ᠮᠠᠯ ᠡᠮᠨᠡᠯᠭᠡ ᠶᠢᠨ ᠦᠢᠯᠡᠴᠢᠯᠡᠭᠡᠨ ᠤ ᠬᠠᠮᠤᠷᠬᠤ ᠬᠡᠪᠴᠢᠶ᠎ᠡ ᠶᠢ ᠥᠷᠭᠡᠳᠬᠡᠵᠦ᠂ ᠮᠠᠯ ᠡᠮᠨᠡᠯᠭᠡ ᠶᠢᠨ | ᠮᠡᠷᠭᠡᠵᠢᠯ ᠤᠨ ᠮᠠᠯ ᠠᠵᠤ ᠠᠬᠤᠶ ᠳᠤᠮᠳᠠ ᠲᠤᠯᠭᠠᠭᠤᠷᠢᠯᠠᠬᠤ ᠦᠢᠯᠡᠳᠦᠯ ᠢ ᠲᠠᠰᠤᠷᠠᠯᠲᠠ ᠥᠬᠡᠶ ᠴᠢᠩᠭᠠᠳᠬᠠᠬᠤ ᠶᠢᠨ | ᠲᠥᠯᠥᠭᠡ᠂ 5 ᠰᠠᠷ᠎ᠠ ᠶᠢᠨ 9 ᠤ ᠡᠳᠦᠷ᠂ ᠭᠠᠬᠢᠯ ᠰᠤᠮᠤᠨ ᠤ ᠠᠷᠠᠳ ᠤᠨ ᠵᠠᠰᠠᠭ ᠤᠨ ᠣᠷᠳᠣᠨ ᠬᠢᠭᠡᠳ ᠥᠪᠥᠷ | ᠮᠣᠩᠭᠤᠯ ᠤᠨ ᠶᠡᠭᠡᠰᠠᠶᠢᠨ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠥᠭᠵᠢᠯᠲᠡ ᠶᠢᠨ | ᠬᠢᠵᠠᠭᠠᠷᠲᠤ ᠺᠣᠮᠫᠠᠨᠢ ᠲᠠᠢ ᠬᠠᠮᠲᠤᠷᠠᠯᠴᠠᠭᠠᠨ ᠤ ᠬᠠᠮᠲᠤ ᠶᠢᠨ ᠲᠠᠨᠢᠯᠲᠠ ᠲᠠᠢ ᠪᠣᠯᠵᠣ᠂ ᠮᠠᠯ ᠡᠮᠨᠡᠯᠭᠡ ᠶᠢᠨ | ᠨᠡᠶᠢᠭᠡᠮᠴᠢᠯᠡᠭᠰᠡᠨ ᠦᠢᠯᠡᠴᠡᠯᠡᠭᠡ ᠶᠢ ᠤᠷᠢᠨ ᠬᠡᠷᠡᠭᠯᠡᠬᠦ ᠭᠡᠷ᠎ᠡ ᠲᠣᠭᠲᠠᠬᠤ ᠶᠣᠰᠣᠯᠠᠯ ᠶᠠᠪᠤᠭᠤᠯᠪᠠ᠃ | ᠭᠠᠷ ᠤᠨ ᠦᠰᠦᠭ ᠵᠢᠷᠤᠬᠤ ᠶᠣᠰᠣᠯᠠᠯ ᠳᠡᠭᠡᠷ᠎ᠡ ᠰᠤᠮᠤᠨ ᠤ ᠵᠠᠰᠠᠭ ᠤᠨ ᠤᠷᠳᠦᠨ ᠤ ᠭᠤᠤᠯ ᠤᠳᠤᠷᠢᠳᠤᠯᠭ᠎ᠠ | ᠭᠤᠷᠪᠠᠳᠠᠬᠢ ᠡᠲᠡᠭᠡᠳ ᠤᠨ ᠬᠠᠷᠢᠭᠤᠴᠠᠯᠭᠠᠲᠠᠨ ᠲᠠᠢ ᠰᠠᠨᠠᠯ ᠢᠶᠠᠨ ᠭᠦᠨᠵᠡᠭᠡᠶ ᠰᠣᠯᠢᠯᠴᠠᠵᠤ᠂ ᠬᠤᠶᠠᠷ ᠲᠠᠯ᠎ᠠ ᠪᠠᠷ ᠢᠶᠠᠨ | ᠮᠠᠯ ᠡᠮᠨᠡᠯᠭᠡ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠠᠵᠢᠯ ᠤᠨ ᠳᠤᠮᠳᠠᠬᠢ ᠭᠤᠤᠯ ᠦᠢᠯᠡᠴᠢᠯᠡᠭᠡᠨ ᠤ ᠠᠭᠤᠯᠭ᠎ᠠ᠂ | ᠬᠤᠶᠠᠷ ᠲᠠᠯ᠎ᠠ ᠶᠢᠨ ᠡᠷᠬᠡ ᠪᠠ ᠡᠭᠦᠷᠭᠡ᠂ ᠦᠢᠯᠡᠴᠢᠯᠡᠭᠡᠨ ᠤ ᠵᠠᠷᠤᠳᠠᠯ ᠵᠡᠷᠭᠡ ᠵᠦᠢᠯᠡᠰ ᠤᠨ ᠲᠤᠬᠠᠶ ᠰᠠᠨᠠᠯ | ᠨᠢᠭᠡᠳᠴᠡᠶ᠃ | ᠲᠠᠷᠠᠭᠠᠴᠢ ᠶᠢᠨ ᠠᠯᠬᠤᠮ ᠳᠤ᠂ ᠡᠯ᠎ᠡ ᠵᠦᠢᠯ ᠤᠨ ᠬᠠᠷᠠᠯᠲᠠ ᠡᠭᠦᠷᠭᠡ ᠪᠠᠨ ᠴᠠᠭ ᠲᠤᠬᠠᠶ ᠳᠤᠨᠢ | ᠪᠡᠶᠡᠯᠡᠭᠦᠯᠬᠦ ᠶᠢᠨ ᠲᠥᠯᠥᠭᠡ᠂ ᠮᠠᠨ ᠤ ᠰᠤᠮᠤᠨ ᠤ ᠲᠠᠷᠢᠶᠠᠯᠠᠩ ᠮᠠᠯ ᠠᠵᠤ ᠠᠬᠤᠶ ᠶᠢᠨ ᠮᠡᠷᠭᠡᠵᠢᠯ ᠳᠡᠯᠭᠡᠷᠡᠭᠦᠯᠬᠦ | ᠦᠢᠯᠡᠴᠢᠯᠡᠭᠡᠨ ᠤ ᠲᠥᠪ ᠬᠤᠶᠠᠷ ᠲᠠᠯ᠎ᠠ ᠪᠠᠷ ᠢᠶᠠᠨ ᠲᠣᠭᠲᠠᠭᠰᠠᠨ ᠦᠢᠯᠡᠴᠢᠯᠡᠭᠡᠨ ᠤ ᠭᠡᠷ᠎ᠡ ᠶᠣᠰᠣᠭᠠᠷ᠂ ᠭᠤᠷᠪᠠᠳᠠᠬᠢ | ᠡᠲᠡᠭᠡᠳ ᠲᠠᠢ ᠡᠯ᠎ᠡ ᠭᠠᠴᠠᠭ᠎ᠠ ᠨᠡᠶᠢᠭᠡᠮ ᠲᠣᠭᠤᠷᠢᠭ ᠲᠤ ᠭᠦᠨᠵᠡᠭᠡᠶᠢᠷᠡᠨ ᠮᠠᠯ ᠡᠮᠨᠡᠯᠭᠡ ᠶᠢᠨ ᠨᠡᠶᠢᠭᠡᠮᠴᠢᠯᠡᠭᠰᠡᠨ | ᠦᠢᠯᠡᠴᠢᠯᠡᠭᠡᠨ ᠤ ᠠᠵᠢᠯ ᠢ ᠵᠣᠯᠭᠠᠭᠤᠯᠤᠨ ᠬᠡᠷᠡᠭᠵᠢᠭᠦᠯᠵᠦ᠂ ᠡᠯ᠎ᠡ ᠵᠦᠢᠯ ᠤᠨ ᠡᠬᠢ ᠪᠠᠶᠠᠯᠢᠭ ᠢ ᠤᠯᠠᠮ ᠨᠢᠭᠡ | ᠠᠯᠬᠤᠮ ᠡᠮᠬᠢᠯᠡᠨ ᠨᠡᠶᠢᠯᠡᠭᠦᠯᠵᠦ᠂ ᠰᠢᠯᠢᠳᠡᠭᠵᠢᠭᠦᠯᠵᠦ᠂ ᠮᠠᠯ ᠡᠮᠨᠡᠯᠭᠡ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ | ᠠᠵᠢᠯ ᠢ ᠪᠥᠬᠦ ᠲᠠᠯ᠎ᠠ ᠪᠠᠷ ᠠᠬᠢᠭᠤᠯᠵᠤ᠂ ᠬᠠᠷᠢᠶᠠᠲᠤ ᠣᠷᠣᠨ ᠤ ᠮᠠᠯᠴᠢᠳ ᠲᠤ ᠨᠠᠩ ᠪᠥᠬᠦ ᠲᠠᠯ᠎ᠠ ᠶᠢᠨ᠂ ᠥᠨᠳᠥᠷ | ᠪᠦᠲᠦᠮᠵᠢᠲᠡᠶ ᠮᠠᠯ ᠡᠮᠨᠡᠯᠭᠡ ᠶᠢᠨ ᠦᠢᠯᠡᠴᠢᠯᠡᠩᠡ ᠬᠠᠩᠭᠠᠵᠤ᠂ ᠠᠮᠢᠲᠠᠨ ᠤ ᠬᠢᠵᠢᠭ ᠡᠪᠡᠳᠴᠢᠨ ᠢ ᠤᠷᠢᠳᠴᠢᠯᠠᠨ | ᠰᠡᠷᠭᠡᠶᠢᠯᠡᠬᠦ ᠪᠠ ᠡᠵᠡᠮᠳᠡᠬᠦ ᠠᠵᠢᠯ ᠳᠤ ᠬᠦᠴᠦᠲᠡᠶ ᠪᠠᠲᠤᠯᠠᠭ᠎ᠠ ᠤᠯᠬᠤ ᠶᠢ ᠪᠠᠲᠤᠯᠠᠨ᠎ᠠ᠃ |