ᠡᠵᠢᠨᠠᠭᠤᠷ ᠪᠠᠯᠭᠠᠰᠤ ᠨᠢ ᠣᠯᠠᠨ ᠵᠦᠢᠯ ᠤᠨ ᠠᠷᠭ᠎ᠠ ᠬᠡᠯᠪᠡᠷᠢ ᠪᠠᠷ ︽5.12 ᠡᠳᠦᠷ ᠤᠨ ᠭᠠᠮᠰᠢᠭ ᠠᠴᠠ ᠰᠡᠷᠭᠡᠶᠢᠯᠡᠵᠦ ᠭᠠᠮᠰᠢᠭ ᠢ ᠪᠠᠭᠠᠰᠬᠠᠬᠤ ᠡᠳᠦᠷ︾᠎ ᠤᠨ ᠤᠬᠠᠭᠤᠯᠭ᠎ᠠ ᠶᠢᠨ ᠭᠠᠷᠠᠭ ᠤᠨ ᠠᠵᠢᠯᠯᠠᠭ᠎ᠠ ᠶᠢ ᠥᠷᠨᠢᠭᠦᠯᠪᠡ
ᠨᠡᠶᠢᠲᠡᠯᠡᠭᠰᠡᠨ ᠴᠠᠭ᠄
2025/5/26
      ᠡᠵᠢᠨᠠᠭᠤᠷ ᠪᠠᠯᠭᠠᠰᠤ ᠨᠢ ︽ᠬᠥᠮᠦᠨ ᠪᠦᠬᠦᠨ ᠠᠮᠤᠷ ᠲᠦᠪᠰᠢᠨ ᠢ ᠡᠷᠬᠢᠮᠯᠡᠵᠦ᠂ ᠬᠥᠮᠦᠨ ᠪᠦᠬᠦᠨ ᠪᠠᠴᠢᠮ ᠪᠠᠶᠢᠳᠠᠯ ᠢ ᠠᠷᠭᠠᠴᠠᠬᠤ ᠴᠢᠳᠠᠪᠤᠷᠢ ᠲᠠᠢ ᠪᠣᠯᠬᠤ — ᠭᠠᠮᠰᠢᠭ ᠤᠨ ᠬᠡᠮ ᠰᠣᠭᠤᠭ ᠢ ᠵᠢᠭᠰᠠᠭᠠᠨ ᠪᠠᠶᠢᠴᠠᠭᠠᠬᠤ︾ ᠭᠤᠤᠯ ᠰᠡᠳᠦᠪ ᠢᠶᠠᠷ ︽5.12 ᠡᠳᠦᠷ ᠤᠨ ᠭᠠᠮᠰᠢᠭ ᠠᠴᠠ ᠰᠡᠷᠭᠡᠶᠢᠯᠡᠵᠦ ᠭᠠᠮᠰᠢᠭ ᠢ ᠪᠠᠭᠠᠰᠬᠠᠬᠤ ᠡᠳᠦᠷ︾᠎ ᠤᠨ ᠤᠬᠠᠭᠤᠯᠭ᠎ᠠ ᠶᠢᠨ ᠭᠠᠷᠠᠭ ᠤᠨ ᠰᠢᠷᠢᠰ ᠠᠵᠢᠯᠯᠠᠭ᠎ᠠ ᠶᠢ ᠥᠷᠨᠢᠭᠦᠯᠵᠦ᠂  ᠪᠥᠬᠦ ᠠᠷᠠᠳ ᠤᠨ ᠭᠠᠮᠰᠢᠭ ᠎ ᠠᠴᠠ ᠰᠡᠷᠭᠡᠶᠢᠯᠡᠵᠦ ᠭᠠᠮᠰᠢᠭ ᠢ ᠪᠠᠭᠠᠰᠬᠠᠬᠤ ᠤᠬᠠᠮᠰᠠᠷ ᠪᠠ ᠪᠠᠴᠢᠮ ᠪᠠᠶᠢᠳᠠᠯ ᠢ ᠠᠷᠭᠠᠴᠠᠬᠤ ᠴᠢᠳᠠᠪᠤᠷᠢ ᠶᠢ ᠪᠦᠲᠦᠮᠵᠢᠲᠡᠶ ᠳᠡᠭᠡᠭᠰᠢᠯᠡᠭᠦᠯᠪᠡ᠃      ᠨᠢᠭᠡ ᠳᠤ᠂ ᠰᠡᠷᠡᠮᠵᠢᠯᠡᠭᠦᠯᠬᠦ ᠬᠥᠮᠦᠵᠢᠯ ᠤᠨ ᠹᠢᠯᠢᠮ ᠢ ᠲᠥᠪᠯᠡᠷᠡᠭᠦᠯᠦᠨ ᠦᠵᠡᠪᠡ᠃ ᠪᠠᠯᠭᠠᠰᠤᠨ ᠤ ᠤᠳᠤᠷᠢᠳᠤᠯᠭ᠎ᠠ ᠺᠠᠳ᠋ᠷᠴᠤᠳ ᠢ ᠵᠣᠬᠢᠶᠠᠨ ᠪᠠᠶᠢᠭᠤᠯᠤᠨ ᠭᠠᠮᠰᠢᠭ ᠠᠴᠠ ᠰᠡᠷᠭᠡᠶᠢᠯᠡᠨ ᠭᠠᠮᠰᠢᠭ ᠢ ᠪᠠᠭᠠᠰᠬᠠᠬᠤ ᠰᠡᠷᠡᠮᠵᠢᠯᠡᠭᠦᠯᠬᠦ ᠬᠥᠮᠦᠵᠢᠯ ᠤᠨ ᠹᠢᠯᠢᠮ ᠢ ᠲᠥᠪᠯᠡᠷᠡᠭᠦᠯᠦᠨ ᠦᠵᠡᠪᠡ᠃ ᠹᠢᠯᠢᠮ ᠨᠢ ᠦᠨᠡᠨ ᠪᠣᠳᠠᠲᠠᠶ ᠭᠠᠶ ᠭᠠᠮᠰᠢᠭ ᠤᠨ ᠬᠡᠷᠡᠭ ᠤᠨ ᠵᠢᠱᠢᠶ᠎ᠡ ᠶᠢ ᠡᠷᠭᠢᠴᠡᠭᠦᠯᠦᠨ ᠪᠤᠳᠤᠬᠤ ᠵᠢᠴᠢ ᠪᠠᠴᠢᠮ ᠪᠠᠶᠢᠳᠠᠯ ᠢ ᠠᠷᠭᠠᠴᠠᠬᠤ ᠠᠶᠤᠯ ᠠᠴᠠ ᠵᠠᠶᠢᠯᠠᠬᠤ ᠺᠠᠷᠲ᠋ᠣᠨ ᠦᠵᠡᠭᠦᠯᠦᠯᠭᠡ ᠪᠠᠷ ᠳᠡᠮᠵᠢᠨ᠂ ᠭᠠᠵᠠᠷ ᠬᠥᠳᠡᠯᠦᠯᠲᠡ᠂ ᠭᠠᠯ ᠤᠨ ᠠᠶᠤᠯ᠂ ᠦᠶᠡᠷ ᠤᠰᠤᠳᠤᠯ ᠵᠡᠷᠭᠡ ᠭᠠᠶ ᠭᠠᠮᠰᠢᠭ ᠤᠨ ᠭᠡᠨᠡᠳᠲᠡ ᠶᠢᠨ ᠴᠢᠨᠠᠷ ᠪᠠ ᠡᠪᠳᠡᠯᠡᠭᠡ ᠶᠢᠨ ᠬᠦᠴᠦᠨ ᠢ ᠠᠮᠢᠳᠤᠯᠢᠭ ᠢᠶᠠᠷ ᠢᠯᠡᠷᠡᠭᠦᠯᠵᠦ᠂ ᠣᠨᠴᠠᠭᠠᠶᠢᠯᠠᠨ ᠮᠠᠯᠵᠢᠬᠤ ᠣᠷᠣᠨ ᠳᠤ ᠪᠠᠶᠢᠩᠭᠤ ᠲᠣᠬᠢᠶᠠᠯᠳᠤᠳᠠᠭ ᠣᠨᠴᠠᠭᠠᠶ ᠴᠠᠭ ᠠᠭᠤᠷ ᠲᠤ ᠭᠤᠤᠯᠳᠠᠯᠭ᠎ᠠ ᠲᠠᠢ ᠵᠠᠳᠠᠯᠤᠯᠲᠠ ᠬᠢᠭᠰᠡᠨ ᠪᠠᠶᠢᠨ᠎ᠠ᠃      ᠬᠤᠶᠠᠷ ᠲᠤ᠂ ᠮᠡᠳᠡᠯᠭᠡ ᠶᠢᠨ ᠤᠷᠤᠯᠳᠤᠭᠠᠨ ᠦᠷᠨᠢᠭᠦᠯᠪᠡ᠃ ᠮᠡᠳᠡᠯᠭᠡ ᠶᠢᠨ ᠤᠷᠤᠯᠳᠤᠭᠠᠨ ᠨᠢ ᠭᠠᠮᠰᠢᠭ ᠎ ᠠᠴᠠ ᠤᠷᠢᠳᠴᠢᠯᠠᠨ ᠰᠡᠷᠭᠡᠶᠢᠯᠡᠬᠦ᠂ ᠭᠠᠮᠰᠢᠭ ᠢ ᠠᠷᠭᠠᠴᠠᠬᠤ ᠵᠡᠷᠭᠡ ᠪᠣᠳᠠᠲᠤ ᠬᠡᠷᠡᠭᠯᠡᠭᠡᠨ ᠤ ᠮᠡᠳᠡᠯᠭᠡ ᠶᠢ ᠬᠠᠮᠤᠷᠴᠠᠢ᠃ ᠪᠠᠶᠢᠭᠤᠯᠤᠯᠭ᠎ᠠ ᠶᠢᠨ ᠤᠳᠤᠷᠢᠳᠤᠯᠭ᠎ᠠ ᠺᠠᠳ᠋ᠷᠴᠤᠳ ᠢᠳᠡᠪᠬᠢᠲᠡᠢ ᠣᠷᠤᠯᠴᠠᠵᠤ᠂ ᠲᠤᠬᠠᠢ ᠶᠢᠨ ᠲᠠᠯᠠᠪᠤᠷ ᠎ ᠲᠤ ︽ᠤᠷᠤᠯᠳᠤᠭᠠᠨ ᠢᠶᠠᠷ ᠪᠣᠯᠪᠠᠰᠤᠷᠠᠯ ᠢ ᠳᠠᠶᠢᠴᠢᠯᠠᠬᠤ᠂ ᠪᠦᠬᠦ ᠠᠵᠢᠯᠲᠠᠳ ᠣᠷᠣᠯᠴᠠᠬᠤ︾ ᠠᠮᠢᠳᠤᠯᠢᠭ ᠪᠠᠶᠢᠳᠠᠯ ᠢ ᠪᠤᠢ ᠪᠣᠯᠭᠠᠪᠠ᠃      ᠲᠣᠰ ᠤᠳᠠᠭᠠᠨ ᠤ ᠤᠬᠠᠭᠤᠯᠭ᠎ᠠ ᠶᠢᠨ ᠭᠠᠷᠠᠭ ᠤᠨ ᠠᠵᠢᠯᠯᠠᠭ᠎ᠠ ᠨᠢ ᠭᠠᠮᠰᠢᠭ ᠎ ᠠᠴᠠ ᠰᠡᠷᠭᠡᠶᠢᠯᠡᠵᠦ ᠭᠠᠮᠰᠢᠭ ᠢ ᠪᠠᠭᠠᠰᠬᠠᠬᠤ ᠮᠡᠳᠡᠯᠭᠡ ᠶᠢ ᠰᠢᠰᠲ᠋ᠧᠮ ᠲᠠᠢ ᠲᠦᠭᠡᠮᠡᠯᠵᠢᠭᠦᠯᠵᠦ᠂ ᠨᠠᠩ ᠴᠤ ᠺᠠᠳ᠋ᠷ ᠣᠯᠠᠨ ᠲᠦᠮᠡᠨ ᠤ              ︽ᠲᠦᠭᠰᠢᠭᠦᠷᠢ ᠶᠢ ᠤᠷᠢᠳᠴᠢᠯᠠᠨ ᠮᠠᠭᠠᠳᠯᠠᠵᠤ᠂ ᠳᠠᠯᠳᠠ ᠬᠡᠮ ᠢ ᠡᠷᠲᠡ ᠠᠷᠢᠯᠭᠠᠬᠤ︾ ᠰᠠᠨᠠᠭᠠᠴᠢᠯᠠᠭ᠎ᠠ ᠲᠠᠢ ᠰᠡᠷᠭᠡᠶᠢᠯᠡᠬᠦ ᠰᠡᠳᠬᠢᠬᠦᠶ ᠶᠢ ᠭᠤᠤᠯᠳᠠᠯᠭ᠎ᠠ ᠲᠠᠢ ᠬᠥᠮᠦᠵᠢᠭᠦᠯᠵᠡᠶ᠃
 
ᠢᠷᠡᠯᠲᠡ᠄ ᠡᠵᠢᠨᠠᠭᠤᠷ ᠪᠠᠯᠭᠠᠰᠣ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号