ᠡᠵᠢᠨᠠᠭᠤᠷ ᠪᠠᠯᠭᠠᠰᠤᠨ ᠤ ᠵᠠᠯᠠᠭᠤᠴᠤᠳ ᠤᠨ ᠤᠨᠤᠯ  ᠤᠨ ᠰᠣᠷᠣᠯᠴᠠᠬᠤ ᠳᠤᠭᠤᠶᠢᠯᠠᠩ ᠨᠢ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠬᠤ ᠰᠤᠷᠤᠯᠴᠠᠯᠭ᠎ᠠ ᠬᠥᠮᠦᠵᠢᠯ ᠤᠨ ᠲᠤᠰᠬᠠᠢ ᠰᠡᠳᠦᠪᠲᠦ ᠰᠤᠷᠤᠯᠴᠠᠯᠭ᠎ᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/5/26
      ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠬᠤ ᠰᠤᠷᠤᠯᠴᠠᠯᠭ᠎ᠠ ᠬᠥᠮᠦᠵᠢᠯ ᠢ ᠯᠠᠪᠳᠠᠭᠤᠨ ᠪᠠᠲᠤᠲᠠᠢ ᠠᠬᠢᠭᠤᠯᠵᠤ᠂ ᠵᠠᠯᠠᠭᠤ ᠺᠠᠳ᠋ᠷᠴᠤᠳ ᠤᠨ ᠤᠨᠤᠯ ᠢᠶᠠᠷ ᠵᠡᠪᠰᠡᠭᠯᠡᠬᠦ ᠪᠠ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠶᠢᠨ ᠲᠥᠯᠥᠭᠡ᠂ 5 ᠰᠠᠷ᠎ᠠ ᠶᠢᠨ 14᠎ ᠤ ᠡᠳᠦᠷ᠂ ᠡᠵᠢᠨᠠᠭᠤᠷ ᠪᠠᠯᠭᠠᠰᠤᠨ ᠤ ᠵᠠᠯᠠᠭᠤᠴᠤᠳ ᠤᠨ ᠤᠨᠤᠯ ᠰᠤᠷᠤᠯᠴᠠᠬᠤ ᠳᠤᠭᠤᠶᠢᠯᠠᠩ ᠨᠢ ᠲᠥᠪ ᠤᠨ ᠨᠠᠢᠮᠠᠨ ᠳᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ  ᠲᠣᠣᠱᠯᠠᠭᠤᠯᠬᠤ ᠰᠣᠷᠣᠯᠴᠠᠯᠭ᠎ᠠ ᠬᠦᠮᠦᠵᠢᠯ ᠤᠨ ᠳᠣᠰᠬᠠᠢ ᠰᠡᠳᠥᠪᠲᠣ ᠰᠣᠷᠣᠯᠴᠠᠯᠭ᠎ᠠ ᠶᠢᠨ ᠬᠤᠷᠠᠯ ᠬᠤᠷᠠᠯᠳᠣᠭᠤᠯᠪᠠ᠃      ᠬᠤᠷᠠᠯ ᠳᠡᠭᠡᠷ᠎ᠡ᠂ ︽ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢᠬᠢ ᠲᠥᠪ ᠬᠤᠷᠢᠶᠠᠨ ᠤ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠣᠣᠱᠯᠠᠭᠤᠯᠤᠭᠰᠠᠨ ᠦᠷ᠎ᠡ ᠪᠦᠲᠦᠮᠵᠢ ᠪᠠ          ᠲᠤᠷᠰᠢᠯᠭ᠎ᠠ︾᠂ ︽ᠨᠠᠢᠮᠠᠨ ᠲᠣᠭᠲᠠᠭᠠᠯ ᠨᠢ ᠳᠤᠮᠳᠠᠳᠤ ᠤᠯᠤᠰ ᠢ ᠦᠭᠡᠷᠡᠴᠢᠯᠡᠭᠰᠡᠨ︾᠂ ᠲᠥᠪ ᠬᠤᠷᠢᠶᠠᠨ ᠤ ᠨᠠᠢᠮᠠᠨ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠠᠴᠠ ᠵᠥᠷᠢᠴᠡᠭᠰᠡᠨ ᠨᠡᠶᠢᠲᠡᠯᠢᠭ ᠬᠡᠷᠡᠭ‌ᠵᠢᠱᠢᠶ᠎ᠡ ᠵᠡᠷᠭᠡ ᠠᠭᠤᠯᠭ᠎ᠠ ᠶᠢ  ᠰᠤᠷᠤᠯᠴᠠᠪᠠ᠃      ᠬᠤᠷᠠᠯ ᠠᠴᠠ᠂ ᠵᠠᠯᠠᠭᠤ ᠺᠠᠳ᠋ᠷᠴᠤᠳ ᠤᠯᠤᠰ ᠲᠦᠷᠦ ᠶᠢᠨ ᠵᠣᠭᠰᠣᠴᠠ ᠪᠠᠨ ᠦᠨᠡᠨᠬᠦ ᠳᠡᠭᠡᠭᠰᠢᠯᠡᠭᠦᠯᠵᠦ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠣᠣᠱᠢᠯᠠᠭᠤᠯᠵᠣ᠂ ᠰᠤᠷᠤᠯᠴᠠᠯᠭ᠎ᠠ ᠶᠢ ᠥᠷᠨᠢᠭᠦᠯᠵᠦ  ᠂ ᠲᠤᠰ ᠪᠡᠶ᠎ᠡ ᠶᠢᠨ ᠰᠤᠷᠲᠠᠯ ᠤᠨ ᠲᠠᠯ᠎ᠠ ᠪᠠᠷ ᠣᠷᠣᠰᠢᠵᠤ ᠪᠠᠶᠢᠭ᠎ᠠ ᠳᠣᠲᠠᠭᠳᠠᠯ ᠪᠠ ᠬᠦᠷᠦᠯᠴᠡᠬᠦ ᠦᠭᠡᠢ ᠲᠠᠯ᠎ᠠ ᠪᠠᠨ ᠪᠠᠶᠢᠴᠠᠭᠠᠨ ᠳᠡᠯᠭᠡᠵᠦ᠂ ᠨᠢᠭᠡ ᠠᠴᠠ ᠵᠦᠢᠴᠢᠯᠡᠵᠦ ᠨᠦᠬᠦᠭᠡ ᠶᠢ ᠮᠡᠳᠡᠵᠦ᠂ ᠡᠭᠦᠨ ᠢᠶᠠᠷ ᠴᠡᠭᠡᠷᠯᠡᠯ  ᠪᠣᠯᠭᠠᠨ᠂  ᠪᠣᠳᠠᠲᠠᠢ ᠰᠠᠶᠢᠵᠢᠷᠠᠭᠤᠯᠬᠤ ᠬᠡᠷᠡᠭᠲᠡᠢ᠃
 
ᠢᠷᠡᠯᠲᠡ᠄ ᠡᠵᠢᠨᠠᠭᠤᠷ ᠪᠠᠯᠭᠠᠰᠣ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号