4 ᠰᠠᠷ᠎ᠠ ᠶᠢᠨ 29 ᠤ ᠡᠳᠦᠷ᠂ ᠠᠯᠲᠠᠨᠬᠢᠯᠢ ᠰᠤᠮᠤ 2025 ᠣᠨ ᠤ ᠬᠠᠪᠤᠷ ᠤᠨ ᠤᠯᠠᠷᠢᠯ ᠤᠨ ᠮᠠᠯ ᠠᠵᠤ | ᠠᠬᠤᠢ ᠶᠢᠨ ᠭᠤᠤᠯᠳᠠᠯᠭᠠᠲᠤ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ᠃ ᠬᠤᠷᠠᠯ ᠢ ᠵᠠᠰᠠᠭ ᠤᠨ | ᠣᠷᠳᠣᠨ ᠤ ᠰᠤᠮᠤᠨ ᠳᠠᠷᠤᠭ᠎ᠠ ᠰᠤᠳᠤ ᠠᠴᠠ ᠡᠷᠭᠢᠯᠡᠵᠦ᠂ ᠰᠤᠮᠤ ᠶᠢᠨ ᠤᠳᠤᠷᠢᠳᠬᠤ ᠪᠠᠭ ᠤᠨ ᠭᠡᠰᠢᠭᠦᠨ᠂ ᠡᠯ᠎ᠡ | ᠭᠠᠴᠠᠭᠠᠨ ᠤ ᠱᠦᠵᠢ᠂ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠢ ᠲᠥᠭᠡᠮᠡᠯᠵᠢᠭᠦᠯᠬᠦ ᠦᠢᠯᠡᠴᠢᠯᠡᠭᠡᠨ ᠤ | ᠲᠥᠪ ᠤᠨ ᠪᠥᠬᠦ ᠺᠠᠳ᠋ᠷ ᠵᠢᠴᠢ ᠮᠠᠯᠴᠢᠳ ᠤᠨ ᠲᠥᠯᠥᠭᠡᠯᠡᠭᠴᠢ ᠬᠤᠷᠠᠯ ᠳᠤ ᠣᠷᠣᠯᠴᠠᠵᠠᠢ᠃ | ᠬᠤᠷᠠᠯ ᠳᠡᠭᠡᠷ᠎ᠡ᠂ 2024 ᠣᠨ ᠤ ᠪᠥᠬᠦ ᠰᠤᠮᠤᠨ ᠤ ᠮᠠᠯ ᠠᠵᠤ ᠠᠬᠤᠢ ᠶᠢᠨ ᠬᠥᠭᠵᠢᠯᠲᠡ ᠶᠢᠨ ᠪᠠᠶᠢᠳᠠᠯ ᠢ | ᠪᠥᠬᠦ ᠲᠠᠯ᠎ᠠ ᠪᠠᠷ ᠳ᠋ᠦᠩᠨᠡᠵᠦ᠂ ᠭᠤᠣᠯᠳᠠᠭᠤ ᠮᠠᠯ ᠰᠦᠷᠦᠭ ᠤᠨ ᠪᠦᠲᠦᠴᠡ ᠶᠢᠨ ᠲᠣᠬᠢᠷᠠᠭᠤᠯᠤᠯᠲᠠ᠂ ᠠᠮᠢᠲᠠᠨ ᠤ | ᠬᠢᠵᠢᠭ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ᠂ ᠮᠠᠯ ᠪᠡᠯᠴᠢᠭᠡᠷ ᠤᠨ ᠲᠡᠩᠴᠡᠭᠦᠷᠢ ᠶᠢ ᠪᠠᠲᠤᠯᠠᠬᠤ᠂ ᠠᠵᠤ | ᠦᠶᠢᠯᠡᠰᠵᠢᠭᠦᠯᠦᠨ ᠬᠥᠭᠵᠢᠭᠦᠯᠬᠦ ᠵᠡᠷᠭᠡ ᠲᠠᠯ᠎ᠠ ᠪᠠᠷ ᠣᠯᠣᠭᠰᠠᠨ ᠦᠷ᠎ᠡ ᠪᠦᠲᠦᠭᠡᠯ ᠤᠨ ᠲᠣᠭᠤᠷᠢᠨ ᠳᠤ ᠬᠠᠷᠢᠭᠤ | ᠮᠡᠳᠡᠭᠦᠯᠦᠯᠲᠡ ᠬᠢᠬᠦ ᠶᠢᠨ ᠬᠠᠮᠲᠤ ᠣᠳᠣᠬᠠᠨ ᠳᠤ ᠣᠷᠣᠰᠢᠵᠤ ᠪᠠᠶᠢᠭ᠎ᠠ ᠠᠰᠠᠭᠤᠳᠠᠯ ᠪᠠ ᠳᠤᠲᠠᠭᠤᠳᠠᠯ ᠢ ᠵᠠᠳᠠᠯᠪᠠ᠃ | ᠬᠤᠷᠠᠯ ᠠᠴᠠ ᠴᠢᠬᠤᠯᠠᠴᠢᠯᠠᠭᠰᠠᠨ ᠨᠢ᠂ ᠬᠠᠪᠤᠷ ᠤᠨ ᠪᠡᠯᠴᠢᠭᠡᠷ ᠰᠡᠷᠭᠦᠭᠡᠵᠤ ᠮᠠᠯ ᠬᠠᠰᠢᠶᠠᠯᠠᠬᠤ ᠠᠵᠢᠯ ᠢ | ᠦᠷᠭᠦᠯᠵᠢᠯᠡᠨ ᠰᠠᠶᠢᠲᠤᠷ ᠬᠢᠬᠦ ᠬᠡᠷᠡᠭᠲᠡᠢ᠃ ᠭᠠᠷ ᠤᠲᠠᠰᠤᠨ ᠤ ᠲᠠᠪᠴᠠᠩ᠂ ᠡᠷᠦᠬᠡ ᠳᠤ ᠤᠷᠤᠵᠤ ᠤᠬᠠᠭᠤᠯᠬᠤ | ᠬᠠᠭᠤᠳᠠᠰᠤ ᠲᠦᠭᠡᠭᠡᠬᠦ ᠵᠡᠷᠭᠡ ᠠᠷᠭ᠎ᠠ ᠬᠡᠮᠵᠢᠶ᠎ᠡ ᠶᠢ ᠬᠡᠷᠡᠭᠯᠡᠵᠦ᠂ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠪᠠ | ᠬᠠᠤᠯᠢ ᠴᠠᠭᠠᠵᠠ ᠬᠠᠤᠯᠢ ᠲᠤᠭᠳᠠᠭᠠᠯ ᠤᠨ ᠡᠷᠴᠢᠮ ᠢ ᠨᠡᠮᠡᠭᠳᠡᠭᠦᠯᠬᠦ ᠬᠡᠷᠡᠭᠳᠡᠢ᠃ ᠰᠠᠶᠢᠨ ᠡᠭᠦᠯᠳᠡᠷ ᠤᠨ ᠦᠬᠡᠷ ᠬᠤᠨᠢ | ᠪᠣᠶᠢᠵᠢᠭᠤᠯᠬᠤ ᠠᠵᠢᠯ ᠢ ᠲᠦᠷᠭᠡᠳᠬᠡᠨ ᠠᠬᠢᠭᠤᠯᠵᠤ᠂ ᠤᠳᠤ ᠦᠶ᠎ᠡ ᠶᠢᠨ ᠮᠠᠯ ᠠᠵᠤ ᠠᠬᠤᠢ ᠶᠢᠨ ᠰᠢᠨᠵᠢᠯᠡᠬᠦ | ᠤᠬᠠᠭᠠᠨ ᠮᠡᠷᠭᠡᠵᠢᠯ ᠳᠤ ᠲᠦᠰᠢᠭᠯᠡᠨ᠂ ᠴᠢᠨᠠᠷ ᠰᠠᠶᠢᠲᠠᠢ ᠡᠭᠦᠯᠳᠡᠷ ᠤᠨ ᠮᠠᠯ ᠤᠷᠤᠭᠤᠯᠬᠤ ᠪᠠ ᠨᠤᠲᠤᠭ ᠤᠨ | ᠡᠭᠦᠯᠳᠡᠷ ᠢ ᠰᠠᠶᠢᠵᠢᠷᠠᠭᠤᠯᠵᠤ᠂ ᠮᠠᠯᠴᠢᠳ ᠤᠨ ᠮᠡᠷᠭᠡᠵᠢᠯ ᠤᠨ ᠪᠣᠯᠪᠠᠰᠤᠷᠠᠯ ᠢ ᠴᠢᠩᠭᠠᠳᠬᠠᠵᠤ᠂ ᠦᠬᠡᠷ ᠬᠤᠨᠢᠨ ᠤ | ᠦᠢᠯᠡᠳᠪᠦᠷᠢᠯᠡᠯ ᠤᠨ ᠴᠢᠨᠠᠷ ᠴᠢᠨᠰᠠᠭ᠎ᠠ ᠪᠣᠯᠣᠨ ᠠᠵᠤ ᠠᠬᠤᠢ ᠶᠢᠨ ᠦᠷ᠎ᠡ ᠠᠰᠢᠭ ᠢ ᠳᠡᠭᠡᠭᠰᠢᠯᠡᠭᠦᠯᠵᠦ᠂ ᠮᠠᠯ ᠠᠵᠤ | ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠪᠠᠲᠤ ᠪᠠᠬᠢ ᠰᠠᠭᠤᠷᠢ ᠶᠢ ᠲᠠᠯᠪᠢᠬᠤ ᠬᠡᠷᠡᠭᠲᠡᠢ᠃ ᠡᠪᠡᠰᠦ | ᠪᠣᠷᠳᠤᠭ᠎ᠠ ᠶᠢ ᠨᠥᠭᠡᠴᠡᠯᠡᠬᠦ ᠠᠵᠢᠯ ᠢ ᠯᠠᠪᠳᠠᠭᠤᠨ ᠪᠠᠲᠤᠲᠠᠢ ᠠᠬᠢᠭᠤᠯᠵᠤ᠂ ᠮᠠᠯᠴᠢᠳ ᠢ ᠬᠠᠪᠰᠤᠷᠤᠨ ᠠᠵᠤ | ᠠᠬᠤᠢ ᠶᠢᠨ ᠲᠠᠩᠰᠠ᠂ ᠠᠮᠢ ᠠᠬᠤᠢ ᠶᠢᠨ ᠲᠠᠩᠰᠠ ᠶᠢ ᠪᠤᠳᠤᠵᠤ᠂ ᠮᠠᠯᠴᠢᠳ ᠤᠨ ᠪᠡᠶ᠎ᠡ ᠪᠠᠨ ᠳᠠᠭᠠᠭᠠᠬᠤ ᠤᠬᠠᠮᠰᠠᠷ | ᠪᠠ ᠬᠠᠮᠵᠢᠯᠴᠠᠬᠤ ᠤᠷᠮ᠎ᠠ ᠶᠢ ᠳᠡᠭᠡᠭᠰᠢᠯᠡᠭᠦᠯᠵᠦ᠂ ᠳᠦᠷᠢᠮ ᠠᠴᠠ ᠵᠥᠷᠢᠴᠡᠨ ᠮᠠᠯ ᠪᠡᠯᠴᠢᠭᠡᠷᠯᠡᠭᠦᠯᠬᠦ ᠶᠢ ᠳᠠᠷᠤᠢ | ᠳᠤᠨᠢ ᠢᠯᠡᠷᠡᠭᠦᠯᠦᠨ ᠬᠤᠷᠢᠭᠯᠠᠵᠤ᠂ ᠢᠯᠡᠴᠢᠯᠡᠨ ᠮᠡᠳᠡᠭᠦᠯᠬᠦ ᠬᠡᠷᠡᠭᠳᠡᠢ᠃ ᠠᠮᠢᠲᠠᠨ ᠤ ᠬᠢᠵᠢᠭ ᠡᠪᠡᠳᠴᠢᠨ ᠢ | ᠰᠡᠷᠭᠡᠶᠢᠯᠡᠨ ᠬᠢᠵᠠᠭᠠᠷᠯᠠᠬᠤ ᠠᠵᠢᠯ ᠢ ᠴᠢᠩᠭᠠᠳᠬᠠᠬᠤ ᠬᠡᠷᠡᠭᠲᠡᠢ᠃ ᠪᠠᠶᠠᠨᠬᠠᠩᠭᠠᠢ ᠭᠠᠴᠠᠭᠠᠨ ᠤ ᠮᠠᠯ ᠡᠮᠨᠡᠯᠭᠡ ᠶᠢᠨ | ᠨᠡᠶᠢᠭᠡᠮᠴᠢᠯᠡᠭᠰᠡᠨ ᠦᠢᠯᠡᠴᠢᠯᠡᠭᠡ ᠪᠠᠷ ᠳᠡᠮᠵᠢᠨ᠂ ᠬᠢᠨᠠᠨ ᠵᠢᠯᠤᠭᠤᠳᠬᠤ ᠡᠷᠴᠢᠮ ᠢᠶᠠᠨ ᠴᠢᠩᠭᠠᠷᠠᠭᠤᠯᠵᠤ᠂ ᠬᠠᠪᠤᠷ ᠤᠨ | ᠤᠯᠠᠷᠢᠯ ᠤᠨ ᠠᠮᠢᠲᠠᠨ ᠤᠬᠢᠵᠢᠭ ᠡᠪᠡᠳᠴᠢᠨ ᠢ ᠰᠡᠷᠭᠡᠶᠢᠯᠡᠬᠦ ᠡᠭᠦᠷᠭᠡ ᠶᠢ ᠥᠨᠳᠥᠷ ᠪᠠᠷᠢᠮᠵᠢᠶ᠎ᠠ ᠪᠠᠷ ᠪᠡᠶᠡᠯᠡᠭᠦᠯᠵᠦ᠂ | ᠡᠭᠡᠯᠢᠯᠡᠭᠡ ᠶᠢᠨ ᠨᠢᠭᠲᠠᠴᠠ ᠪᠠ ᠶᠠᠰᠤ ᠴᠢᠨᠠᠷ ᠢ ᠪᠠᠲᠤᠯᠠᠨ᠂ ᠠᠮᠢᠳᠠᠨ ᠤ ᠬᠦᠨᠳᠦ ᠶᠡᠭᠡ ᠬᠢᠵᠢᠭ ᠡᠪᠡᠳᠴᠢᠨ | ᠡᠭᠦᠰᠬᠦ ᠶᠢ ᠴᠢᠩᠭ᠎ᠠ ᠰᠡᠷᠭᠡᠶᠢᠯᠡᠵᠦ᠂ ᠮᠠᠯᠴᠢᠳ ᠤᠨ ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠠᠮᠤᠷ | ᠲᠦᠪᠰᠢᠨ ᠢ ᠪᠠᠲᠤᠯᠠᠨ᠎ᠠ᠃ |