ᠭᠠᠬᠢᠯ ᠰᠤᠮᠤᠨ ᠤ  ᠪᠠᠶᠠᠩᠭᠤᠣᠯ ᠭᠠᠴᠠᠭ᠎ᠠ᠄ ᠪᠡᠯᠡ ᠮᠥᠩᠭᠦ ᠴᠤᠭᠯᠠᠭᠤᠯᠤᠨ ᠵᠠᠮ  ᠵᠠᠰᠠᠵᠤ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠨ᠎ᠡ
ᠨᠡᠶᠢᠲᠡᠯᠡᠭᠰᠡᠨ ᠴᠠᠭ᠄
2025/5/26
      ᠤᠯᠤᠰ ᠤᠨ ᠵᠠᠰᠠᠮᠠᠯ ᠵᠠᠮ ᠤᠨ 334 ᠱᠤᠭᠤᠮ ᠤᠨ K1336᠎ ᠠᠴᠠ ᠡᠮᠦᠨᠡᠰᠢ 10  ᠺᠢᠯᠤᠮᠧᠲᠷ ᠦᠷᠭᠦᠯᠵᠢᠯᠡᠭᠰᠡᠨ ᠪᠠᠶᠢᠭᠠᠯᠢ ᠶᠢᠨ ᠵᠠᠮ ᠨᠢ ᠪᠠᠶᠠᠩᠭᠤᠣᠯ ᠭᠠᠴᠠᠭᠠᠨ ᠤ ᠡᠷᠬᠢᠨ ᠲᠣᠭᠤᠷᠢᠨ ᠤ ᠮᠠᠯᠴᠢᠳ ᠤᠨ ᠡᠳᠦᠷ ᠲᠤᠳᠤᠮ ᠤᠨ ᠶᠠᠪᠤᠵᠤ ᠰᠠᠭᠤᠬᠤ ᠪᠠ ᠦᠢᠯᠡᠳᠪᠦᠷᠢᠯᠡᠯ ᠠᠮᠢᠳᠤᠷᠠᠯ ᠤᠨ ᠴᠢᠬᠤᠯᠠ ᠴᠢᠳᠠᠪᠬᠢ ᠶᠢ ᠠᠴᠢᠶᠠᠯᠠᠵᠤ ᠪᠤᠢ᠃ ᠤᠳᠤᠬᠠᠨ ᠳᠤ᠂ ᠬᠡᠳᠦᠶᠢᠪᠡᠷ ᠭᠤᠣᠯ ᠵᠠᠮ ᠨᠢ ᠦᠨᠳᠦᠰᠦᠨ ᠳᠡᠭᠡᠨ ᠰᠠᠭᠠᠳ ᠦᠭᠡᠢ ᠨᠡᠪᠲᠡᠷᠡᠭᠰᠡᠨ ᠪᠣᠯᠪᠠᠴᠤ 5 ᠺᠢᠯᠣᠮᠧᠲᠷ ᠰᠢᠬᠠᠮ ᠬᠡᠰᠡᠭ ᠵᠠᠮ ᠨᠢ ᠤᠳᠠᠭᠠᠨ ᠵᠢᠯ ᠵᠠᠰᠠᠭᠰᠠᠨ ᠦᠭᠡᠢ ᠠᠴᠠ ᠪᠣᠯᠵᠤ᠂ ᠵᠠᠮ ᠤᠨ ᠪᠠᠶᠢᠳᠠᠯ ᠨᠠᠷᠢᠨ ᠪᠤᠳᠤᠯᠢᠶᠠᠨᠲᠠᠢ᠂ ᠪᠣᠷᠣᠭᠠᠨ ᠴᠠᠰᠤ ᠣᠷᠣᠬᠤ ᠪᠦᠷᠢ ᠰᠢᠪᠠᠷ ᠱᠠᠯᠴᠢᠭ ᠲᠠᠢ ᠪᠣᠯᠵᠤ᠂ ᠮᠠᠯᠴᠢᠳ ᠤᠨ ᠶᠠᠪᠤᠵᠤ ᠰᠠᠭᠤᠬᠤ ᠠᠮᠤᠷ ᠲᠦᠪᠰᠢᠨ ᠪᠣᠯᠣᠨ ᠡᠳ᠋ ᠪᠣᠳᠠᠰ  ᠳᠡᠭᠡᠭᠡᠪᠦᠷᠢᠯᠡᠬᠦ ᠦᠷ᠎ᠡ ᠪᠦᠲᠦᠮᠵᠢ ᠶᠢ ᠬᠦᠨᠳᠦ ᠨᠣᠴᠢᠲᠠᠢ ᠨᠥᠯᠥᠭᠡᠯᠡᠵᠦ  ᠪᠠᠶᠢᠳᠠᠭ᠃      ᠡᠨᠡᠬᠦ ᠠᠰᠠᠭᠤᠳᠠᠯ ᠳᠤ ᠬᠠᠨᠳᠤᠭᠤᠯᠤᠨ᠂ ᠭᠠᠴᠠᠭᠠᠨ ᠤ ᠮᠠᠯᠴᠢᠳ ︽ᠬᠡᠨ ᠪᠡᠯᠡ ᠭᠠᠷᠭᠠᠪᠠᠯ ᠬᠡᠨ ᠠᠰᠢᠭ ᠭᠥᠷᠳᠡᠬᠦ︾ ᠵᠠᠷᠴᠢᠮ ᠢ ᠪᠠᠷᠢᠮᠲᠠᠯᠠᠨ᠂ 20 ᠭᠠᠷᠤᠢ ᠮᠠᠯᠴᠢᠨ ᠡᠷᠦᠬᠡ ᠰᠠᠨᠠᠭᠠᠴᠢᠯᠠᠭ᠎ᠠ ᠠᠴᠠ ᠪᠠᠨ ᠬᠦᠳᠡᠯᠦᠯᠴᠡᠵᠦ᠂ ᠨᠡᠶᠢᠲᠡ 7.5 ᠲᠦᠮᠡᠨ ᠲᠥᠭᠦᠷᠢᠭ ᠤᠨ ᠪᠡᠯᠡ ᠮᠥᠩᠭᠦ  ᠴᠤᠭᠯᠠᠭᠤᠯᠤᠨ᠂ ᠵᠠᠮ ᠵᠠᠰᠠᠬᠤ ᠠᠵᠢᠯᠯᠠᠭ᠎ᠠ ᠦᠷᠨᠢᠭᠦᠯᠵᠠᠢ᠃ ᠲᠣᠰ ᠤᠳᠠᠭᠠᠨ ᠤ ᠵᠠᠮ ᠵᠠᠰᠠᠬᠤ ᠠᠵᠢᠯ  ᠎ ᠨᠢ 5 ᠰᠠᠷ᠎ᠠ ᠶᠢᠨ 8᠎ ᠤ ᠡᠳᠦᠷ ᠠᠴᠠ 12᠎ ᠤᠨ ᠡᠳᠦᠷ ᠪᠣᠯᠲᠠᠯ᠎ᠠ ᠨᠡᠶᠢᠲᠡ 5 ᠡᠳᠦᠷ ᠶᠠᠪᠤᠭᠳᠠᠵᠤ᠂ ᠠᠵᠢᠯᠴᠢᠳ 6 ᠠᠴᠢᠶᠠᠨ ᠤ ᠮᠠᠰᠢᠨ᠂ 2 ᠬᠥᠷᠪᠡᠭᠦᠯᠬᠦ ᠮᠠᠰᠢᠨ᠂ 2 ᠤᠳᠬᠤᠭᠤᠷ ᠮᠠᠰᠢᠨ ᠪᠠ 1 ᠵᠠᠮ ᠳᠠᠷᠤᠬᠤ ᠮᠠᠰᠢᠨ ᠬᠡᠷᠡᠭᠯᠡᠵᠦ᠂ 41  ᠲᠡᠷᠭᠡ ᠴᠢᠯᠠᠭᠤᠨ ᠮᠠᠲ᠋ᠧᠷᠢᠶᠠᠯ ᠢ ᠵᠥᠭᠡᠭᠡᠪᠦᠷᠢᠯᠡᠨ ᠬᠦᠷᠭᠡᠵᠦ᠂ ᠲᠣᠰ  ᠬᠡᠰᠡᠭ ᠵᠠᠮ  ᠢ ᠪᠥᠬᠦ ᠲᠠᠯ᠎ᠠ ᠪᠠᠷ ᠰᠡᠯᠪᠢᠨ ᠵᠠᠰᠠᠵᠠᠢ᠃      ᠲᠣᠰ ᠤᠳᠠᠭᠠᠨ ᠤ ᠵᠠᠮ ᠵᠠᠰᠠᠬᠤ ᠠᠵᠢᠯ ᠨᠢ ᠭᠠᠴᠠᠭᠠᠨ ᠤ ᠵᠠᠮ ᠬᠠᠷᠢᠯᠴᠠᠭᠠᠨ ᠤ ᠨᠥᠬᠦᠴᠡᠯ ᠢ ᠪᠦᠲᠦᠮᠵᠢᠲᠡᠶ ᠰᠠᠶᠢᠵᠢᠷᠠᠭᠤᠯᠤᠭᠰᠠᠨ ᠢᠶᠠᠷ ᠪᠠᠷᠠᠬᠤ ᠦᠭᠡᠢ᠂ ᠨᠠᠩ ᠴᠤ ᠮᠠᠯᠴᠢᠳ ᠤᠨ ᠥᠪᠡᠷᠲᠡᠭᠡᠨ ᠵᠠᠰᠠᠬᠤ ᠠᠮᠢᠵᠢᠷᠠᠯ ᠤᠨ ᠬᠦᠴᠦᠨ ᠢ ᠬᠥᠭᠵᠢᠭᠡᠬᠦ ᠠᠮᠢᠳᠤᠯᠢᠭ ᠦᠢᠯᠡᠳᠦᠯᠭᠡ ᠪᠣᠯᠤᠭᠰᠠᠨ ᠪᠠᠶᠢᠨ᠎ᠠ᠃ ᠥᠪᠡᠷᠲᠡᠭᠡᠨ ᠪᠡᠯᠡ ᠮᠥᠩᠭᠦ ᠴᠤᠭᠯᠠᠭᠤᠯᠬᠤ᠂ ᠪᠡᠶ᠎ᠡ ᠪᠠᠨ ᠳᠠᠭᠠᠭᠠᠵᠤ ᠪᠦᠲᠦᠭᠡᠨ ᠪᠠᠶᠢᠭᠤᠯᠬᠤ ᠪᠠᠷ ᠳᠠᠮᠵᠢᠭᠤᠯᠵᠤ᠂ ᠮᠠᠯᠴᠢᠳ ᠪᠣᠳᠠᠲᠤ ᠠᠵᠢᠯᠯᠠᠭ᠎ᠠ ᠪᠠᠷ ᠢᠶᠠᠨ ᠭᠠᠴᠠᠭᠠᠨ ᠤ ᠪᠦᠲᠦᠭᠡᠨ ᠪᠠᠶᠢᠭᠤᠯᠤᠯᠲᠠ ᠳᠤ ᠣᠷᠣᠯᠴᠠᠵᠤ᠂ ᠬᠠᠮᠲᠤᠪᠠᠷ ᠪᠠᠶᠢᠭᠤᠯᠬᠤ᠂ ᠬᠠᠮᠲᠤᠪᠠᠷ ᠵᠠᠰᠠᠬᠤ᠂ ᠬᠠᠮᠲᠤᠪᠠᠷ ᠡᠳ᠋ᠯᠡᠬᠦ ᠮᠠᠯᠵᠢᠬᠤ ᠣᠷᠣᠨ ᠤ ᠨᠡᠶᠢᠭᠡᠮ ᠤᠨ ᠵᠠᠰᠠᠯᠲᠠ ᠶᠢᠨ ᠰᠢᠨ᠎ᠡ ᠪᠠᠶᠢᠷᠢᠰᠢᠯ ᠢ ᠪᠤᠢ ᠪᠣᠯᠭᠠᠬᠤ ᠶᠢ ᠠᠬᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠷᠬᠡᠭ ᠶᠡᠭᠡ ᠳᠣᠲᠣᠭᠠᠳᠤ ᠬᠥᠳᠡᠯᠭᠡᠬᠦ ᠬᠦᠴᠦᠨ ᠨᠡᠮᠡᠷᠢᠯᠡᠪᠡ᠃
 
ᠢᠷᠡᠯᠲᠡ᠄ ᠭᠠᠬᠢᠯ ᠰᠣᠮᠣ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号