ᠠᠮᠢᠲᠠᠨ ᠤ ᠬᠢᠵᠢᠭ ᠡᠪᠡᠳᠴᠢᠨ ᠤ ᠣᠷᠣᠨ ᠪᠦᠰᠡ ᠠᠯᠤᠰᠯᠠᠨ ᠳᠡᠯᠭᠡᠷᠡᠬᠦ ᠶᠢ ᠦᠨᠡᠨᠬᠦ ᠰᠡᠷᠭᠡᠶᠢᠯᠡᠵᠦ᠂ ᠮᠠᠯ | ᠠᠵᠤ ᠠᠬᠤᠢ ᠶᠢᠨ ᠦᠷᠭᠦᠯᠵᠢᠯᠡᠨ ᠡᠷᠡᠭᠦᠯ ᠲᠣᠭᠲᠠᠭᠤᠨ ᠢᠶᠠᠷ ᠬᠥᠭᠵᠢᠬᠦ ᠶᠢ ᠠᠬᠢᠭᠤᠯᠬᠤ ᠶᠢᠨ ᠲᠥᠯᠥᠭᠡ᠂ 5 | ᠰᠠᠷ᠎ᠠ ᠶᠢᠨ 21 ᠤ ᠡᠳᠦᠷ᠂ ᠳᠠᠭᠤᠲᠤᠨᠠᠭᠤᠷ ᠪᠠᠯᠭᠠᠰᠤ ᠭᠠᠳᠠᠨ᠎ᠠ ᠠᠴᠠ ᠢᠷᠡᠭᠰᠡᠨ ᠮᠠᠯ ᠶᠢ ᠴᠡᠭᠴᠡᠯᠡᠨ ᠵᠠᠰᠠᠬᠤ | ᠠᠵᠢᠯ ᠢ ᠠᠬᠢᠭᠤᠯᠬᠤ ᠬᠤᠷᠠᠯ ᠬᠤᠷᠠᠯᠳᠤᠭᠤᠯᠵᠤ᠂ ᠪᠠᠯᠭᠠᠰᠤᠨ ᠤ ᠤᠳᠤᠷᠢᠳᠬᠤ ᠪᠠᠭ ᠤᠨ ᠬᠡᠰᠢᠭᠦᠨ᠂ | ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠩᠭᠢ᠂ ᠲᠠᠷᠢᠶᠠᠯᠠᠩ ᠮᠠᠯ ᠠᠵᠤ ᠠᠬᠤᠢ ᠶᠢᠨ | ᠮᠡᠷᠭᠡᠵᠢᠯ ᠲᠥᠭᠡᠮᠡᠯᠵᠢᠭᠦᠯᠬᠦ ᠦᠢᠯᠡᠴᠢᠯᠡᠭᠡᠨ ᠤ ᠲᠥᠪ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃ | ᠬᠤᠷᠠᠯ ᠠᠴᠠ ᠣᠳᠣᠬᠢ ᠱᠠᠲᠤᠨ ᠤ ᠭᠠᠳᠠᠨ᠎ᠠ ᠠᠴᠠ ᠢᠷᠡᠭᠰᠡᠨ ᠮᠠᠯ ᠤᠨ ᠪᠠᠶᠢᠳᠠᠯ ᠢ ᠪᠦᠬᠦ ᠲᠠᠯ᠎ᠠ ᠪᠠᠷ | ᠡᠮᠬᠢᠯᠡᠬᠦ ᠶᠢᠨ ᠬᠠᠮᠲᠤ ᠪᠦᠬᠦ ᠪᠠᠯᠭᠠᠰᠤᠨ ᠤ ᠭᠠᠳᠠᠨ᠎ᠠ ᠠᠴᠠ ᠢᠷᠡᠭᠰᠡᠨ ᠮᠠᠯ ᠪᠠ ᠣᠨᠳᠣᠣ ᠭᠠᠵᠠᠷ ᠲᠤ ᠡᠪᠦᠯᠵᠢᠵᠦ | ᠨᠤᠲᠤᠭ ᠲᠠᠭᠠᠨ ᠪᠤᠴᠠᠭᠰᠠᠨ ᠮᠠᠯ ᠢ ᠬᠠᠮᠢᠶᠠᠷᠤᠨ ᠡᠵᠡᠮᠳᠡᠬᠦ ᠠᠵᠢᠯ ᠢ ᠲᠣᠬᠢᠷᠠᠭᠤᠯᠤᠨ ᠪᠠᠶᠢᠷᠢᠯᠠᠭᠤᠯᠵᠠᠢ᠃ | ᠬᠤᠷᠠᠯ ᠠᠴᠠ᠂ ᠨᠢᠭᠡ ᠳᠤ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠡᠭᠦᠷᠭᠡ | ᠬᠠᠷᠢᠭᠤᠴᠠᠯᠭ᠎ᠠ ᠪᠠᠨ ᠴᠢᠩᠭᠠᠳᠬᠠᠵᠤ᠂ ᠤᠯᠤᠰ ᠲᠦᠷᠦ ᠶᠢᠨ ᠵᠣᠭᠰᠣᠴᠠ ᠪᠠᠨ ᠦᠨᠡᠨᠬᠦ ᠳᠡᠭᠡᠭᠰᠢᠯᠡᠭᠦᠯᠦᠨ᠂ | ᠭᠠᠳᠠᠨ᠎ᠠ ᠠᠴᠠ ᠢᠷᠡᠭᠰᠡᠨ ᠮᠠᠯ ᠢ ᠴᠡᠭᠴᠡᠯᠡᠨ ᠵᠠᠰᠠᠬᠤ ᠡᠯ᠎ᠡ ᠵᠦᠢᠯ ᠤᠨ ᠠᠵᠢᠯ ᠤᠨ ᠨᠠᠶᠢᠳᠠᠪᠤᠷᠢᠵᠢᠭᠤᠯᠤᠯᠲᠠ ᠶᠢ | ᠠᠬᠢᠭᠤᠯᠬᠤ ᠬᠡᠷᠡᠭᠲᠡᠢ᠃ ᠬᠤᠶᠠᠷ ᠲᠤ᠂ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢᠨ ᠲᠠᠶᠢᠴᠢᠨ | ᠪᠠᠬᠢᠯᠡᠯᠲᠡ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠤᠯᠠᠨ ᠲᠦᠮᠡᠨ ᠢ ᠥᠷᠭᠡᠨ ᠢᠶᠠᠷ ᠲᠠᠶᠢᠴᠢᠯᠠᠨ | ᠭᠠᠳᠠᠨ᠎ᠠ ᠠᠴᠠ ᠢᠷᠡᠭᠰᠡᠨ ᠮᠠᠯ ᠢ ᠴᠡᠭᠴᠡᠯᠡᠨ ᠵᠠᠰᠠᠬᠤ ᠠᠵᠢᠯ ᠳᠤ ᠣᠷᠣᠯᠴᠠᠭᠤᠯᠵᠤ᠂ ︽ᠵᠠᠰᠠᠭ ᠤᠨ ᠣᠷᠳᠣᠨ | ᠭᠤᠣᠯᠯᠠᠨ ᠤᠳᠤᠷᠢᠳᠴᠤ᠂ ᠦᠨᠳᠦᠰᠦᠨ ᠱᠠᠲᠤ ᠬᠤᠯᠪᠤᠭᠠᠯᠠᠨ ᠬᠥᠳᠡᠯᠦᠯᠴᠡᠵᠦ᠂ ᠤᠯᠠᠨ ᠲᠦᠮᠡᠨ ᠬᠠᠮᠲᠤ | ᠣᠷᠣᠯᠴᠠᠬᠤ︾ ᠬᠢᠨᠠᠯᠲᠠ ᠲᠠᠯᠪᠢᠬᠤ ᠲᠣᠣᠷ ᠢ ᠪᠠᠶᠢᠭᠤᠯᠬᠤ ᠬᠡᠷᠡᠭᠲᠡᠢ᠃ ᠭᠤᠷᠪᠠ ᠳᠤ᠂ ᠤᠬᠠᠭᠤᠯᠭ᠎ᠠ ᠶᠢᠨ | ᠡᠷᠴᠢᠮ ᠢᠶᠠᠨ ᠴᠢᠩᠭᠠᠷᠠᠭᠤᠯᠵᠤ᠂ ᠣᠯᠠᠨ ᠠᠷᠭ᠎ᠠ ᠵᠠᠮ ᠬᠡᠯᠪᠡᠷᠢ ᠪᠠᠷ ᠤᠬᠠᠭᠤᠯᠭ᠎ᠠ ᠶᠢᠨ ᠠᠵᠢᠯ ᠢ ᠥᠷᠨᠢᠭᠦᠯᠵᠦ᠂ | ᠭᠠᠳᠠᠨ᠎ᠠ ᠠᠴᠠ ᠢᠷᠡᠭᠰᠡᠨ ᠮᠠᠯ ᠤᠨ ᠬᠠᠮᠢᠶᠠᠷᠤᠯᠲᠠ ᠶᠢᠨ ᠲᠥᠷᠥ ᠶᠢᠨ ᠪᠣᠳᠣᠯᠭ᠎ᠠ᠂ ᠠᠮᠢᠲᠠᠨ ᠤ ᠬᠢᠵᠢᠭ ᠡᠪᠡᠳᠴᠢᠨ ᠢ | ᠰᠡᠷᠭᠡᠶᠢᠯᠡᠨ ᠡᠵᠡᠮᠳᠡᠬᠦ ᠮᠡᠳᠡᠯᠭᠡ ᠵᠢᠴᠢ ᠲᠣᠭᠲᠠᠭᠠᠯ ᠠᠴᠠ ᠵᠥᠷᠢᠴᠡᠨ ᠭᠠᠳᠠᠨ᠎ᠠ ᠠᠴᠠ ᠢᠷᠡᠭᠰᠡᠨ ᠮᠠᠯ ᠢ | ᠣᠷᠣᠭᠤᠯᠤᠭᠰᠠᠨ ᠤ ᠬᠤᠣᠷ ᠬᠥᠨᠥᠭᠡᠯ ᠢ ᠥᠷᠭᠡᠨ ᠢᠶᠠᠷ ᠤᠬᠠᠭᠤᠯᠵᠤ᠂ ᠮᠠᠯᠴᠢᠳ ᠤᠨ ᠬᠢᠵᠢᠭ ᠢ ᠰᠡᠷᠭᠡᠶᠢᠯᠡᠬᠦ ᠦᠵᠡᠯ | ᠤᠬᠠᠮᠰᠠᠷ ᠪᠠ ᠬᠠᠤᠯᠢ ᠴᠠᠭᠠᠵᠠ ᠶᠢᠨ ᠦᠵᠡᠯ ᠤᠬᠠᠮᠰᠠᠷ ᠢ ᠨᠡᠮᠡᠭᠳᠡᠭᠦᠯᠦᠨ᠂ ᠮᠠᠯᠴᠢᠳ ᠢ ᠬᠥᠲᠥᠯᠥᠨ ᠵᠢᠯᠤᠭᠤᠳᠴᠤ | ᠪᠠᠶᠢᠭᠠᠳ ᠬᠠᠮᠢᠶ᠎ᠠ ᠪᠦᠬᠦᠢ ᠲᠣᠭᠲᠠᠭᠠᠯ ᠢ ᠤᠬᠠᠮᠰᠠᠷ ᠠᠴᠠ ᠪᠠᠨ ᠵᠢᠷᠤᠮᠯᠠᠨ᠂ ᠴᠡᠭᠴᠡᠯᠡᠨ ᠵᠠᠰᠠᠬᠤ ᠠᠵᠢᠯ ᠳᠤ | ᠢᠳᠡᠪᠬᠢᠲᠡᠢ ᠬᠠᠮᠵᠢᠯᠴᠠᠭᠤᠯᠵᠤ᠂ ᠭᠠᠳᠠᠨ᠎ᠠ ᠠᠴᠠ ᠢᠷᠡᠭᠰᠡᠨ ᠮᠠᠯ ᠢ ᠴᠡᠭᠴᠡᠯᠡᠨ ᠵᠠᠰᠠᠬᠤ ᠠᠵᠢᠯ ᠳᠤ ᠰᠠᠶᠢᠨ | ᠰᠠᠶᠢᠬᠠᠨ ᠶᠠᠷᠢᠶ᠎ᠠ ᠬᠡᠯᠡᠯᠴᠡᠭᠡᠨ ᠤ ᠣᠷᠴᠢᠨ ᠲᠣᠭᠤᠷᠢᠨ ᠪᠠ ᠨᠡᠶᠢᠭᠡᠮ ᠤᠨ ᠠᠭᠤᠷ ᠠᠮᠢᠰᠬᠤᠯ ᠢ ᠪᠣᠶ ᠪᠣᠯᠭᠠᠬᠤ | ᠬᠡᠷᠡᠭᠲᠡᠢ᠃ ᠳᠥᠷᠪᠡ ᠳᠤ᠂ ᠥᠷᠲᠡᠭᠡ ᠲᠠᠬᠢ ᠵᠢᠵᠢᠭᠦᠷᠯᠡᠨ ᠰᠠᠬᠢᠬᠤ ᠶᠢ ᠴᠢᠩᠳᠠᠯᠠᠵᠤ᠂ ᠠᠵᠢᠯᠲᠠᠨ ᠤ ᠡᠭᠡᠯᠵᠢ ᠶᠢ | ᠵᠣᠬᠢᠰᠲᠠᠢ ᠲᠣᠬᠢᠷᠠᠭᠤᠯᠵᠤ᠂ 24 ᠴᠠᠭ ᠢᠶᠠᠷ ᠵᠢᠵᠢᠭᠦᠷᠯᠡᠨ᠂ ᠨᠠᠰᠢ ᠴᠠᠰᠢ ᠶᠠᠪᠤᠵᠤ ᠮᠠᠯ ᠵᠥᠭᠡᠭᠡᠪᠦᠷᠢᠯᠡᠬᠦ | ᠠᠴᠢᠶᠠᠨ ᠤ ᠮᠠᠰᠢᠨ ᠳᠤ ᠪᠦᠬᠦ ᠲᠠᠯ᠎ᠠ ᠪᠠᠷ ᠨᠠᠷᠢᠨ ᠨᠢᠭᠲᠠ ᠪᠠᠶᠢᠴᠠᠭᠠᠯᠲᠠ ᠬᠢᠵᠦ᠂ ᠪᠠᠶᠢᠴᠠᠭᠠᠯᠲᠠ ᠶᠢᠨ ᠲᠡᠮᠳᠡᠭᠯᠡᠯ | ᠬᠢᠬᠦ ᠪᠠ ᠮᠡᠳᠡᠭᠡ ᠵᠠᠩᠭᠢ ᠶᠢ ᠳᠡᠭᠡᠭᠰᠢ ᠮᠡᠳᠡᠭᠦᠯᠬᠦ ᠠᠵᠢᠯ ᠢ ᠰᠠᠶᠢᠲᠤᠷ ᠬᠢᠵᠦ᠂ ᠭᠠᠳᠠᠨ᠎ᠠ ᠠᠴᠠ ᠢᠷᠡᠭᠰᠡᠨ ᠮᠠᠯ ᠢ | ᠰᠡᠷᠭᠡᠶᠢᠯᠡᠨ ᠡᠵᠡᠮᠳᠡᠬᠦ ᠳᠤᠮᠳᠠᠬᠢ ︽ᠡᠮᠦᠨ᠎ᠡ ᠬᠠᠷᠠᠭᠤᠯ︾ ᠤᠨ ᠦᠢᠯᠡᠳᠦᠯ ᠢ ᠦᠨᠡᠨᠬᠦ ᠪᠠᠳᠠᠷᠠᠭᠤᠯᠬᠤ ᠬᠡᠷᠡᠭᠲᠡᠢ᠃ |