ᠵᠡᠭᠦᠨ ᠦᠵᠦᠮᠦᠴᠢᠨ ᠬᠤᠰᠢᠭᠤ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠤ ᠴᠡᠭᠴᠡᠯᠡᠨ ᠵᠠᠰᠠᠯᠲᠠ ᠶᠢ ᠦᠷᠨᠢᠭᠦᠯᠵᠦ᠂ 1 . 7 ᠲᠦᠮᠡᠨ ᠲᠣᠨ ᠬᠤᠭ ᠨᠣᠪᠰᠢ ᠶᠢ ᠴᠡᠪᠡᠷᠯᠡᠨ ᠠᠷᠢᠯᠭᠠᠪᠠ
ᠨᠡᠶᠢᠲᠡᠯᠡᠭᠰᠡᠨ ᠴᠠᠭ᠄
2025/5/26
      ᠵᠢᠯ ᠪᠦᠷᠢ ᠶᠢᠨ ᠬᠠᠪᠤᠷ ᠰᠠᠭᠠᠯᠢ ᠶᠢᠨ ᠦᠨᠢᠶᠡᠨ ᠤ ᠲᠣᠰᠬᠤᠨ᠂ ᠨᠡᠭᠦᠳᠡᠯ ᠠᠷᠠᠳ ᠤᠨ ᠲᠣᠰᠬᠤᠨ ᠤ ᠲᠡᠵᠢᠭᠡᠨ ᠦᠷᠡᠵᠢᠭᠦᠯᠬᠦ ᠡᠷᠦᠬᠡ ᠶᠢᠨ ᠲᠥᠪᠯᠡᠷᠡᠭᠰᠡᠨ ᠭᠠᠵᠠᠷ ᠨᠢ ᠠᠮᠢ ᠠᠬᠤᠢ ᠶᠢᠨ ᠠᠰᠠᠭᠤᠳᠠᠯ ᠳᠤ ᠲᠤᠯᠭᠠᠷᠠᠵᠤ᠂ ᠶᠡᠭᠡ ᠬᠡᠮᠵᠢᠶᠡᠨ ᠤ ᠪᠣᠬᠢᠷᠳᠤᠯ ᠪᠤᠳᠠᠰ ᠵᠡᠭᠡᠯᠢ ᠭᠤᠳᠤᠮᠵᠢ ᠪᠠᠷ ᠳᠦᠭᠦᠷᠴᠦ᠂ ᠲᠣᠰᠬᠤᠨ ᠤ ᠳᠦᠷᠢ ᠲᠥᠷᠬᠦ ᠶᠢ ᠨᠦᠯᠦᠭᠡᠯᠡᠭᠰᠡᠨ ᠢᠶᠠᠷ ᠪᠠᠷᠠᠬᠤ ᠦᠭᠡᠢ᠂ ᠨᠡᠩ ᠴᠤ ᠢᠯᠠᠭ᠎ᠠ ᠪᠠᠲᠠᠭᠠᠨ᠎ᠠ ᠴᠤᠭᠯᠠᠷᠠᠵᠤ᠂ ᠡᠪᠡᠳᠴᠢᠨ ᠤ ᠪᠠᠺᠲ᠋ᠧᠷᠢ ᠶᠢ ᠡᠭᠦᠰᠬᠡᠳᠡᠭ ᠪᠥᠭᠡᠳ ᠰᠠᠭᠤᠭᠠᠯᠢ ᠠᠷᠠᠳ ᠤᠨ ᠠᠮᠢᠳᠤᠷᠠᠯ ᠤᠨ《 ᠰᠡᠳᠬᠢᠯ ᠤᠨ ᠵᠣᠪᠠᠯᠠᠩ 》 ᠪᠣᠯᠳᠠᠭ  ᠃      ᠲᠠᠯ᠎ᠠ ᠨᠤᠲᠤᠭ ᠤᠨ ᠠᠷᠢᠭᠤᠨ ᠴᠡᠪᠡᠷ ᠢ ᠪᠠᠲᠤᠯᠠᠬᠤ ᠶᠢᠨ ᠲᠥᠯᠥᠭᠡ᠂ 3 ᠰᠠᠷ᠎ᠠ ᠶᠢᠨ 20᠎ ᠤ ᠡᠳᠦᠷ ᠠᠴᠠ ᠡᠬᠢᠯᠡᠨ᠂ ᠵᠡᠭᠦᠨ ᠦᠵᠦᠮᠦᠴᠢᠨ ᠬᠤᠰᠢᠭᠤᠨ ᠤ ᠤᠯᠢᠶᠠᠰᠤᠲᠠᠢ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠰᠢᠨ᠎ᠡ ᠶᠢ ᠡᠭᠦᠳᠬᠦ ᠵᠠᠰᠠᠯᠲᠠ ᠶᠢᠨ ᠵᠠᠭᠪᠤᠷ ᠢᠶᠠᠷ ᠣᠷᠴᠢᠨ ᠲᠣᠭᠤᠷᠢᠨ ᠢ ᠴᠡᠭᠴᠡᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠡᠬᠢᠯᠡᠭᠦᠯᠵᠦ᠂ ᠠᠮᠢ ᠠᠬᠤᠢ ᠪᠠᠷ ᠠᠷᠠᠳ ᠲᠤ ᠠᠰᠢᠭ ᠬᠦᠷᠲᠡᠭᠡᠬᠦ ᠴᠣ ᠰᠢᠨ᠎ᠡ ᠬᠠᠭᠤᠳᠠᠰᠤ ᠶᠢ ᠪᠢᠴᠢᠭᠯᠡᠪᠡ᠃      ᠡᠨᠡᠬᠦ ᠬᠤᠪᠢᠷᠠᠯᠲᠠ ᠶᠢᠨ ᠠᠷᠤ ᠳᠤ ᠤᠯᠢᠶᠠᠰᠤᠲᠠᠢ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠤ    《 ᠵᠠᠰᠠᠭ ᠠᠵᠤ ᠠᠬᠤᠶᠢᠯᠠᠯ ᠠᠷᠠᠳ ᠲᠦᠮᠡᠨ ᠬᠤᠯᠪᠣᠭᠠᠯᠠᠨ ᠬᠥᠳᠡᠯᠦᠯᠴᠡᠬᠦ 》ᠣᠶᠤᠨᠴᠢ ᠦᠢᠯᠡᠳᠦᠯᠭᠡ ᠪᠤᠢ᠃ ᠪᠠᠷᠠᠭᠤᠨ ᠦᠵᠦᠮᠦᠴᠢᠨ ᠬᠤᠰᠢᠭᠤᠨ ᠤ ᠬᠤᠤ ᠰᠢᠨ ᠠᠮᠢᠳᠤ ᠪᠣᠳᠠᠰ ᠤᠨ ᠣᠷᠴᠢᠨ ᠲᠣᠭᠤᠷᠢᠨ ᠤ ᠬᠠᠮᠠᠭᠠᠯᠠᠯᠲᠠ ᠎ ᠶᠢᠨ ᠮᠥᠬᠦᠯᠢᠭᠲᠦ ᠡᠳ᠋ᠰᠢᠭᠦᠯᠦᠨ ᠪᠣᠯᠪᠠᠰᠤᠷᠠᠭᠤᠯᠬᠤ ᠬᠢᠵᠠᠭᠠᠷᠲᠤ ᠺᠣᠮᠫᠠᠨᠢ ᠲᠠᠢ ᠬᠠᠮᠵᠢᠯᠴᠠᠬᠤ ᠪᠠᠷ ᠳᠠᠮᠵᠢᠨ᠂        ︽ᠵᠠᠰᠠᠭ ᠤᠨ ᠣᠷᠳᠣᠨ ᠠᠴᠠ ᠭᠤᠣᠯᠯᠠᠨ ᠤᠳᠤᠷᠢᠳᠬᠤ + ᠠᠵᠤ ᠠᠬᠤᠶᠢᠯᠠᠯ ᠤᠨ ᠡᠵᠡᠩᠨᠡᠯᠲᠡ + ᠮᠠᠯᠴᠢᠨ ᠡᠷᠦᠬᠡ ᠣᠷᠣᠯᠴᠠᠬᠤ  ︾ ᠬᠠᠮᠵᠢᠯᠴᠠᠨ ᠵᠠᠰᠠᠬᠤ ᠰᠢᠰᠲ᠋ᠧᠮ ᠢ ᠪᠠᠶᠢᠭᠤᠯᠵᠤ᠂ ᠠᠵᠤ ᠠᠬᠤᠶᠢᠯᠠᠯ ᠰᠦᠢᠳᠬᠡᠯ ᠬᠤᠷᠢᠶᠠᠬᠤ ᠦᠭᠡᠢ ᠪᠠᠷ ᠲᠡᠷᠭᠡ ᠭᠠᠷᠭᠠᠨ ᠪᠣᠬᠢᠷᠲᠤᠯ ᠢ ᠴᠡᠪᠡᠷᠯᠡᠨ ᠲᠡᠭᠡᠭᠡᠪᠦᠷᠢᠯᠡᠵᠦ᠂ ᠵᠠᠰᠠᠭ ᠤᠨ ᠣᠷᠳᠣᠨ ᠠᠴᠠ 355 ᠲᠡᠷᠭᠡ ᠤᠳᠠᠭ᠎ᠠ ᠶᠢᠨ ᠮᠠᠯᠲᠠᠭᠤᠷ ᠮᠠᠰᠢᠨ᠂ ᠬᠥᠷᠪᠡᠭᠦᠯᠬᠦ ᠮᠠᠰᠢᠨ ᠲᠡᠷᠭᠡ ᠵᠡᠷᠭᠡ ᠲᠤᠰᠬᠠᠢ ᠮᠡᠷᠭᠡᠵᠢᠯ ᠤᠨ ᠲᠥᠬᠦᠭᠡᠷᠦᠮᠵᠢ ᠲᠤᠬᠢᠷᠠᠭᠤᠯᠵᠦ᠂ ᠤᠳᠤᠬᠠᠨ ᠪᠤᠯᠲᠠᠯ᠎ᠠ 50 ᠭᠠᠷᠤᠢ ᠡᠳᠦᠷ ᠠᠵᠢᠯᠯᠠᠵᠦ᠂ 17000 ᠭᠠᠷᠤᠢ ᠲᠣᠨ   ︽ᠬᠠᠶᠠᠭᠳᠠᠮᠠᠯ ᠪᠣᠳᠠᠰ ᠢ ᠡᠷᠳᠡᠨᠢ ᠪᠣᠯᠭᠠᠵᠤ  ︾᠂ 3 ᠲᠦᠮᠡᠨ ᠲᠡᠭᠰᠢ ᠳᠥᠷᠪᠡᠯᠵᠢᠨ ᠮᠧᠲᠷ ᠤᠨ ᠣᠷᠣᠨ ᠪᠦᠰᠡ ᠎ ᠶᠢ ᠴᠡᠪᠡᠷ ᠲᠡᠭᠰᠢ ᠡᠮᠬᠢ ᠵᠢᠷᠤᠮ ᠲᠠᠢ ᠤᠷᠴᠢᠨ ᠪᠣᠯᠭᠠᠨ  ᠬᠤᠪᠢᠷᠠᠭᠤᠯᠤᠭᠰᠠᠨ ᠪᠠᠶᠢᠨ᠎ᠠ᠃      ᠤᠯᠢᠶᠠᠰᠤᠲᠠᠢ ᠪᠠᠯᠭᠠᠰᠤᠨ ᠤ ᠳᠡᠳ᠋ ᠳᠠᠷᠤᠭ᠎ᠠ ᠯᠢ ᠴᠢᠶᠠᠩ᠄《 ᠣᠯᠠᠨ ᠲᠦᠮᠡᠨ ᠬᠠᠨᠤᠮᠵᠢᠲᠠᠶ ᠪᠠᠶᠬᠤ ᠪᠣᠯ ᠮᠠᠨ ᠤ ᠠᠵᠢᠯ ᠤᠨ ᠬᠠᠷᠠᠯᠲᠠ ᠮᠥᠨ᠃ ᠬᠠᠪᠤᠷ ᠨᠠᠮᠤᠷ ᠤᠨ ᠤᠯᠠᠷᠢᠯ ᠤᠨ ᠲᠡᠵᠢᠭᠡᠨ ᠦᠷᠡᠵᠢᠭᠦᠯᠬᠦ ᠬᠤᠭ ᠨᠣᠪᠰᠢ ᠣᠪᠣᠭᠠᠯᠠᠬᠤ ᠠᠰᠠᠭᠤᠳᠠᠯ ᠳᠤ ᠴᠢᠭᠯᠡᠭᠦᠯᠦᠨ᠂ ᠪᠢᠳᠡ ᠵᠠᠰᠠᠭ ᠠᠵᠤ ᠠᠬᠤᠶᠢᠯᠠᠯ ᠤᠨ ᠡᠬᠢ ᠪᠠᠶᠠᠯᠢᠭ ᠢ ᠦᠳᠲᠡᠷ ᠲᠦᠷᠭᠡᠨ ᠨᠢᠭᠡᠳᠦᠯᠲᠡᠶ ᠲᠥᠯᠥᠪᠯᠡᠵᠦ᠂ ᠤᠳᠤᠬᠠᠨ ᠪᠣᠯᠳᠠᠯ᠎ᠠ ᠨᠡᠶᠢᠲᠡ 1 . 7 ᠲᠦᠮᠡ ᠭᠠᠷᠤᠶ ᠲᠣᠨ ᠲᠠᠷᠢᠶᠠᠯᠠᠩ ᠮᠠᠯ ᠠᠵᠤ ᠠᠬᠤᠶ ᠶᠢᠨ ᠦᠶᠯᠡᠳᠪᠦᠷᠢᠯᠡᠯ ᠤᠨ ᠬᠤᠭ ᠨᠣᠪᠰᠢ ᠶᠢ ᠴᠡᠪᠡᠷᠯᠡᠨ ᠲᠡᠭᠡᠭᠡᠪᠦᠷᠢᠯᠡᠵᠦ᠂ ᠣᠯᠠᠨ ᠲᠦᠮᠡᠨ ᠢ ᠭᠠᠴᠢᠭᠳᠠᠭᠤᠯᠵᠤ ᠪᠠᠶᠢᠭ᠎ᠠ ᠣᠷᠴᠢᠨ ᠲᠣᠭᠤᠷᠢᠨ ᠤ ᠬᠦᠴᠢᠷ ᠠᠰᠠᠭᠤᠳᠠᠯ ᠢ ᠲᠤᠶᠢᠯᠪᠤᠷᠢᠲᠠᠶ ᠰᠢᠶᠳᠪᠦᠷᠢᠯᠡᠪᠡ᠃ ᠲᠠᠷᠠᠭᠠᠴᠢ ᠪᠠᠷ ᠪᠢᠳᠡ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠤ ᠠᠬᠤᠶᠢᠯᠠᠯ ᠯᠤᠭ᠎ᠠ ᠶᠢᠨ ᠬᠠᠮᠲᠤᠷᠠᠯᠴᠠᠭ᠎ᠠ ᠎ ᠪᠠᠨ ᠭᠦᠨᠵᠡᠭᠡᠶᠢᠷᠡᠭᠦᠯᠵᠦ᠂ ᠬᠤᠭ ᠨᠣᠪᠰᠢ ᠶᠢ ᠡᠬᠢ ᠪᠠᠶᠠᠯᠢᠭᠵᠢᠭᠤᠯᠤᠨ ᠠᠰᠢᠭᠯᠠᠬᠤ ᠠᠷᠭ᠎ᠠ ᠵᠠᠮ ᠢ         ᠰᠦᠪᠡᠭᠴᠢᠯᠡᠵᠦ᠂ ᠬᠤᠭ ᠨᠣᠪᠰᠢ ᠶᠢ ᠰᠢᠨ᠎ᠡ ᠡᠨᠧᠷᠭᠢ ᠶᠢᠨ ᠲᠦᠭᠦᠬᠡᠶ ᠮᠠᠲ᠋ᠧᠷᠢᠶᠠᠯ ᠪᠣᠯᠭᠠᠨ ᠬᠤᠪᠢᠷᠠᠭᠤᠯᠵᠤ᠂ ᠠᠮᠢ ᠠᠬᠤᠶ ᠶᠢᠨ ᠵᠠᠰᠠᠯᠲᠠ ᠶᠢᠨ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠦᠷᠢᠯᠳᠦᠭᠦᠯᠵᠦ᠂ ᠣᠷᠣᠰᠢᠨ ᠰᠠᠭᠤᠷᠢᠰᠢᠬᠤ ᠦᠶᠯᠡᠰ ᠪᠤᠰᠬᠠᠬᠤ ᠳᠤ ᠲᠣᠬᠢᠷᠠᠮᠵᠢᠲᠠᠶ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠪᠥᠬᠦ ᠬᠦᠴᠦᠨ ᠢᠶᠠᠷ ᠢᠶᠠᠨ ᠪᠥᠲᠥᠭᠡᠨ ᠪᠠᠶᠢᠭᠤᠯᠤᠨ᠎ᠠ︕︾ ᠭᠡᠯ᠎ᠡ᠃      ᠡᠨᠡ ᠤᠳᠠᠭᠠᠨ ᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯᠯᠠᠭ᠎ᠠ ᠨᠢ ᠨᠡᠩ ᠴᠤ ᠪᠦᠬᠦ ᠬᠤᠰᠢᠭᠤᠨ ᠎ ᠤ ᠬᠡᠪᠴᠢᠶᠡᠨ ᠳᠤ ᠶᠠᠪᠤᠭᠳᠠᠵᠤ᠂ ᠵᠡᠭᠦᠨ ᠦᠵᠦᠮᠦᠴᠢᠨ ᠬᠤᠰᠢᠭᠤ ᠨᠠᠷᠢᠯᠢᠭᠵᠢᠭᠤᠯᠤᠭᠰᠠᠨ ᠬᠠᠮᠢᠶᠠᠷᠤᠯᠲᠠ ᠪᠠᠷ ᠪᠦᠬᠦ ᠣᠷᠣᠨ ᠪᠦᠰᠡ ᠶᠢᠨ ᠠᠷᠢᠭᠤᠨ ᠴᠡᠪᠡᠷ ᠤᠨ ᠰᠢᠨ᠎ᠡ ᠵᠢᠷᠤᠭ ᠳᠦᠷᠰᠦ ᠶᠢ ᠵᠢᠷᠤᠭᠯᠠᠵᠠᠢ᠃ ᠡᠳᠦᠭᠡ᠂ ᠰᠠᠭᠤᠭᠠᠯᠢ ᠠᠷᠠᠳ ᠤᠨ ᠲᠣᠭᠤᠷᠢᠭ᠂ ᠵᠡᠭᠡᠯᠢ ᠭᠤᠳᠤᠮᠵᠢ᠂ ᠲᠠᠯ᠎ᠠ ᠨᠤᠲᠤᠭ ᠴᠥᠮ ᠴᠡᠪᠡᠷ ᠴᠡᠮᠴᠡᠭᠡᠷ ᠪᠠᠶᠢᠵᠦ᠂ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠦᠩᠭᠡ ᠦᠵᠡᠮᠵᠢ ᠳᠡᠯᠭᠡᠭᠳᠡᠭᠰᠡᠨ ᠪᠠᠶᠢᠨ᠎ᠠ  ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号