᠪᠦᠯᠬᠦᠮ ᠤᠨ ᠵᠣᠬᠢᠶᠠᠨ ᠪᠠᠶᠢᠭᠤᠯᠤᠯᠲᠠ᠂ ᠪᠠᠭᠰᠢ ᠰᠤᠷᠤᠭᠴᠢ ᠵᠢᠴᠢ ᠭᠡᠷ ᠤᠨ ᠠᠬᠠᠮᠠᠳ ᠤᠨ ᠲᠥᠯᠥᠭᠡᠯᠡᠭᠴᠢ ᠵᠡᠷᠭᠡ ᠵᠠᠭᠤ ᠭᠠᠷᠤᠶ ᠬᠥᠮᠦᠨ ᠲᠤᠰ ᠤᠳᠠᠭᠠᠨ ᠎ ᠤ ᠠᠵᠢᠯᠯᠠᠭ᠎ᠠ ᠳᠤ ᠤᠷᠤᠯᠴᠠᠵᠠᠢ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号