5 ᠰᠠᠷ᠎ᠠ ᠶᠢᠨ 21 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠵᠧᠦ ᠢᠦᠢ ᠯᠦᠩ ᠨᠠᠷ | ᠬᠦᠷᠢᠶᠡᠲᠦᠨᠠᠭᠤᠷ ᠰᠣᠮᠣᠨ ᠳᠤ ᠭᠦᠨᠵᠡᠭᠡᠶᠢᠷᠡᠨ᠂ ᠭᠠᠳᠠᠨ᠎ᠠ ᠶᠢᠨ ᠮᠠᠯ ᠢ ᠣᠷᠤᠭᠤᠯᠵᠤ ᠮᠠᠯᠵᠢᠬᠤ ᠶᠢ ᠴᠢᠩᠭ᠎ᠠ | ᠴᠠᠭᠠᠵᠠᠯᠠᠬᠤ ᠲᠤᠬᠠᠢ ᠪᠠᠶᠢᠴᠠᠭᠠᠨ ᠰᠤᠳᠤᠯᠤᠯᠲᠠ ᠬᠢᠵᠦ ᠵᠢᠭᠠᠨ ᠵᠢᠯᠤᠭᠤᠳᠴᠤ᠂ ᠬᠤᠰᠢᠭᠤ ᠨᠠᠮ ᠤᠨ ᠬᠤᠷᠢᠶᠠᠨ ᠤ | ᠪᠠᠶᠢᠩᠭᠤ ᠶᠢᠨ ᠭᠡᠰᠢᠭᠦᠨ᠂ ᠨᠠᠮ ᠤᠨ ᠬᠤᠷᠢᠶᠠᠨ ᠤ ᠠᠯᠪᠠᠨ ᠭᠡᠷ ᠤᠨ ᠡᠷᠬᠢᠯᠡᠭᠴᠢ ᠳᠠᠶᠢᠴᠢᠨ᠂ ᠬᠤᠰᠢᠭᠤ ᠵᠠᠰᠠᠭ ᠤᠨ | ᠣᠷᠳᠣᠨ ᠤ ᠳᠡᠳ᠋ ᠳᠠᠷᠤᠭ᠎ᠠ ᠰᠡᠴᠡᠨ᠂ ᠬᠤᠰᠢᠭᠤ ᠵᠠᠰᠠᠭ ᠤᠨ ᠣᠷᠳᠣᠨ ᠤ ᠳᠡᠳ᠋ ᠳᠠᠷᠤᠭ᠎ᠠ ᠺᠧ ᠰᠢᠶᠣᠣ ᠮᠢᠩ ᠵᠢᠴᠢ | ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠦᠭᠦᠳ ᠪᠠᠷ᠎ᠠ ᠪᠣᠯᠵᠤ ᠪᠠᠶᠢᠴᠠᠭᠠᠨ ᠰᠤᠳᠤᠯᠤᠯᠲᠠ | ᠬᠢᠪᠡ᠃ | ᠵᠧᠦ ᠢᠦᠢ ᠯᠦᠩ ᠨᠠᠷ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ ᠲᠦᠷ ᠴᠠᠭ ᠤᠨ | ᠪᠠᠶᠢᠴᠠᠭᠠᠬᠤ ᠦᠷᠳᠡᠭᠡ ᠶᠢ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠷᠪᠤᠯᠵᠢᠯᠠᠬᠤ ᠪᠠᠷ ᠳᠠᠮᠵᠢᠭᠤᠯᠵᠤ᠂ | ᠭᠠᠳᠠᠨ᠎ᠠ ᠶᠢᠨ ᠮᠠᠯ ᠢ ᠣᠷᠤᠭᠤᠯᠵᠤ ᠮᠠᠯᠵᠢᠬᠤ ᠶᠢ ᠴᠢᠩᠭ᠎ᠠ ᠴᠠᠭᠠᠵᠠᠯᠠᠬᠤ ᠠᠵᠢᠯ ᠢ ᠥᠷᠨᠢᠭᠦᠯᠵᠦ ᠪᠠᠶᠢᠭ᠎ᠠ ᠪᠠᠶᠢᠳᠠᠯ ᠢ | ᠨᠠᠷᠢᠨ ᠣᠶᠢᠯᠠᠭᠠᠬᠤ ᠶᠢᠨ ᠬᠠᠮᠲᠤ ᠳᠠᠷᠠᠭᠠᠴᠢ ᠶᠢᠨ ᠠᠯᠬᠤᠮ ᠤᠨ ᠠᠵᠢᠯ ᠢ ᠰᠠᠶᠢᠲᠤᠷ ᠬᠢᠬᠦ ᠲᠤᠬᠠᠢ ᠪᠣᠳᠠᠲᠠᠢ | ᠱᠠᠭᠠᠷᠳᠠᠯᠭ᠎ᠠ ᠳᠤᠷᠠᠳᠴᠠᠢ᠃ | ᠵᠧᠦ ᠢᠦᠢ ᠯᠦᠩ ᠴᠢᠬᠤᠯᠠᠴᠢᠯᠠᠭᠰᠠᠨ ᠨᠢ᠂ ᠨᠢᠭᠡ ᠳᠤ᠂ ᠨᠠᠮ ᠵᠠᠰᠠᠭ ᠠᠳᠠᠯᠢ ᠬᠠᠷᠢᠭᠤᠴᠠᠯᠭ᠎ᠠ ᠲᠠᠢ | ᠪᠠᠶᠢᠬᠤ ᠶᠢ ᠴᠢᠩᠭ᠎ᠠ ᠨᠠᠶᠢᠳᠠᠪᠤᠷᠢᠵᠢᠭᠤᠯᠵᠤ᠂ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠨᠢᠭᠡᠳᠦᠭᠡᠷ ᠭᠠᠷ | ᠶᠡᠷᠦᠩᠬᠡᠢ ᠬᠠᠷᠢᠭᠤᠴᠠᠯᠭ᠎ᠠ ᠶᠢ ᠡᠭᠦᠷᠭᠡᠯᠡᠬᠦ ᠶᠢ ᠪᠠᠷᠢᠮᠲᠠᠯᠠᠵᠤ᠂ ᠭᠠᠳᠠᠨ᠎ᠠ ᠶᠢᠨ ᠮᠠᠯ ᠢ ᠬᠠᠮᠢᠶᠠᠷᠤᠨ ᠡᠵᠡᠮᠳᠡᠬᠦ ᠠᠵᠢᠯ ᠢ | ᠨᠢᠭᠡᠳᠦᠯᠲᠡᠢ ᠲᠥᠯᠥᠪᠯᠡᠨ ᠠᠬᠢᠭᠤᠯᠵᠤ᠂ ︽ᠵᠡᠭᠦᠨ ᠦᠵᠦᠮᠦᠴᠢᠨ ᠬᠤᠰᠢᠭᠤᠨ ᠤ ᠠᠷᠠᠳ ᠤᠨ ᠵᠠᠰᠠᠭ ᠤᠨ | ᠣᠷᠳᠣᠨ ᠤ ᠭᠠᠳᠠᠨ᠎ᠠ ᠶᠢᠨ ᠮᠠᠯ ᠢ ᠣᠷᠤᠭᠤᠯᠵᠤ ᠮᠠᠯᠵᠢᠬᠤ ᠶᠢ ᠴᠢᠩᠭ᠎ᠠ ᠴᠠᠭᠠᠵᠠᠯᠠᠬᠤ ᠲᠤᠬᠠᠢ ᠠᠯᠪᠠᠨ ᠵᠠᠷᠯᠠᠯ︾ ᠢ | ᠴᠢᠩᠭ᠎ᠠ ᠨᠠᠶᠢᠳᠠᠪᠤᠷᠢᠵᠢᠭᠤᠯᠤᠨ᠂ ᠵᠠᠩᠭᠢᠯᠠᠭ᠎ᠠ ᠶᠢᠨ ᠴᠠᠭ ᠬᠤᠭᠤᠴᠠᠭ᠎ᠠ ᠪᠠ ᠵᠠᠩᠭᠢᠯᠠᠭ᠎ᠠ ᠶᠢᠨ ᠪᠠᠶᠢᠷᠢᠨ ᠳᠤ | ᠠᠩᠬᠠᠷᠤᠯ ᠢᠶᠠᠨ ᠲᠥᠪᠯᠡᠷᠡᠭᠦᠯᠦᠨ ᠬᠠᠮᠢᠶᠠᠷᠤᠨ ᠡᠵᠡᠮᠳᠡᠬᠦ ᠪᠣᠭᠤᠮᠲᠠ ᠶᠢ ᠰᠢᠨᠵᠢᠯᠡᠬᠦ ᠤᠬᠠᠭᠠᠨᠴᠢ ᠪᠠᠷ | ᠪᠠᠶᠢᠷᠢᠯᠠᠭᠤᠯᠵᠤ᠂ ᠵᠢᠵᠢᠭᠦᠷᠯᠡᠨ ᠰᠠᠬᠢᠬᠤ ᠲᠣᠬᠢᠷᠠᠭᠤᠯᠤᠯᠲᠠ ᠶᠢ ᠨᠠᠷᠢᠯᠢᠭᠵᠢᠭᠤᠯᠵᠤ᠂ ᠬᠠᠮᠢᠶᠠᠷᠤᠨ ᠡᠵᠡᠮᠳᠡᠬᠦ | ᠠᠵᠢᠯ ᠢ ᠨᠠᠷᠢᠯᠢᠭᠵᠢᠭᠤᠯᠬᠤ᠂ ᠨᠠᠷᠢᠯᠢᠭ ᠣᠨᠣᠴᠠᠵᠢᠭᠤᠯᠬᠤ ᠶᠢ ᠪᠡᠶᠡᠯᠡᠭᠦᠯᠦᠨ᠎ᠡ᠃ ᠬᠤᠶᠠᠷ ᠲᠤ᠂ ︽ᠰᠦᠯᠵᠢᠶᠡᠨ | ᠳᠡᠭᠡᠷ᠎ᠡ + ᠰᠦᠯᠵᠢᠶᠡᠨ ᠭᠠᠳᠠᠨ᠎ᠠ︾ ᠬᠤᠣᠰ ᠬᠦᠷᠳᠦ ᠪᠠᠷ ᠬᠥᠳᠡᠯᠭᠡᠬᠦ ᠤᠬᠠᠭᠤᠯᠭ᠎ᠠ ᠶᠢᠨ ᠵᠠᠭᠪᠤᠷ ᠢ ᠪᠠᠶᠢᠭᠤᠯᠵᠤ᠂ | ᠰᠦᠯᠵᠢᠶᠡᠨ ᠳᠡᠭᠡᠷ᠎ᠡ ᠸᠢᠴᠠᠲ ᠬᠤᠯᠪᠤᠭ᠎ᠠ᠂ ᠸᠢᠴᠠᠲ ᠲᠠᠪᠴᠠᠩ ᠵᠡᠷᠭᠡ ᠰᠢᠨ᠎ᠡ ᠵᠠᠭᠤᠴᠢᠯᠠᠭᠤᠷ ᠤᠨ ᠲᠠᠪᠴᠠᠩ ᠢ | ᠭᠦᠢᠴᠡᠳ ᠠᠰᠢᠭᠯᠠᠨ᠂ ᠭᠠᠳᠠᠨ᠎ᠠ ᠶᠢᠨ ᠮᠠᠯ ᠢ ᠣᠷᠤᠭᠤᠯᠵᠤ ᠮᠠᠯᠵᠢᠬᠤ ᠶᠢ ᠴᠢᠩᠭ᠎ᠠ ᠴᠠᠭᠠᠵᠠᠯᠠᠬᠤ ᠲᠥᠷᠥ ᠶᠢᠨ | ᠪᠣᠳᠣᠯᠭ᠎ᠠ ᠶᠢᠨ ᠲᠠᠶᠢᠯᠤᠮᠵᠢ᠂ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ ᠭᠤᠣᠯᠳᠠᠯᠭ᠎ᠠ ᠵᠡᠷᠭᠡ | ᠠᠭᠤᠯᠭ᠎ᠠ ᠶᠢ ᠲᠣᠭᠲᠠᠮᠠᠯ ᠬᠤᠭᠤᠴᠠᠭ᠎ᠠ ᠲᠠᠢ ᠪᠠᠷ ᠬᠦᠷᠭᠡᠬᠦ ᠬᠡᠷᠡᠭᠲᠡᠢ᠃ ᠰᠦᠯᠵᠢᠶᠡᠨ ᠭᠠᠳᠠᠨ᠎ᠠ ᠨᠠᠮ ᠤᠨ ᠭᠡᠰᠢᠭᠦᠨ | ᠺᠠᠳ᠋ᠷ᠂ ᠲᠣᠣᠷᠵᠢᠯ ᠤᠨ ᠭᠡᠰᠢᠭᠦᠨ ᠢ ᠵᠣᠬᠢᠶᠠᠨ ᠪᠠᠶᠢᠭᠤᠯᠵᠤ᠂ ᠡᠷᠦᠬᠡ ᠳᠤ ᠬᠦᠷᠴᠦ ᠤᠬᠠᠭᠤᠯᠤᠨ ᠲᠠᠶᠢᠯᠪᠤᠷᠢᠯᠠᠬᠤ᠂ | ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ ᠵᠡᠷᠭᠡ ᠬᠡᠯᠪᠡᠷᠢ ᠪᠠᠷ ᠳᠠᠮᠵᠢᠭᠤᠯᠤᠨ᠂ ᠬᠠᠮᠢᠶ᠎ᠠ ᠪᠦᠬᠦᠢ ᠬᠠᠤᠯᠢ | ᠲᠣᠭᠲᠠᠭᠠᠯ ᠤᠨ ᠮᠡᠳᠡᠯᠭᠡ ᠶᠢ ᠨᠢᠭᠤᠷᠲᠠᠨ ᠲᠦᠭᠡᠮᠡᠯᠵᠢᠭᠦᠯᠵᠦ᠂ ᠭᠠᠳᠠᠨ᠎ᠠ ᠶᠢᠨ ᠮᠠᠯ ᠢ ᠣᠷᠤᠭᠤᠯᠵᠤ ᠮᠠᠯᠵᠢᠬᠤ ᠶᠢ | ᠴᠢᠩᠭ᠎ᠠ ᠴᠠᠭᠠᠵᠠᠯᠠᠬᠤ ᠭᠦᠨ ᠵᠤᠵᠠᠭᠠᠨ ᠠᠭᠤᠷ ᠠᠮᠢᠰᠬᠤᠯ ᠢ ᠪᠥᠬᠦ ᠲᠠᠯ᠎ᠠ ᠪᠠᠷ᠂ ᠭᠦᠨ ᠲᠠᠰ ᠳᠠᠪᠬᠤᠷᠭ᠎ᠠ ᠪᠠᠷ᠂ | ᠣᠯᠠᠨ ᠬᠠᠷᠠᠭᠠᠰᠤ ᠠᠴᠠ ᠪᠣᠶ ᠪᠣᠯᠭᠠᠬᠤ ᠬᠡᠷᠡᠭᠲᠡᠢ᠃ ᠭᠤᠷᠪᠠ ᠳᠤ᠂ ᠬᠥᠨᠳᠡᠯᠡᠨ ᠭᠤᠯᠳᠤ ᠴᠢᠭᠯᠡᠯ ᠤᠨ ᠬᠢᠵᠢᠭ ᠢ | ᠰᠡᠷᠭᠡᠶᠢᠯᠡᠬᠦ ᠠᠵᠢᠯ ᠤᠨ ᠰᠢᠰᠲ᠋ᠧᠮ ᠢ ᠪᠠᠶᠢᠭᠤᠯᠵᠤ᠂ ᠣᠯᠠᠨ ᠰᠠᠯᠠᠭ᠎ᠠ ᠮᠥᠴᠢᠷ ᠬᠠᠮᠲᠤᠷᠠᠨ ᠲᠣᠭᠤᠷᠢᠨ ᠪᠠᠶᠢᠴᠠᠭᠠᠬᠤ | ᠲᠣᠭᠲᠠᠴᠠ ᠶᠢ ᠲᠡᠭᠦᠯᠳᠡᠷᠵᠢᠭᠦᠯᠵᠦ᠂ ᠬᠢᠯᠢ ᠪᠠᠷ ᠣᠷᠣᠵᠤ ᠢᠷᠡᠭᠰᠡᠨ ᠮᠠᠯ ᠤᠨ ᠤᠤᠯ ᠤᠨ ᠭᠠᠵᠠᠷ ᠤᠨ ︽ᠠᠮᠢᠲᠠᠨ ᠤ | ᠬᠢᠵᠢᠭ ᠤᠨ ᠪᠠᠶᠢᠴᠠᠭᠠᠯᠲᠠ ᠳᠤ ᠬᠢᠷᠢ ᠲᠡᠩᠴᠡᠭᠰᠡᠨ ᠭᠡᠷᠡᠴᠢ︾ ᠶᠢ ᠴᠢᠩᠭ᠎ᠠ ᠪᠠᠶᠢᠴᠠᠭᠠᠵᠤ᠂ ᠠᠮᠢᠲᠠᠨ ᠤ ᠬᠢᠵᠢᠭ ᠢ | ᠰᠡᠷᠭᠡᠶᠢᠯᠡᠬᠦ ᠬᠠᠮᠢᠶ᠎ᠠ ᠪᠦᠬᠦᠢ ᠲᠣᠭᠲᠠᠭᠠᠯ ᠳᠤ ᠨᠡᠶᠢᠴᠡᠬᠦ ᠦᠭᠡᠢ ᠭᠠᠳᠠᠨ᠎ᠠ ᠶᠢᠨ ᠮᠠᠯ ᠢ ᠬᠠᠤᠯᠢ ᠲᠣᠭᠲᠠᠭᠠᠯ ᠶᠣᠰᠣᠭᠠᠷ | ᠢᠳᠬᠠᠨ ᠪᠤᠴᠠᠭᠠᠵᠤ᠂ ᠴᠢᠩᠭ᠎ᠠ ᠵᠢᠭᠰᠠᠭᠠᠨ ᠪᠠᠶᠢᠴᠠᠭᠠᠬᠤ᠂ ᠲᠣᠥᠷᠵᠢᠭᠤᠯᠤᠨ ᠬᠠᠮᠢᠶᠠᠷᠬᠤ ᠪᠠᠷ ᠳᠡᠮᠵᠢᠨ᠂ ᠬᠢᠵᠢᠭ ᠢ | ᠰᠡᠷᠭᠡᠶᠢᠯᠡᠬᠦ ᠠᠶᠤᠯ ᠲᠦᠭᠰᠢᠭᠦᠷᠢ ᠶᠢᠨ ᠳᠠᠯᠳᠠ ᠬᠡᠮ ᠢ ᠣᠨᠣᠪᠴᠢᠲᠠᠶ ᠢᠯᠭᠠᠨ ᠲᠠᠨᠢᠬᠤ ᠪᠠ ᠠᠷᠢᠯᠭᠠᠵᠤ᠂ ᠣᠷᠣᠨ | ᠪᠦᠰᠡ ᠶᠢᠨ ᠴᠢᠨᠠᠷᠲᠠᠢ ᠬᠦᠨᠳᠦ ᠶᠡᠭᠡ ᠠᠮᠢᠲᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠲᠤ ᠪᠠᠬᠢ | ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠬᠦ ᠬᠡᠷᠡᠭᠲᠡᠢ᠃ |