ᠰᠢ ᠶᠢᠨ ᠫᠢᠩ ᠶᠡᠷᠦᠩᠬᠡᠢ ᠱᠦᠵᠢ ᠶᠢᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ | ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ | ︽ᠦᠨᠳᠦᠰᠦᠲᠡᠨ ᠤ ᠲᠦᠷᠦ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ︾ ᠶᠢᠨ ᠠᠵᠢᠯ ᠢ ᠪᠣᠳᠠᠲᠠᠶᠢᠵᠢᠭᠤᠯᠤᠨ | ᠨᠠᠷᠢᠯᠢᠭᠵᠢᠭᠤᠯᠵᠤ᠂ 5 ᠰᠠᠷ᠎ᠠ ᠶᠢᠨ 15 ᠤ ᠡᠳᠦᠷ᠂ ᠲᠠᠭᠤᠲᠤᠨᠠᠭᠤᠷ ᠪᠠᠯᠭᠠᠰᠤ ᠨᠢ ᠰᠢᠨ᠎ᠡ ᠰᠡᠪᠡᠭᠦᠨ ᠠᠵᠢᠯᠯᠠᠭ᠎ᠠ | ᠶᠢ ᠡᠭᠦᠳᠴᠦ᠂ ᠤᠨᠤᠯ ᠤᠬᠠᠭᠤᠯᠤᠨ ᠲᠠᠶᠢᠯᠪᠤᠷᠢᠯᠠᠬᠤ᠂ ᠣᠨᠴᠠᠯᠢᠭᠲᠤ ᠰᠣᠶᠣᠯ ᠲᠠᠮᠢᠷ᠂ ᠠᠷᠠᠳ ᠲᠤ ᠲᠦᠭᠦᠮ | ᠦᠵᠡᠭᠦᠯᠬᠦ ᠦᠢᠯᠡᠴᠢᠯᠡᠭᠡ ᠵᠡᠷᠭᠡ ᠠᠵᠢᠯᠯᠠᠭ᠎ᠠ ᠪᠠᠷ ᠳᠠᠮᠵᠢᠭᠤᠯᠤᠨ᠂ ᠦᠨᠳᠦᠰᠦᠲᠡᠨ ᠤ ᠪᠦᠯᠬᠦᠮᠳᠡᠯ ᠲᠠᠢ ᠡᠶ᠎ᠡ | ᠵᠣᠬᠢᠴᠠᠩᠭᠤᠢ ᠬᠦᠭᠵᠢᠯᠳᠡ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢ ᠤᠬᠠᠭᠤᠯᠤᠨ | ᠳᠡᠯᠭᠡᠷᠡᠭᠦᠯᠪᠡ᠃ | ᠨᠢᠭᠡ᠂ ᠠᠬᠤᠢ ᠲᠠᠯᠠᠪᠠᠢ ᠶᠢᠨ ᠤᠨᠤᠯ ᠤᠨ ᠤᠬᠠᠭᠤᠯᠭ᠎ᠠ ᠰᠤᠷᠤᠯᠴᠠᠯᠭ᠎ᠠ ᠦᠷᠨᠢᠬᠦᠯᠵᠦ᠂ ᠪᠦᠯᠬᠦᠮᠳᠡᠯ | ᠲᠠᠪᠰᠢᠯᠲᠠ ᠶᠢᠨ ᠦᠵᠡᠯ ᠰᠠᠨᠠᠭᠠᠨ ᠤ ᠰᠠᠭᠤᠷᠢ ᠶᠢ ᠪᠠᠲᠤᠳᠬᠠᠪᠠ | ᠲᠠᠭᠤᠲᠤᠨᠠᠭᠤᠷ ᠪᠠᠯᠭᠠᠰᠣᠨ ᠤ ᠨᠠᠮ ᠤᠨ ᠭᠡᠰᠢᠭᠦᠨ ᠺᠠᠳ᠋ᠷ᠂ ᠦᠨᠳᠦᠰᠦᠨ ᠱᠠᠲᠤᠨ ᠤ ᠺᠠᠳ᠋ᠷ᠂ ᠠᠷᠠᠳ ᠤᠨ | ᠲᠦᠯᠦᠭᠡᠯᠡᠭᠴᠢᠳ ᠂ ᠤᠯᠠᠭᠠᠨ ᠪᠢᠴᠢᠭ ᠤᠨ ᠪᠣᠭᠴᠣ ᠶᠢᠨ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ | ᠬᠡᠰᠢᠭᠦᠨ ᠢᠶᠠᠷ ᠪᠦᠷᠢᠯᠳᠦᠭᠰᠡᠨ ᠦᠨᠳᠦᠰᠦᠲᠡᠨ ᠤ ᠲᠦᠷᠦ ᠶᠢᠨ ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠬᠤ | ᠪᠦᠯᠬᠦᠮ ᠢ ᠵᠣᠬᠢᠶᠠᠨ ᠪᠠᠶᠢᠭᠤᠯᠵᠤ᠂ ᠭᠠᠴᠠᠭ᠎ᠠ ᠳᠤ ᠭᠦᠨᠵᠡᠭᠡᠶᠢᠷᠡᠵᠦ ︽ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ︾ ᠭᠤᠣᠯ ᠰᠡᠳᠦᠪᠲᠦ ᠤᠬᠠᠭᠤᠯᠭᠠᠠᠵᠢᠯᠯᠠᠭᠠ ᠶᠢ | ᠥᠷᠨᠢᠭᠦᠯᠪᠡ᠃ ᠠᠬᠤᠢ ᠲᠠᠯᠠᠪᠠᠢ ᠳᠤ᠂ ᠤᠬᠠᠭᠤᠯᠤᠨ ᠲᠠᠶᠢᠯᠪᠤᠷᠢᠯᠠᠭᠴᠢᠨᠠᠮ ᠤᠨ ᠦᠨᠳᠦᠰᠦᠲᠡᠨ ᠤ ᠲᠦᠷᠦ ᠶᠢᠨ | ᠪᠣᠳᠣᠯᠭ᠎ᠠ᠂ ᠦᠨᠳᠦᠰᠦᠲᠡᠨ ᠤ ᠭᠠᠵᠠᠷ ᠣᠷᠣᠨ ᠤ ᠬᠥᠭᠵᠢᠯᠲᠡ ᠶᠢᠨ ᠠᠮᠵᠢᠯᠲᠠ ᠪᠦᠲᠦᠮᠵᠢ ᠪᠣᠯᠣᠨ ᠲᠠᠯ᠎ᠠ | ᠨᠤᠲᠤᠭ ᠤᠨ ᠬᠥᠪᠡᠭᠦᠳ ᠥᠬᠢᠳ ᠤᠨ ᠪᠦᠯᠬᠦᠮᠳᠡᠯ ᠤᠨ ᠦᠯᠢᠭᠡᠷ ᠲᠠᠢ ᠤᠶᠠᠯᠳᠤᠭᠤᠯᠵᠤ᠂ ᠮᠣᠩᠭᠤᠯ ᠬᠢᠲᠠᠳ | ᠬᠤᠣᠰ ᠬᠡᠯᠡ ᠪᠠᠷ ︽ᠲᠠᠪᠤᠨ ᠲᠠᠨᠢᠯᠲᠠ︾ ︽ᠭᠤᠷᠪᠠᠨ ᠰᠠᠯᠵᠤ ᠴᠢᠳᠠᠬᠤ ᠦᠭᠡᠢ︾ ᠵᠡᠷᠭᠡ ᠵᠢᠨᠠᠭᠤᠯᠬᠤᠨ ᠢ | ᠠᠮᠢᠳᠤᠯᠢᠭ ᠢᠶᠠᠷ ᠲᠠᠶᠢᠯᠪᠤᠷᠢᠯᠠᠪᠠ᠃ ᠰᠢᠨ᠎ᠡ ᠬᠠᠭᠤᠴᠢᠨ ᠤ ᠬᠠᠷᠢᠴᠠᠭᠤᠯᠤᠯ ᠢᠶᠠᠷ ᠳᠠᠮᠵᠢᠭᠤᠯᠤᠨ᠂ ᠨᠠᠮ ᠤᠨ | ᠤᠳᠤᠷᠢᠳᠤᠯᠭ᠎ᠠ ᠳᠣᠣᠷᠠᠬᠢ ᠲᠠᠯ᠎ᠠ ᠨᠤᠲᠤᠭ ᠤᠨ ᠠᠮᠢᠳᠤᠷᠠᠯ ᠤᠨ ᠬᠤᠪᠢᠷᠠᠯᠲᠠ ᠬᠦᠭᠵᠢᠯᠳᠡ ᠶᠢ ᠲᠣᠭᠠᠴᠢᠨ | ᠥᠭᠦᠯᠡᠵᠦ᠂ ᠬᠢᠯᠪᠠᠷ ᠣᠶᠢᠯᠠᠭᠠᠮᠵᠢᠲᠠᠢ ᠦᠭᠡ ᠬᠡᠯᠡ ᠪᠠᠷ ᠬᠡᠶᠢᠰᠪᠦᠷᠢ ᠣᠨᠣᠯ ᠢ ︽ᠠᠮᠢᠳᠤᠯᠢᠭ︾ ᠪᠤᠯᠭᠠᠭᠰᠠᠨ | ᠪᠠᠶᠢᠨ᠎ᠠ᠃ ᠶᠠᠷᠢᠯᠴᠠᠭ᠎ᠠ ᠦᠷᠨᠢᠭᠦᠯᠭᠦ ᠶᠠᠪᠤᠴᠠ ᠳᠤ᠂ ᠬᠦᠮᠦᠰ ᠳᠡᠷᠭᠡᠳᠡᠬᠢ ᠦᠨᠳᠦᠰᠦᠲᠡᠨ ᠤ ᠪᠦᠯᠬᠦᠮᠳᠡᠯ ᠤᠨ | ᠦᠢᠯᠡ ᠠᠵᠢᠯᠯᠠᠭ᠎ᠠ ᠪᠠᠨ ᠢᠳᠡᠪᠬᠢᠲᠡᠢ ᠪᠠᠷ ᠬᠤᠪᠢᠶᠠᠯᠴᠠᠵᠤ᠂ ᠲᠤᠬᠠᠢ ᠶᠢᠨ ᠲᠠᠯᠠᠪᠠᠢ ᠶᠢᠨ ᠠᠭᠤᠷ ᠠᠮᠢᠰᠬᠤᠯ ᠬᠦᠷ | ᠬᠥᠭᠵᠢᠶᠡᠨᠲᠡᠢ ᠪᠠᠶᠢᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ | ᠦᠨᠳᠦᠰᠦᠲᠡᠨ ᠨᠦᠭᠦᠳ ᠤᠨ ᠤᠯᠠᠨ ᠲᠦᠮᠡᠨ ᠤ ᠰᠡᠳᠬᠢᠯ ᠳᠤ ᠦᠨᠡᠨᠬᠦ ᠦᠨᠳᠦᠰᠦᠯᠡᠭᠦᠯᠪᠡ᠃ | ᠬᠤᠶᠠᠷ᠂ ᠰᠣᠶᠣᠯ ᠪᠡᠶ᠎ᠡ ᠶᠢᠨ ᠲᠠᠮᠢᠷ ᠤᠨ ᠠᠵᠢᠯᠯᠠᠭ᠎ᠠ ᠪᠠᠷ ᠬᠠᠮᠲᠤᠷᠠᠯ ᠤᠨ ᠬᠦᠴᠦᠨ ᠢ ᠨᠢᠭᠲᠠᠷᠠᠭᠤᠯᠵᠤ᠂ | ᠪᠦᠯᠬᠦᠮᠳᠡᠯ ᠲᠠᠢ ᠡᠶ᠎ᠡ ᠵᠤᠬᠢᠴᠠᠩᠭᠤᠢ ᠬᠦᠭᠵᠢᠯᠳᠡ ᠶᠢᠨ ᠰᠢᠨ᠎ᠡ ᠬᠠᠭᠤᠳᠠᠰᠤ ᠶᠢ ᠰᠡᠬᠦᠪᠡ | ᠥᠪᠡᠷᠮᠢᠴᠡ ᠣᠨᠴᠠᠯᠢᠭ ᠲᠠᠢ ᠰᠣᠶᠣᠯ ᠲᠠᠮᠢᠷ ᠤᠨ ᠰᠢᠷᠢᠰ ᠠᠵᠢᠯᠯᠠᠭ᠎ᠠ ᠶᠢ ᠦᠷᠨᠢᠬᠦᠯᠵᠦ᠂ ᠤᠯᠠᠮᠵᠢᠯᠠᠯᠲᠤ | ᠤᠷᠤᠯᠳᠤᠭᠠᠨ᠂ ᠰᠣᠨᠢᠷᠬᠠᠯᠲᠤ ᠤᠷᠤᠯᠳᠤᠭᠠᠨ ᠵᠡᠷᠭᠡ ᠬᠡᠯᠪᠡᠷᠢ ᠪᠠᠷ ᠡᠯ᠎ᠡ ᠮᠠᠯᠴᠢᠨ ᠲᠦᠮᠡᠨ ᠢ ᠢᠳᠡᠪᠬᠢᠲᠡᠢ ᠪᠠᠷ | ᠬᠦᠳᠡᠯᠭᠡᠭᠡᠨ ᠳᠤ ᠤᠷᠤᠯᠴᠠᠭᠤᠯᠤᠭᠰᠠᠨ ᠪᠠᠶᠢᠨ᠎ᠠ᠃ ᠤᠷᠤᠯᠳᠤᠭᠠᠨ ᠤ ᠲᠠᠯᠠᠪᠤᠷ ᠲᠤ ᠬᠦᠮᠦᠰ ᠰᠡᠳᠬᠢᠯ ᠰᠠᠨᠠᠭ᠎ᠠ ᠪᠠᠨ | ᠨᠢᠭᠡᠳᠬᠡᠨ᠂ ᠬᠠᠮᠲᠤ ᠪᠠᠷ ᠪᠠᠨ ᠲᠤᠭᠯᠠᠨ ᠮᠥᠷᠥᠶᠢᠴᠡᠵᠦ᠂ ᠠᠵᠢᠯᠯᠠᠭ᠎ᠠ ᠶᠢᠨ ᠲᠣᠭᠤᠷᠢᠭ ᠲᠤ ᠬᠠᠷᠢᠯᠴᠠᠨ | ᠰᠤᠷᠤᠯᠴᠠᠵᠤ᠂ ᠬᠠᠷᠢᠯᠴᠠᠨ ᠬᠠᠪᠰᠤᠷᠠᠨ ᠲᠤᠰᠠᠯᠠᠯᠴᠠᠨ᠎ᠠ᠃ ᠰᠢᠨ᠎ᠡ ᠴᠠᠭ ᠦᠶ᠎ᠡ ᠶᠢᠨ ᠪᠣᠯᠪᠠᠰᠤᠨ ᠤ | ᠦᠢᠯᠡᠳᠦᠯᠭᠡ ᠶᠢᠨ ᠰᠠᠶᠢᠨ ᠲᠤᠷᠠᠴᠤᠳ ᠪᠦᠬᠦ ᠶᠠᠪᠤᠴᠠ ᠳᠤ ᠦᠢᠯᠡᠴᠢᠯᠡᠵᠦ᠂ ᠤᠬᠠᠭᠤᠯᠭ᠎ᠠ ᠶᠢᠨ ᠬᠠᠭᠤᠳᠠᠰᠣ | ᠲᠠᠷᠬᠠᠭᠠᠬᠤ᠂ ᠮᠡᠳᠡᠯᠭᠡ ᠶᠢᠨ ᠠᠰᠠᠭᠤᠯᠲᠠ ᠬᠠᠷᠢᠭᠤᠯᠲᠠ ᠶᠢ ᠵᠣᠬᠢᠶᠠᠨ ᠪᠠᠶᠢᠭᠤᠯᠬᠤ ᠵᠡᠷᠭᠡ ᠠᠷᠭ᠎ᠠ ᠬᠡᠯᠪᠡᠷᠢ ᠪᠠᠷ | ᠦᠨᠳᠦᠰᠦᠲᠡᠨ ᠤ ᠪᠦᠯᠬᠦᠮᠳᠡᠯ ᠤᠨ ᠣᠶᠢᠯᠠᠭᠠᠭᠳᠠᠬᠤᠨ ᠢ ᠲᠦᠭᠡᠮᠡᠯᠵᠢᠬᠦᠯᠪᠡ᠃ ᠣᠨᠴᠠᠯᠢᠭᠲᠤ ᠰᠣᠶᠣᠯ ᠪᠡᠶ᠎ᠡ ᠶᠢᠨ | ᠲᠠᠮᠢᠷ ᠤᠨ ᠠᠵᠢᠯᠯᠠᠭ᠎ᠠ ᠨᠢ ᠤᠯᠠᠨ ᠲᠦᠮᠡᠨ ᠤ ᠣᠷᠣᠯᠴᠠᠬᠤ ᠤᠷᠮ᠎ᠠ ᠵᠣᠷᠢᠭ ᠢ ᠬᠥᠭᠵᠢᠭᠡᠭᠰᠡᠨ ᠢᠶᠠᠷ ᠪᠠᠷᠠᠬᠤ ᠦᠭᠡᠢ᠂ | ᠨᠡᠩ ᠴᠤ ᠦᠨᠳᠦᠰᠦᠲᠡᠨ ᠨᠦᠭᠦᠳ ᠤᠨ ᠬᠠᠮᠵᠢᠯᠴᠠᠬᠤ ᠪᠠ ᠢᠨᠢᠶᠡᠯᠴᠡᠬᠦ ᠳᠤᠮᠳᠠ ᠣᠶᠢᠯᠠᠭᠠᠯᠴᠠᠭ᠎ᠠ ᠪᠠᠨ | ᠨᠡᠮᠡᠭᠳᠡᠭᠦᠯᠵᠦ᠂ ᠨᠥᠬᠦᠷᠯᠡᠯ ᠢᠶᠠᠨ ᠭᠦᠨᠵᠡᠭᠡᠶᠢᠷᠡᠭᠦᠯᠵᠦ᠂ ᠪᠦᠯᠬᠦᠮᠳᠠᠯ ᠲᠠᠪᠰᠢᠯᠲᠠ ᠶᠢᠨ ᠠᠮᠢᠳᠤᠯᠢᠭ ᠵᠢᠷᠤᠭᠯᠠᠯ | ᠪᠣᠯᠤᠭᠰᠠᠨ ᠪᠠᠶᠢᠨ᠎ᠠ᠃ | ᠭᠤᠷᠪᠠ᠂ ︽ᠠᠬᠤᠢ ᠲᠠᠯᠠᠪᠠᠢ ᠳᠤ ᠨᠢᠭᠡ ᠡᠳᠦᠷ ᠠᠯᠪᠠᠯᠠᠬᠤ ︾ ᠬᠦᠳᠡᠯᠭᠡᠭᠡᠨ ᠢ ᠦᠷᠨᠢᠬᠦᠯᠵᠦ᠂ ᠤᠯᠠᠨ | ᠲᠦᠮᠡᠨ ᠲᠤ ᠦᠢᠯᠠᠴᠢᠯᠡᠬᠦ ᠤᠠᠭ ᠰᠠᠨᠠᠭ᠎ᠠ ᠶᠢ ᠦᠢᠯᠡᠳᠦᠯᠡᠭᠵᠢᠬᠦᠯᠪᠡ | ᠪᠠᠯᠭᠠᠰᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠨᠢ ᠪᠠᠯᠭᠠᠰᠤᠨ ᠤ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ᠂ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ᠂ ᠲᠣᠮᠢᠯᠠᠭᠰᠠᠨ ᠰᠠᠯᠪᠤᠷᠢ᠂ | ᠬᠠᠤᠯᠢ ᠴᠠᠭᠠᠵᠠ ᠶᠢᠨ ᠰᠠᠯᠪᠤᠷᠢ ᠲᠠᠢ ᠬᠤᠯᠪᠤᠭᠠᠯᠠᠵᠤ ︽ᠠᠬᠤᠢ ᠲᠠᠯᠠᠪᠠᠢ ᠳᠤ ᠨᠢᠭᠡ ᠡᠳᠦᠷ ᠠᠯᠪᠠᠯᠠᠬᠤ︾ | ᠠᠵᠢᠯᠯᠠᠭ᠎ᠠ ᠥᠷᠨᠢᠭᠦᠯᠵᠦ᠂ ᠦᠢᠯᠡᠴᠢᠯᠡᠭᠡᠨ ᠤ ᠬᠦᠷᠢᠶ᠎ᠡ ᠬᠡᠪᠴᠢᠶ᠎ᠡ ᠶᠢ ᠣᠯᠠᠨ ᠲᠦᠮᠡᠨ ᠤ ᠳᠡᠷᠭᠡᠳᠡ ᠬᠦᠷᠲᠡᠯ᠎ᠡ | ᠥᠷᠭᠡᠳᠬᠡᠪᠡ᠃ ᠲᠤᠬᠠᠢ ᠶᠢᠨ ᠲᠠᠯᠠᠪᠤᠷ ᠲᠤ᠂ ᠡᠮᠴᠢ ᠰᠤᠪᠢᠯᠠᠭᠴᠢᠳ ᠣᠯᠠᠨ ᠲᠦᠮᠡᠨ ᠳᠤ ᠰᠦᠢᠳᠬᠡᠯ ᠬᠤᠷᠢᠶᠠᠬᠤ | ᠦᠭᠡᠢ ᠪᠠᠷ ᠪᠡᠶ᠎ᠡ ᠶᠢᠨ ᠪᠠᠶᠢᠴᠠᠭᠠᠯᠲᠠ ᠬᠢᠵᠦ᠂ ᠡᠷᠡᠭᠦᠯ ᠮᠡᠨᠳᠦ ᠶᠢᠨ ᠵᠦᠪᠯᠡᠯᠭᠡ ᠬᠠᠩᠭᠠᠵᠤ ᠠᠷᠠᠳ ᠤᠨ ᠴᠠᠭᠳᠠᠭ᠎ᠠ | ᠠᠴᠠ ᠡᠷᠦᠬᠡ ᠠᠮᠠ ᠶᠢᠨ ᠲᠠᠩᠰᠠ ᠶᠢᠨ ᠲᠤᠬᠠᠶᠢᠯᠠᠭᠰᠠᠨ ᠠᠵᠢᠯ ᠢ ᠬᠦᠢᠴᠡᠳᠬᠡᠬᠦ ᠶᠢᠨ ᠬᠠᠮᠲᠦ ᠮᠡᠬᠡᠯᠡᠬᠦ ᠶᠢ | ᠡᠰᠡᠷᠭᠦᠴᠡᠬᠦ ᠮᠡᠳᠡᠯᠭᠡ ᠶᠢ ᠤᠬᠠᠭᠤᠯᠤᠨ ᠲᠠᠶᠢᠯᠪᠤᠷᠢᠯᠠᠪᠠ︔ ᠬᠠᠤᠯᠢ ᠴᠠᠭᠠᠵᠠ ᠶᠢᠨ ᠰᠠᠯᠪᠤᠷᠢ ᠶᠢᠨ ᠠᠵᠢᠯᠲᠠᠨ ᠬᠠᠤᠯᠢ | ᠴᠠᠭᠠᠵᠠ ᠶᠢᠨ ᠵᠥᠪᠯᠡᠯᠭᠡ ᠬᠠᠩᠭᠠᠵᠤ᠂ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ | ᠤᠬᠠᠭᠤᠯᠭ᠎ᠠ ᠥᠷᠨᠢᠭᠦᠯᠪᠡ᠃ ᠪᠠᠯᠭᠠᠰᠤᠨ ᠤ ᠺᠠᠳ᠋ᠷ ᠲᠤᠰᠬᠠᠢ ᠵᠥᠪᠯᠡᠯᠭᠡ ᠥᠭᠴᠦ ᠤᠬᠠᠭᠤᠯᠬᠤ ᠭᠠᠵᠠᠷ ᠭᠠᠷᠭᠠᠵᠤ᠂ | ᠠᠵᠢᠯ ᠣᠯᠭᠤᠯᠲᠠ᠂ ᠨᠡᠶᠢᠭᠡᠮ ᠤᠨ ᠪᠠᠲᠤᠯᠠᠭ᠎ᠠ᠂ ᠮᠠᠯ ᠪᠡᠯᠴᠢᠭᠡᠷ ᠤᠨ ᠲᠡᠩᠴᠡᠭᠦᠷᠢ ᠶᠢ ᠪᠠᠲᠤᠯᠠᠬᠤ᠂ ᠠᠮᠢᠲᠠᠨ ᠤ | ᠬᠢᠵᠢᠭ ᠢ ᠰᠡᠷᠭᠡᠶᠢᠯᠡᠬᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠡᠷᠭᠡ ᠤᠯᠠᠨ ᠲᠦᠮᠡᠨ ᠤ | ᠦᠢᠯᠡᠳᠪᠦᠷᠢᠯᠡᠯ ᠠᠮᠢᠳᠤᠷᠠᠯ ᠲᠠᠢ ᠬᠤᠯᠪᠣᠭᠳᠠᠬᠤ ᠠᠰᠠᠭᠤᠳᠠᠯ ᠢ ᠤᠬᠠᠭᠤᠯᠤᠨ ᠲᠠᠶᠢᠯᠪᠤᠷᠢᠯᠠᠪᠠ᠃ ᠠᠷᠠᠳ ᠤᠨ | ᠲᠦᠯᠦᠭᠡᠯᠡᠭᠴᠢᠳ ᠰᠤᠩᠭᠤᠭᠤᠯᠢ ᠶᠢᠨ ᠠᠷᠠᠳ ᠲᠠᠢ ᠬᠠᠷᠢᠯᠴᠠᠬᠤ ᠠᠵᠢᠯ ᠦᠷᠨᠢᠭᠦᠯᠵᠦ᠂ ᠰᠠᠭᠤᠷᠢ ᠪᠦᠳᠦᠭᠡᠨ | ᠪᠠᠶᠢᠭᠤᠯᠤᠯᠳᠠ᠂ ᠦᠨᠳᠦᠰᠦᠳᠡᠨ ᠤ ᠲᠦᠷᠤ ᠶᠢᠨ ᠪᠤᠳᠣᠯᠭ᠎ᠠ ᠶᠢᠨ ᠳᠤᠭᠤᠰᠢᠯᠠᠭᠤᠯᠬᠤ᠂ ᠨᠠᠶᠢᠳᠠ ᠶᠢᠨ | ᠦᠢᠯᠡᠴᠢᠯᠡᠯᠭᠡ ᠶᠢᠨ ᠨᠠᠶᠢᠳᠠᠪᠤᠷᠢᠵᠢᠭᠤᠯᠬᠤ ᠵᠡᠷᠭᠡ ᠲᠠᠯ᠎ᠠ ᠶᠢᠨ ᠰᠠᠨᠠᠯ ᠰᠠᠨᠠᠭᠤᠯᠭ᠎ᠠ ᠶᠢᠨ ᠬᠤᠷᠢᠶᠠᠨ ᠠᠪᠴᠤ᠂ | ᠠᠷᠠᠳ ᠤᠨ ᠲᠦᠯᠦᠭᠡᠯᠡᠭᠴᠢ ᠶᠢᠨ ᠡᠭᠦᠷᠭᠡ ᠬᠠᠷᠢᠴᠠᠭᠤᠯᠭ᠎ᠠ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ | ᠲᠦᠷᠢᠮ ᠢ ᠲᠠᠶᠢᠯᠪᠤᠷᠢᠯᠠᠨ᠂ ᠰᠤᠩᠭᠤᠭᠤᠯᠢ ᠶᠢᠨ ᠠᠷᠠᠳ ᠢ ᠦᠨᠳᠦᠰᠦᠨ ᠱᠠᠳᠤᠨ ᠤ ᠵᠠᠰᠠᠯᠲᠠ ᠪᠤᠯᠤᠨ | ᠠᠷᠠᠳᠴᠢᠯᠠᠯ ᠢᠶᠠᠷ ᠬᠢᠨᠠᠯᠳᠠ ᠲᠠᠯᠪᠢᠬᠤ ᠳᠤ ᠢᠳᠡᠪᠬᠢᠳᠡᠢ ᠤᠷᠤᠯᠴᠠᠬᠤ ᠶᠢ ᠵᠤᠷᠢᠭᠵᠢᠭᠤᠯᠪᠠ᠃ | ︽ᠨᠢᠭᠡ ᠦᠷᠳᠡᠭᠡᠴᠢᠯᠡᠭᠰᠡᠨ︾ ᠦᠢᠯᠡᠴᠢᠯᠡᠭᠡ ᠨᠢ ᠣᠯᠠᠨ ᠲᠦᠮᠡᠨ ᠤ ᠬᠦᠴᠢᠷ ᠠᠰᠠᠭᠤᠳᠠᠯ ᠢ ᠦᠨᠡᠨᠬᠦ | ᠰᠢᠢᠳᠪᠦᠷᠢᠯᠡᠵᠦ᠂ ᠡᠷᠡᠭᠦᠯ ᠮᠡᠨᠳᠦ ᠶᠢᠨ ᠬᠠᠯᠠᠮᠵᠢᠯᠠᠯ ᠠᠴᠠ ᠬᠠᠤᠯᠢ ᠴᠠᠭᠠᠵᠠ ᠶᠢᠨ ᠪᠠᠲᠤᠯᠠᠭ᠎ᠠ ᠬᠦᠷᠲᠡᠯ᠎ᠡ᠂ | ᠲᠤᠬᠠᠶᠢᠯᠠᠭᠰᠠᠨ ᠠᠵᠢᠯ ᠤᠨ ᠭᠦᠢᠴᠡᠳᠬᠡᠯ ᠠᠴᠠ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠬᠦᠷᠲᠡᠯ᠎ᠡ᠂ ᠣᠯᠠᠨ | ᠰᠠᠯᠠᠭ᠎ᠠ ᠮᠥᠴᠢᠷ ᠬᠠᠮᠵᠢᠯᠴᠠᠨ ᠬᠦᠴᠦᠯᠡᠵᠦ᠂ ︽ᠠᠬᠤᠢ ᠲᠠᠯᠠᠪᠠᠢ ᠳᠤ ᠨᠢᠭᠡ ᠡᠳᠦᠷ ᠠᠯᠪᠠᠯᠠᠬᠤ︾ ᠶᠢ ᠨᠠᠮ ᠪᠠ | ᠣᠯᠠᠨ ᠲᠦᠮᠡᠨ ᠤ ᠰᠡᠳᠬᠢᠯ ᠵᠢᠷᠦᠬᠡ ᠪᠠᠨ ᠬᠤᠯᠪᠣᠬᠤ᠂ ᠦᠨᠳᠦᠰᠦᠲᠡᠨ ᠤ ᠪᠦᠯᠬᠦᠮᠳᠡᠯ ᠤᠨ ᠰᠡᠳᠬᠢᠯ ᠢ | ᠳᠤᠯᠠᠭᠠᠴᠠᠭᠤᠯᠬᠤ ᠦᠢᠯᠡᠳᠦᠯᠭᠡ ᠪᠣᠯᠭᠠᠵᠤ᠂ ᠣᠯᠠᠨ ᠲᠦᠮᠡᠨ ᠤ ᠬᠦᠷᠲᠡᠮᠵᠢ ᠶᠢᠨ ᠲᠥᠷᠥᠭᠳᠡᠯ ᠪᠠ ᠵᠣᠯ ᠵᠢᠷᠭᠠᠯ ᠤᠨ | ᠲᠥᠷᠥᠭᠳᠡᠯ ᠢ ᠲᠠᠰᠤᠷᠠᠯᠲᠠ ᠦᠭᠡᠢ ᠳᠡᠭᠡᠭᠰᠢᠯᠡᠭᠦᠯᠦᠭᠰᠡᠨ ᠪᠠᠶᠢᠨ᠎ᠠ᠃ | ᠲᠠᠭᠤᠲᠤᠨᠠᠭᠤᠷ ᠪᠠᠯᠭᠠᠰᠤᠨ ᠤ ︽ᠦᠨᠳᠦᠰᠦᠲᠡᠨ ᠤ ᠲᠦᠷᠦ ᠶᠢᠨ ᠪᠤᠳᠤᠯᠭ᠎ᠠ ᠤᠬᠠᠭᠤᠯᠭ᠎ᠠ ᠶᠢᠨ ᠰᠠᠷ᠎ᠠ︾ ᠶᠢᠨ | ᠰᠢᠷᠢᠰ ᠠᠵᠢᠯᠯᠠᠭ᠎ᠠ ᠨᠢ ᠤᠯᠠᠨ ᠰᠠᠯᠠᠭ᠎ᠠ ᠮᠥᠴᠢᠷ ᠬᠠᠮᠳᠤᠷᠠᠯᠴᠠᠨ ᠤᠯᠠᠨ ᠬᠡᠯᠪᠡᠷᠢ ᠪᠠᠷ ᠥᠷᠨᠢᠭᠦᠯᠬᠦ ᠪᠠᠷ | ᠳᠠᠮᠵᠢᠭᠤᠯᠵᠤ᠂ ᠤᠨᠤᠯ ᠤᠨ ᠤᠬᠠᠭᠤᠯᠭ᠎ᠠ᠂ ᠰᠣᠶᠣᠯ ᠤᠯᠠᠮᠵᠢᠯᠠᠯ ᠂ ᠠᠷᠠᠳ ᠲᠤ ᠲᠦᠬᠦᠮ ᠦᠵᠡᠭᠦᠯᠬᠦ | ᠦᠢᠯᠡᠴᠢᠯᠡᠭᠡ ᠶᠢ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠲᠠᠢ ᠭᠦᠨᠵᠡᠭᠡᠢ ᠠᠭᠤᠰᠤᠯᠴᠠᠭᠤᠯᠵᠤ᠂ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠠᠬᠢᠭᠤᠯᠪᠠ᠃ | | ᠳᠠᠷᠠᠭᠠᠴᠢ ᠶᠢᠨ ᠠᠯᠬᠤᠮ ᠳᠤ᠂ ᠲᠠᠭᠤᠲᠤᠨᠠᠭᠤᠷ ᠪᠠᠯᠭᠠᠰᠤ ᠨᠢ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠰᠢᠵᠢᠮ ᠪᠣᠯᠭᠠᠵᠤ᠂ ᠡᠯᠪᠡᠭ ᠪᠠᠶᠠᠯᠢᠭ | ᠠᠭᠤᠯᠭ᠎ᠠ ᠲᠠᠢ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠦᠨᠳᠦᠰᠦᠲᠡᠨ ᠨᠦᠭᠦᠳ ᠤᠨ ᠪᠦᠯᠬᠦᠮᠳᠠᠯ | ᠨᠢᠭᠳᠠᠷᠠᠯ ᠢ ᠠᠬᠢᠭᠤᠯᠵᠤ᠂ ᠦᠨᠳᠦᠰᠦᠲᠡᠨ ᠤ ᠪᠦᠯᠬᠦᠮᠳᠡᠯ᠂ ᠬᠠᠮᠲᠤ ᠶᠢᠨ ᠴᠡᠴᠡᠭᠯᠡᠯᠲᠡ ᠶᠢᠨ ᠰᠢᠨ᠎ᠡ ᠬᠠᠭᠤᠳᠠᠰᠤ ᠶᠢ | ᠬᠠᠮᠲᠤᠪᠠᠷ ᠪᠢᠴᠢᠭᠯᠡᠨ᠎ᠡ︕ |