ᠰᠢ ᠶᠢᠨ ᠫᠢᠩ ᠶᠡᠷᠦᠩᠬᠡᠢ ᠱᠦᠵᠢ ᠶᠢᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ | ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠨᠠᠮ ᠤᠨ ᠦᠨᠳᠦᠰᠦᠲᠡᠨ ᠤ | ᠣᠨᠣᠯ ᠲᠥᠷᠥ ᠶᠢᠨ ᠪᠣᠳᠣᠯᠭ᠎ᠠ ᠪᠠ ᠬᠠᠤᠯᠢ ᠴᠠᠭᠠᠵᠠ ᠳᠦᠷᠢᠮ ᠲᠣᠭᠲᠠᠭᠠᠯ ᠤᠨ ᠤᠬᠠᠭᠤᠯᠭ᠎ᠠ ᠬᠥᠮᠦᠵᠢᠯ ᠢ ᠪᠥᠬᠦ | ᠲᠠᠯ᠎ᠠ ᠪᠠᠷ ᠴᠢᠩᠭᠠᠳᠬᠠᠵᠤ᠂ ︽ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ︾᠂ | ︽ᠦᠨᠳᠦᠰᠦᠲᠡᠨ ᠤ ᠬᠠᠤᠯᠢ ᠪᠠᠷ ᠵᠠᠰᠠᠬᠤ ᠤᠬᠠᠭᠤᠯᠭ᠎ᠠ ᠶᠢᠨ ᠭᠠᠷᠠᠭ︾ ᠤᠨ ᠠᠵᠢᠯ ᠢ ᠬᠢᠨᠠᠮᠠᠭᠠᠢ ᠰᠠᠶᠢᠲᠤᠷ ᠬᠢᠬᠦ | ᠶᠢᠨ ᠲᠥᠯᠥᠭᠡ᠂ 5 ᠰᠠᠷ᠎ᠠ ᠶᠢᠨ 21 ᠤ ᠡᠳᠦᠷ᠂ ᠬᠦᠷᠢᠶᠡᠲᠦᠨᠠᠭᠤᠷ ᠰᠤᠮᠤ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠢ ᠪᠠᠲᠤ ᠴᠣᠭᠴᠠᠯᠠᠬᠤ ᠲᠤᠰᠬᠠᠢ ᠰᠡᠳᠦᠪᠲᠦ ᠰᠤᠷᠤᠯᠴᠠᠯᠭ᠎ᠠ ᠶᠢ | ᠵᠣᠬᠢᠶᠠᠨ ᠪᠠᠶᠢᠭᠤᠯᠤᠨ ᠥᠷᠨᠢᠭᠦᠯᠵᠦ᠂ ᠰᠣᠮᠣᠨ ᠤ ᠪᠦᠬᠦ ᠺᠠᠳ᠋ᠷ ᠠᠵᠢᠯᠲᠠᠨ ᠣᠷᠣᠯᠴᠠᠪᠠ᠃ | ᠬᠤᠷᠠᠯ ᠳᠡᠭᠡᠷ᠎ᠡ ᠰᠢ ᠶᠢᠨ ᠫᠢᠩ ᠶᠡᠷᠦᠩᠬᠡᠢ ᠱᠦᠵᠢ ᠶᠢᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠲᠤᠬᠠᠢ ᠴᠢᠬᠤᠯᠠ ᠥᠭᠦᠯᠡᠯᠲᠡ ᠵᠢᠴᠢ ︽︿ᠵᠡᠭᠦᠨ ᠦᠵᠦᠮᠦᠴᠢᠨ | ᠬᠤᠰᠢᠭᠤᠨ ᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠥᠬᠦ ᠲᠠᠯ᠎ᠠ ᠪᠠᠷ | ᠲᠤᠭᠤᠰᠢᠯᠠᠭᠤᠯᠤᠨ ᠪᠠᠲᠤ ᠴᠣᠭᠴᠠᠯᠠᠬᠤ ᠠᠵᠢᠯ ᠤᠨ ᠭᠤᠣᠯ ᠰᠢᠵᠢᠮ ᠤᠨ 2025 ᠣᠨ ᠤ ᠴᠢᠬᠤᠯᠠ ᠶᠡᠭᠡ | ᠡᠭᠦᠷᠭᠡ ᠶᠢᠨ ᠨᠠᠷᠢᠨ ᠲᠠᠩᠰᠠ﹀ ᠶᠢᠨ ᠬᠤᠯᠪᠣᠭᠳᠠᠯ ᠪᠦᠬᠦᠢ ᠠᠵᠢᠯ ᠢ ᠰᠠᠶᠢᠲᠤᠷ ᠬᠢᠬᠦ ᠲᠤᠬᠠᠢ ᠮᠡᠳᠡᠭᠳᠡᠯ︾ ᠤᠨ | ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃ ︽2025 ᠣᠨ ᠤ ᠪᠥᠬᠦ | ᠬᠤᠰᠢᠭᠤᠨ ᠤ ︿ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ﹀᠂ ︽ᠦᠨᠳᠦᠰᠦᠲᠡᠨ ᠤ | ᠬᠠᠤᠯᠢ ᠪᠠᠷ ᠵᠠᠰᠠᠬᠤ ᠤᠬᠠᠭᠤᠯᠭ᠎ᠠ ᠶᠢᠨ ᠭᠠᠷᠠᠭ﹀ ᠤᠨ ᠠᠵᠢᠯ ᠤᠨ ᠲᠥᠰᠥᠯ︾ ᠢ ᠤᠯᠠᠮᠵᠢᠯᠠᠨ ᠰᠤᠷᠤᠯᠴᠠᠬᠤ | ᠮᠡᠳᠡᠭᠳᠡᠯ ᠢ ᠤᠯᠠᠮᠵᠢᠯᠠᠵᠤ᠂ ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ ᠶᠢᠨ | ᠠᠵᠢᠯᠯᠠᠭ᠎ᠠ ᠶᠢ ᠥᠷᠨᠢᠭᠦᠯᠬᠦ ᠳᠤ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠪᠡ᠃ | ᠬᠤᠷᠠᠯ ᠠᠴᠠ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ | ᠴᠣᠭᠴᠠᠯᠠᠬᠤ ᠪᠣᠯ ᠰᠢᠨ᠎ᠡ ᠴᠠᠭ ᠦᠶ᠎ᠡ ᠳᠤ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠶᠢᠨ ᠭᠤᠣᠯ | ᠱᠤᠭᠤᠮ ᠪᠣᠯᠬᠤ ᠪᠦᠭᠡᠳ ᠪᠢᠳᠡᠨ ᠤ ᠡᠯ᠎ᠡ ᠵᠦᠢᠯ ᠤᠨ ᠠᠵᠢᠯ ᠢᠶᠠᠨ ᠥᠷᠨᠢᠭᠦᠯᠬᠦ ᠶᠢᠨ ᠭᠤᠣᠯ ᠱᠤᠭᠤᠮ ᠪᠣᠯᠣᠨ᠎ᠠ᠃ | ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠦᠵᠡᠯ ᠰᠠᠨᠠᠭᠠᠨ ᠤ ᠰᠠᠭᠤᠷᠢ ᠪᠠᠨ ᠪᠠᠲᠤᠳᠬᠠᠵᠤ᠂ | ᠰᠤᠮᠤᠨ ᠤ ᠺᠠᠳ᠋ᠷᠴᠤᠳ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠲᠤᠬᠠᠢ | ᠣᠶᠢᠯᠠᠭᠠᠯᠲᠠ ᠶᠢ ᠤᠯᠠᠮ ᠴᠢᠨᠠᠭᠰᠢᠳᠠ ᠭᠦᠨᠵᠡᠭᠡᠶᠢᠷᠡᠭᠦᠯᠵᠦ᠂ ᠦᠨᠳᠦᠰᠦᠲᠡᠨ ᠤ ᠪᠦᠯᠬᠦᠮᠳᠡᠯ ᠤᠨ ᠤᠬᠠᠮᠰᠠᠷ ᠢ | ᠴᠢᠩᠭᠠᠳᠬᠠᠵᠤ᠂ ᠪᠣᠳᠠᠲᠠᠢ ᠠᠵᠢᠯ ᠤᠨ ᠳᠤᠮᠳᠠ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ | ᠠᠭᠤᠰᠤᠯᠴᠠᠯ ᠢ ᠠᠬᠢᠭᠤᠯᠬᠤ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠢ᠃ 2025 ᠣᠨ ᠤ ᠪᠦᠬᠦ ᠬᠤᠰᠢᠭᠤᠨ ᠤ | ︽ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ︾᠂ ︽ᠦᠨᠳᠦᠰᠦᠲᠡᠨ ᠤ ᠬᠠᠤᠯᠢ ᠪᠠᠷ | ᠵᠠᠰᠠᠬᠤ ᠤᠬᠠᠭᠤᠯᠭ᠎ᠠ ᠶᠢᠨ ᠭᠠᠷᠠᠭ︾ ᠤᠨ ᠠᠵᠢᠯᠯᠠᠭ᠎ᠠ ᠲᠠᠢ ᠤᠶᠠᠯᠳᠤᠭᠤᠯᠤᠨ᠂ ︽ᠰᠠᠬᠢᠨ ᠪᠠᠷᠠᠯᠠᠵᠤ ᠬᠠᠷᠢᠯᠴᠠᠨ | ᠬᠠᠪᠰᠤᠷᠤᠯᠴᠠᠵᠤ᠂ ᠪᠦᠯᠬᠦᠮᠳᠡᠨ ᠲᠡᠮᠡᠴᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠪᠠᠶᠢᠭᠤᠯᠤᠯᠲᠠ ᠶᠢ ᠪᠥᠬᠦ ᠲᠠᠯ᠎ᠠ ᠪᠠᠷ ᠲᠦᠯᠬᠢᠨ ᠠᠬᠢᠭᠤᠯᠬᠤ︾ ᠠᠵᠢᠯ ᠤᠨ ᠭᠤᠣᠯ ᠰᠡᠳᠦᠪ ᠢᠶᠠᠷ᠂ ᠰᠢᠷᠢᠰ ᠠᠷᠭ᠎ᠠ | ᠬᠡᠮᠵᠢᠶ᠎ᠡ ᠪᠠᠷ ᠳᠠᠮᠵᠢᠭᠤᠯᠤᠨ᠂ ᠰᠤᠮᠤ ᠶᠢᠨ ᠺᠠᠳ᠋ᠷ ᠠᠵᠢᠯᠲᠠᠨ ᠤ ᠦᠵᠡᠯ ᠰᠠᠨᠠᠭ᠎ᠠ ᠲᠠᠨᠢᠯᠲᠠ ᠶᠢ ᠭᠦᠨᠵᠡᠭᠡᠶᠢᠷᠡᠭᠦᠯᠵᠦ᠂ | ᠤᠬᠠᠮᠰᠠᠷ ᠠᠴᠠ ᠪᠠᠨ ᠪᠣᠳᠠᠲᠠᠢ ᠪᠠᠷ ᠬᠡᠷᠡᠭᠵᠢᠭᠦᠯᠦᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠰᠣᠮᠣᠨ ᠤ ᠠᠵᠢᠯ ᠤᠨ ᠡᠯ᠎ᠡ ᠲᠠᠯ᠎ᠠ᠂ ᠪᠥᠬᠦ ᠶᠠᠪᠤᠴᠠ ᠳᠤ ᠠᠭᠤᠰᠬᠠᠵᠤ᠂ ᠦᠨᠳᠦᠰᠦᠲᠡᠨ ᠤ ᠪᠦᠯᠬᠦᠮᠳᠡᠯ | ᠳᠠᠪᠰᠢᠯᠲᠠ ᠶᠢᠨ ᠦᠢᠯᠡᠰ ᠤᠨ ᠬᠥᠭᠵᠢᠯᠲᠡ ᠶᠢ ᠲᠦᠯᠬᠢᠨ ᠠᠬᠢᠭᠤᠯᠬᠤ ᠳᠤ ᠬᠦᠴᠦᠨ ᠴᠢᠳᠠᠯ ᠢᠶᠠᠨ ᠡᠷᠭᠦᠨ᠎ᠡ᠃ |