ᠬᠤᠰᠢᠭᠤ ᠵᠠᠰᠠᠭ ᠤᠨ ᠣᠷᠳᠣᠨ 2025 ᠣᠨ ᠤ 5 ᠳ᠋ᠤᠭᠠᠷ ᠤᠳᠠᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2025/5/26
      5 ᠰᠠᠷ᠎ᠠ ᠶᠢᠨ 14᠎ ᠤ ᠡᠳᠦᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ ᠴᠠᠩ ᠱᠧᠩ 2025 ᠣᠨ ᠤ 5 ᠳ᠋ᠤᠭᠠᠷ ᠤᠳᠠᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠡᠷᠭᠢᠯᠡᠨ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠬᠤᠶᠠᠷ ᠢ ᠬᠦᠷᠢᠶᠡᠯᠡᠬᠦ ᠠᠵᠢᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ᠂ ᠶᠡᠷᠦᠩᠬᠡᠶ ᠱᠦᠵᠢ ᠰᠢ ᠶᠢᠨ ᠫᠢᠩ ᠤᠨ《ᠰᠣᠶᠣᠯ ᠤᠨ ᠬᠦᠴᠦᠷᠬᠡᠭ ᠤᠯᠤᠰ ᠢ ᠲᠦᠷᠭᠡᠳᠬᠡᠨ ᠪᠥᠲᠥᠭᠡᠨ ᠪᠠᠶᠢᠭᠤᠯᠤᠶ᠎ᠠ》ᠭᠡᠬᠦ ᠨᠡᠷ᠎ᠡ ᠬᠠᠳᠠᠭᠰᠠᠨ ᠵᠣᠬᠢᠶᠠᠯ ᠵᠡᠷᠭᠡ ᠪᠢᠴᠢᠭ ᠮᠠᠲ᠋ᠧᠷᠢᠶᠠᠯ ᠎ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠰᠠᠬᠢᠯᠭ᠎ᠠ ᠪᠠᠲᠤ ᠪᠠᠶᠢᠴᠠᠭᠠᠬᠤ ᠰᠠᠯᠠᠭ᠎ᠠ ᠮᠥᠴᠢᠷ ᠤᠨ ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠠᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠢ ᠥᠷᠨᠢᠭᠦᠯᠦᠭᠰᠡᠨ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠶᠢ ᠰᠣᠨᠣᠰᠴᠤ᠂ ᠠᠵᠢᠯᠲᠠᠨ ᠤ ᠶᠠᠪᠤᠳᠠᠯ ᠤᠨ ᠲᠤᠰᠢᠶᠠᠯ ᠳᠤ ᠲᠣᠮᠢᠯᠠᠵᠤ ᠲᠤᠰᠢᠶᠠᠯ ᠠᠴᠠ ᠨᠢ ᠪᠠᠭᠤᠯᠭᠠᠬᠤ ᠶᠠᠪᠤᠳᠠᠯ ᠢ ᠰᠤᠳᠤᠯᠤᠨ ᠬᠢᠨᠠᠨ        ᠵᠥᠪᠯᠡᠪᠡ᠃      ᠬᠤᠷᠠᠯ ᠠᠴᠠ᠂ ᠪᠦᠬᠦ ᠬᠤᠰᠢᠭᠤ ᠪᠠᠷ ᠢᠶᠠᠨ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠎ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠮᠠᠨ ᠤ ᠬᠤᠰᠢᠭᠤᠨ ᠤ ᠬᠤᠶᠠᠷ ᠢ ᠬᠦᠷᠢᠶᠡᠯᠡᠬᠦ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠡᠬᠡ ᠤᠯᠤᠰ ᠤᠨ ᠤᠮᠠᠷᠠᠲᠤ ᠬᠢᠯᠢ ᠶᠢᠨ ᠴᠡᠷᠢᠭ ᠵᠠᠰᠠᠭ᠂ ᠴᠡᠷᠢᠭ ᠠᠷᠠᠳ ᠪᠦᠯᠬᠦᠮᠳᠡᠨ ᠲᠡᠮᠡᠴᠡᠭᠰᠡᠨ ᠰᠠᠶᠢᠨ ᠰᠠᠶᠢᠬᠠᠨ ᠪᠠᠶᠢᠳᠠᠯ ᠢ ᠲᠠᠰᠤᠷᠠᠯᠲᠠ ᠦᠭᠡᠢ ᠪᠠᠬᠢᠵᠢᠭᠦᠯᠦᠨ ᠬᠥᠭᠵᠢᠭᠦᠯᠬᠦ ᠬᠡᠷᠡᠭᠲᠡᠢ᠃ ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ ᠶᠢ ᠭᠦᠨᠵᠡᠭᠡᠶ ᠦᠶᠯᠡᠳᠦᠯᠭᠡᠵᠢᠭᠦᠯᠵᠦ᠂ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢ ᠳᠡᠭᠡᠭᠰᠢᠯᠡᠭᠦᠯᠬᠦ ᠠᠵᠢᠯᠯᠠᠭ᠎ᠠ ᠶᠢ ᠰᠠᠶᠢᠲᠤᠷ ᠬᠡᠷᠡᠭᠵᠢᠭᠦᠯᠵᠦ᠂ ᠵᠢᠭᠤᠯᠴᠢᠯᠠᠯ ᠤᠨ ᠦᠶᠯᠡᠰ ᠤᠨ ᠬᠡᠯᠪᠡᠷᠢ ᠪᠠᠶᠢᠳᠠᠯ ᠢ ᠪᠠᠶᠠᠯᠢᠭᠵᠢᠭᠤᠯᠵᠤ᠂《ᠳᠥᠷᠪᠡᠨ ᠴᠠᠭ ᠤᠨ ᠦᠵᠦᠮᠦᠴᠢᠨ》ᠰᠣᠶᠣᠯ ᠵᠢᠭᠤᠯᠴᠢᠯᠠᠯ ᠤᠨ ᠰᠢᠨ᠎ᠡ ᠲᠥᠷᠥᠯ ᠲᠡᠮᠳᠡᠭ ᠢ ᠡᠭᠦᠳᠬᠦ ᠬᠡᠷᠡᠭᠲᠡᠶ᠃ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠢᠷᠡᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠢ ᠥᠷᠨᠢᠭᠦᠯᠬᠦ ᠶᠢᠨ ᠴᠢᠬᠤᠯᠠ ᠠᠴᠢ ᠬᠤᠯᠪᠣᠭᠳᠠᠯ ᠢ ᠭᠦᠢᠴᠡᠳ ᠲᠠᠨᠢᠵᠤ᠂ ᠤᠯᠤᠰ ᠲᠦᠷᠦ ᠶᠢᠨ ᠬᠠᠷᠢᠭᠤᠴᠠᠯᠭ᠎ᠠ ᠪᠠᠨ ᠡᠷᠡᠰ ᠡᠭᠦᠷᠭᠡᠯᠡᠵᠦ᠂ ᠲᠥᠪᠯᠡᠷᠡᠭᠦᠯᠦᠨ ᠴᠡᠭᠴᠡᠯᠡᠨ ᠵᠠᠰᠠᠬᠤ ᠶᠢ ᠰᠠᠶᠢᠲᠤᠷ ᠠᠳᠬᠤᠵᠤ᠂ ᠤᠯᠠᠨ ᠲᠦᠮᠡᠨ ᠳᠤ ᠰᠤᠷᠲᠠᠯ ᠢ ᠲᠥᠪ ᠪᠣᠯᠭᠠᠵᠤ ᠢᠯᠵᠢᠷᠡᠯ ᠢ ᠡᠰᠡᠷᠭᠦᠴᠡᠬᠦ ᠨᠢ ᠳᠡᠷᠭᠡᠳᠡ ᠨᠢ ᠪᠠᠶᠢᠬᠤ᠂ ᠰᠤᠷᠲᠠᠯ ᠴᠢᠬᠡᠴᠢ ᠣᠪᠣᠷ ᠨᠢ ᠳᠡᠷᠭᠡᠳᠡ ᠨᠢ ᠪᠠᠶᠢᠬᠤ ᠶᠢ ᠮᠡᠳᠡᠷᠡᠭᠦᠯᠬᠦ ᠬᠡᠷᠡᠭᠲᠡᠢ ᠭᠡᠵᠡᠢ  ᠃      ᠬᠤᠰᠢᠭᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠬᠤᠷᠠᠯ ᠳᠤ ᠣᠷᠣᠯᠴᠠᠪᠠ  ᠃        
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号