5 ᠰᠠᠷ᠎ᠠ ᠶᠢᠨ 16 ᠤ ᠡᠳᠦᠷ᠂ 2025 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ | ᠲᠥᠷᠥᠯ ᠵᠦᠶᠯ— ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠪᠥᠲᠥᠭᠡᠨ ᠪᠠᠶᠢᠭᠤᠯᠵᠤ ᠣᠷᠴᠢᠨ | ᠲᠣᠭᠤᠷᠢᠨ ᠤ ᠬᠠᠮᠠᠭᠠᠯᠠᠯᠲᠠ ᠶᠢᠨ ᠬᠤᠭ ᠨᠣᠪᠰᠢ ᠶᠢᠨ ᠰᠠᠪᠠ ᠲᠠᠷᠬᠠᠭᠠᠬᠤ ᠶᠣᠰᠣᠯᠠᠯ ᠤᠯᠢᠶᠠᠰᠤᠲᠠᠢ ᠪᠠᠯᠭᠠᠰᠤᠨ ᠤ | ᠡᠩᠬᠡᠵᠢᠷᠭᠠᠯᠠᠩ ᠭᠠᠴᠠᠭ᠎ᠠ ᠳᠤ ᠶᠠᠪᠤᠭᠳᠠᠵᠤ᠂ ᠪᠠᠯᠭᠠᠰᠤᠨ ᠤ ᠨᠠᠮ ᠵᠠᠰᠠᠭ ᠤᠨ ᠤᠳᠤᠷᠢᠳᠬᠤ ᠪᠠᠭ ᠤᠨ | ᠪᠦᠷᠢᠯᠳᠦᠬᠦᠨ᠂ ᠬᠤᠰᠢᠭᠤ ᠪᠠᠯᠭᠠᠰᠤ ᠬᠤᠶᠠᠷ ᠱᠠᠲᠤᠨ ᠤ ᠬᠡᠰᠡᠭ ᠠᠷᠠᠳ ᠤᠨ ᠲᠥᠯᠥᠭᠡᠯᠡᠭᠴᠢ᠂ ᠭᠠᠴᠠᠭᠠᠨ ᠤ | ︽ᠬᠤᠶᠠᠷ ᠵᠥᠪᠯᠡᠯ︾ ᠤᠨ ᠬᠡᠰᠢᠭᠦᠨ᠂ ᠮᠠᠯᠵᠢᠬᠤ ᠡᠷᠦᠬᠡ ᠶᠢᠨ ᠲᠥᠯᠥᠭᠡᠯᠡᠭᠴᠢ ᠠᠵᠢᠯᠯᠠᠭ᠎ᠠ ᠳᠤ ᠤᠷᠤᠯᠴᠠᠵᠠᠢ᠃ | ᠡᠲᠡᠭᠡᠷ ᠬᠤᠭ ᠨᠣᠪᠰᠢ ᠶᠢᠨ ᠰᠠᠪᠠ ᠨᠢ ᠬᠥᠮᠦᠰ ᠤᠨ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ | ᠴᠡᠭᠴᠡᠯᠡᠨ ᠵᠠᠰᠠᠬᠤ ᠬᠠᠲᠠᠭᠤ ᠲᠣᠨᠤᠭ ᠤᠨ ᠲᠤᠯᠭᠠᠭᠤᠷᠢᠯᠠᠯ ᠪᠣᠯᠬᠤ ᠪᠠᠷ ᠪᠠᠷᠠᠬᠤ ᠥᠬᠡᠶ᠂ ᠨᠠᠩ ᠴᠤ ᠮᠠᠯᠴᠢᠳ ᠤᠨ | ᠠᠮᠢᠳᠤᠷᠠᠯ ᠤᠨ ᠶᠠᠰᠤ ᠴᠢᠨᠠᠷ ᠢ ᠲᠠᠰ ᠳᠡᠪᠰᠢᠭᠦᠯᠬᠦ ᠶᠢ ᠳᠠᠶᠢᠴᠢᠯᠠᠬᠤ ᠵᠠᠩᠭᠢᠯᠠᠭ᠎ᠠ ᠶᠢᠨ ᠲᠤᠯᠭᠠᠭᠤᠷᠢᠯᠠᠯ ᠪᠣᠯᠵᠣ᠂ | ᠨᠠᠷᠢᠨ ᠵᠦᠶᠯᠡᠰ ᠤᠨ ᠲᠠᠯ᠎ᠠ ᠪᠠᠷ ᠣᠨᠢᠨ ᠳᠡᠭᠡᠷ᠎ᠡ ᠨᠢ ᠬᠦᠴᠦᠯᠡᠵᠦ᠂ ᠮᠠᠯᠵᠢᠬᠤ ᠣᠷᠣᠨ ᠤ ᠬᠥᠮᠦᠰ ᠤᠨ ᠣᠷᠣᠰᠢᠨ | ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠦᠷ᠎ᠡ ᠪᠦᠲᠦᠮᠵᠢ ᠶᠢ ᠦᠷᠭᠦᠯᠵᠢᠯᠡᠨ ᠪᠠᠬᠢᠵᠢᠭᠦᠯᠵᠦ᠂ | ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠪᠥᠲᠥᠭᠡᠨ ᠪᠠᠶᠢᠭᠤᠯᠤᠯᠲᠠ ᠳᠤ ᠬᠥᠳᠡᠯᠭᠡᠬᠦ ᠡᠨᠧᠷᠭᠢ ᠨᠡᠮᠡᠷᠢᠯᠡᠪᠡ᠃ | | ᠣᠶᠢᠯᠠᠭᠠᠭᠰᠠᠨ ᠢᠶᠠᠷ᠂ ᠤᠯᠢᠶᠠᠰᠤᠲᠠᠢ ᠪᠠᠯᠭᠠᠰᠤ ︽ᠮᠢᠩᠭᠠᠨ ᠭᠠᠴᠠᠭ᠎ᠠ ᠲᠤᠰᠬᠤᠨ ᠵᠢᠱᠢᠶ᠎ᠠ ᠦᠵᠡᠭᠦᠯᠵᠦ᠂ | ᠲᠦᠮᠡᠨ ᠭᠠᠴᠠᠭ᠎ᠠ ᠲᠤᠰᠬᠤᠨ ᠴᠡᠭᠴᠡᠯᠡᠨ ᠵᠠᠰᠠᠬᠤ ᠢᠨᠵᠧᠨᠧᠷᠢᠩ︾ ᠤᠨ ᠲᠤᠷᠰᠢᠯᠭ᠎ᠠ ᠶᠢ ᠭᠦᠨᠵᠡᠭᠡᠢ | ᠦᠢᠯᠡᠳᠦᠯᠭᠡᠵᠢᠭᠦᠯᠵᠦ᠂ ᠣᠷᠣᠰᠢᠨ ᠰᠠᠭᠤᠷᠢᠰᠢᠬᠤ ᠦᠢᠯᠡᠰ ᠪᠤᠰᠬᠠᠬᠤ ᠳᠤ ᠲᠣᠬᠢᠷᠠᠮᠵᠢᠲᠠᠢ ᠪᠠ ᠦᠵᠡᠰᠬᠦᠯᠡᠩᠲᠦ | ᠰᠠᠶᠢᠬᠠᠨ ᠬᠥᠳᠡᠭᠡ ᠲᠣᠰᠬᠤᠨ ᠤ ᠪᠦᠳᠦᠭᠡᠨ ᠪᠠᠶᠢᠭᠤᠯᠤᠯᠲᠠ ᠶᠢ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠪᠦᠬᠦ ᠲᠠᠯ᠎ᠠ ᠪᠠᠷ ᠠᠬᠢᠭᠤᠯᠬᠤ ᠴᠢᠬᠤᠯᠠ ᠡᠭᠦᠷᠭᠡ ᠪᠣᠯᠭᠠᠪᠠ᠃ ᠬᠢᠵᠠᠭᠠᠷ | ᠲᠠᠢ ᠡᠳ᠋ ᠤᠨ ᠵᠠᠰᠠᠭ ᠤᠨ ᠡᠬᠢ ᠪᠠᠶᠠᠯᠢᠭ ᠤᠨ ᠡᠮᠦᠨ᠎ᠡ᠂ ᠠᠷᠠᠳ ᠤᠨ ᠰᠠᠨᠠᠯ ᠢ ᠬᠤᠷᠢᠶᠠᠬᠤ᠂ ᠠᠷᠠᠳᠴᠢᠯᠠᠯ ᠢᠶᠠᠷ | ᠰᠢᠶᠳᠪᠦᠷᠢᠲᠦ ᠪᠣᠳᠣᠯᠭ᠎ᠠ ᠲᠣᠭᠲᠠᠭᠠᠬᠤ᠂ ᠨᠠᠷᠢᠯᠢᠭ ᠣᠨᠣᠪᠴᠢᠲᠠᠶ ᠪᠠᠷ ᠬᠡᠷᠡᠭᠵᠢᠭᠦᠯᠬᠦ ᠪᠦᠲᠦᠮᠵᠢᠲᠡᠶ ᠲᠣᠭᠲᠠᠴᠠ ᠶᠢ | ᠪᠠᠶᠢᠭᠤᠯᠵᠤ᠂ ᠰᠠᠭᠤᠳᠠᠯ ᠤᠨ ᠬᠤᠷᠠᠯ ᠬᠤᠷᠠᠯᠳᠤᠭᠤᠯᠬᠤ᠂ ᠸᠢᠴᠠᠲ ᠲᠠᠪᠴᠠᠩ ᠢᠶᠠᠷ ᠳᠡᠮᠵᠢᠨ ᠰᠠᠨᠠᠯ ᠬᠤᠷᠢᠶᠠᠵᠤ᠂ | ᠪᠠᠶᠢᠩᠭᠤ ᠣᠯᠠᠨ ᠲᠦᠮᠡᠨ ᠤ ᠰᠤᠷᠪᠤᠯᠵᠢᠯᠠᠭ᠎ᠠ ᠶᠢ ᠭᠥᠯᠢᠶᠡᠨ ᠠᠪᠬᠤ᠂ ᠡᠷᠦᠬᠡ ᠳᠤ ᠬᠦᠷᠴᠦ ᠰᠤᠷᠪᠤᠯᠵᠢᠯᠠᠬᠤ ᠵᠡᠷᠭᠡ | ᠠᠷᠭ᠎ᠠ ᠬᠡᠯᠪᠡᠷᠢ ᠪᠠᠷ ᠳᠠᠮᠵᠢᠭᠤᠯᠤᠨ᠂ ᠣᠯᠠᠨ ᠲᠦᠮᠡᠨ ᠤ ᠪᠠᠴᠢᠮ ᠲᠤᠯᠭᠠᠮ᠎ᠠ᠂ ᠬᠦᠴᠢᠷ᠂ ᠵᠣᠪᠠᠭᠤᠷᠢ᠂ ᠬᠦᠰᠡᠯ | ᠡᠷᠡᠮᠡᠯᠵᠡᠯ ᠤᠨ ᠠᠰᠠᠭᠤᠳᠠᠯ ᠢ ᠥᠷᠭᠡᠨ ᠢᠶᠠᠷ ᠬᠤᠷᠢᠶᠠᠨ ᠴᠤᠭᠯᠠᠭᠤᠯᠬᠤ ᠶᠢᠨ ᠬᠠᠮᠲᠤ ᠪᠠᠯᠭᠠᠰᠤᠨ ᠤ ᠳᠥᠷᠪᠡᠳᠦᠭᠡᠷ | ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠢᠷᠭᠤᠳᠤᠭᠠᠷ᠂ ᠨᠠᠶᠮᠠᠳᠤᠭᠠᠷ ᠤᠳᠠᠭᠠᠨ ᠤ | ᠬᠤᠷᠠᠯ ᠢᠶᠠᠷ ᠪᠢᠯᠧᠲ ᠢᠶᠠᠷ ᠰᠢᠶᠳᠪᠦᠷᠢ ᠭᠠᠷᠭᠠᠵᠤ᠂ ᠮᠠᠯᠵᠢᠬᠤ ᠣᠷᠣᠨ ᠤ ᠬᠤᠭ ᠨᠣᠪᠰᠢ ᠶᠢᠨ ᠰᠠᠪᠠ ᠶᠢ | ᠬᠤᠳᠠᠯᠳᠤᠨ ᠠᠪᠬᠤ ᠶᠢ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠶᠯ ᠢᠶᠠᠷ ᠲᠣᠭᠲᠠᠭᠠᠪᠠ᠃ | ᠲᠥᠷᠥᠯ ᠵᠦᠶᠯ ᠨᠢ ᠨᠡᠶᠢᠲᠡ 40 ᠲᠦᠮᠡᠨ ᠲᠥᠭᠦᠷᠢᠭ ᠤᠨ ᠪᠠᠯᠠ ᠣᠷᠣᠭᠤᠯᠵᠤ᠂ ᠪᠦᠯᠦᠭ ᠤᠳᠠᠭ᠎ᠠ ᠬᠤᠪᠢᠶᠠᠨ | ᠪᠥᠬᠦ ᠪᠠᠯᠭᠠᠰᠤᠨ ᠤ 986 ᠡᠷᠦᠬᠡ ᠮᠠᠯᠵᠢᠬᠤ ᠣᠷᠣᠨ ᠤ ᠪᠠᠶᠢᠩᠭᠤ ᠰᠠᠭᠤᠭ᠎ᠠ ᠡᠷᠦᠬᠡ ᠳᠤ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠬᠤᠭ ᠨᠣᠪᠰᠢ ᠶᠢᠨ ᠰᠠᠪᠠ ᠲᠣᠬᠢᠷᠠᠭᠤᠯᠵᠤ᠂《ᠡᠷᠦᠬᠡ ᠴᠤᠭᠯᠠᠭᠤᠯᠬᠤ᠂ ᠭᠠᠴᠠᠭ᠎ᠠ ᠬᠤᠷᠢᠶᠠᠬᠤ᠂ | ᠪᠠᠯᠭᠠᠰᠤ ᠠᠴᠠ ᠵᠥᠭᠡᠭᠡᠪᠦᠷᠢᠯᠡᠬᠦ᠂ ᠬᠤᠰᠢᠭᠤ ᠰᠢᠶᠳᠪᠦᠷᠢᠯᠡᠬᠦ 》ᠬᠡᠯᠬᠢᠶᠡᠵᠢᠭᠰᠡᠨ ᠮᠠᠯᠵᠢᠬᠤ ᠣᠷᠣᠨ ᠤ ᠣᠷᠴᠢᠨ | ᠲᠣᠭᠤᠷᠢᠨ ᠤ ᠵᠠᠰᠠᠯᠲᠠ ᠶᠢᠨ ᠰᠢᠰᠲ᠋ᠧᠮ ᠢ ᠪᠠᠶᠢᠭᠤᠯᠵᠤ᠂ ᠮᠠᠯᠵᠢᠬᠤ ᠣᠷᠣᠨ ᠤ ᠬᠤᠭ ᠨᠣᠪᠰᠢ ᠶᠢ ᠬᠤᠷᠢᠶᠠᠨ | ᠲᠡᠭᠡᠭᠡᠪᠦᠷᠢᠯᠡᠵᠦ ᠰᠢᠶᠳᠪᠦᠷᠢᠯᠡᠬᠦ ᠶᠢᠨ ᠳᠦᠷᠢᠮᠵᠢᠭᠦᠯᠦᠯᠲᠡ ᠶᠢ ᠪᠡᠶᠡᠯᠡᠭᠦᠯᠪᠡ᠃ ᠡᠭᠦᠨ ᠠᠴᠠ ᠭᠠᠳᠠᠨ᠎ᠠ᠂ ᠭᠠᠴᠠᠭᠠᠨ | ᠤ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠳᠤ ᠲᠦᠰᠢᠭᠯᠡᠨ᠂ ᠣᠷᠣᠰᠢᠨ ᠰᠠᠭᠤᠷᠢᠰᠢᠬᠤ ᠣᠷᠴᠢᠨ | ᠲᠣᠭᠤᠷᠢᠨ ᠢ ᠴᠡᠭᠴᠡᠯᠡᠨ ᠵᠠᠰᠠᠬᠤ ᠠᠵᠢᠯᠯᠠᠭ᠎ᠠ ᠪᠠ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ | ᠤᠬᠠᠭᠤᠯᠭ᠎ᠠ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠮᠡᠳᠡᠯᠭᠡ ᠶᠢ ᠡᠷᠦᠬᠡ ᠳᠤ ᠣᠷᠣᠭᠤᠯᠬᠤ ᠵᠡᠷᠭᠡ ᠬᠡᠯᠪᠡᠷᠢ | ᠶᠢ ᠢᠳᠡᠪᠬᠢᠲᠡᠢ ᠥᠷᠨᠢᠭᠦᠯᠵᠦ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠣᠶᠢᠯᠠᠭᠠᠭᠳᠠᠬᠤᠨ ᠢ ᠬᠥᠮᠦᠰ ᠤᠨ | ᠰᠡᠳᠬᠢᠯ ᠳᠤ ᠬᠠᠳᠠᠩᠰᠢᠭᠤᠯᠵᠤ᠂ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠪᠠ ᠠᠮᠢ ᠠᠬᠤᠢ ᠶᠢᠨ | ᠤᠬᠠᠮᠰᠠᠷ ᠢ ᠪᠣᠶᠢᠵᠢᠭᠤᠯᠬᠤ ︽ᠬᠤᠣᠰ ᠳᠡᠭᠡᠭᠰᠢᠯᠡᠯᠲᠡ ︾ ᠶᠢ ᠦᠨᠡᠨᠬᠦ ᠪᠡᠶᠡᠯᠡᠭᠦᠯᠦᠨ᠎ᠡ᠃ ᠡᠳᠡᠭᠡᠷ ᠠᠯᠢ ᠤᠯᠠᠨ | ᠠᠷᠭ᠎ᠠ ᠬᠡᠮᠵᠢᠶ᠎ᠡ ᠨᠢ ᠠᠷᠠᠳ ᠤᠨ ᠠᠮᠢᠳᠤᠷᠠᠯ ᠤᠨ ᠢᠨᠵᠧᠨᠧᠷᠢᠩ ᠢ ᠬᠦᠴᠦᠨ ᠲᠠᠢ ᠪᠣᠯᠭᠠᠵᠤ᠂ ᠦᠨᠳᠦᠰᠦᠲᠡᠨ | ᠨᠦᠭᠦᠳ ᠤᠨ ᠤᠯᠠᠨ ᠲᠦᠮᠡᠨ ᠤ ᠬᠦᠷᠲᠡᠮᠵᠢ ᠶᠢᠨ ᠲᠦᠷᠦᠭᠳᠡᠯ᠂ ᠵᠢᠷᠭᠠᠯᠲᠤ ᠲᠦᠷᠦᠭᠳᠡᠯ ᠢ ᠦᠨᠡᠨ ᠬᠦ | ᠳᠡᠭᠡᠭᠰᠢᠯᠡᠭᠦᠯᠵᠡᠢ᠃ | ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠠᠶᠠᠨ ᠳᠤ᠂ ᠤᠯᠢᠶᠠᠰᠤᠲᠠᠢ ᠪᠠᠯᠭᠠᠰᠤ ᠠᠷᠠᠳ ᠤᠨ ᠠᠮᠢᠳᠤᠷᠠᠯ | ᠤᠨ ᠪᠠᠲᠤᠯᠠᠭ᠎ᠠ ᠶᠢᠨ ᠦᠶᠯᠡᠴᠢᠯᠡᠭᠡᠨ ᠤ ᠦᠷ᠎ᠡ ᠪᠦᠲᠦᠮᠵᠢ ᠪᠠᠨ ᠦᠷᠭᠦᠯᠵᠢᠯᠡᠨ ᠳᠡᠭᠡᠭᠰᠢᠯᠡᠭᠦᠯᠵᠦ᠂ ᠨᠠᠩ ᠣᠯᠠᠨ | ᠪᠣᠳᠠᠲᠠᠶ ᠶᠢ ᠡᠷᠬᠢᠮᠯᠡᠭᠰᠡᠨ ᠠᠷᠭ᠎ᠠ ᠬᠡᠮᠵᠢᠶ᠎ᠡ ᠪᠠᠷ ︽ᠵᠣᠯ ᠵᠢᠷᠭᠠᠯᠲᠤ ᠤᠯᠢᠶᠠᠰᠤᠲᠠᠢ ᠪᠠᠯᠭᠠᠰᠤ︾ ᠶᠢᠨ ᠰᠢᠨ᠎ᠡ | ᠪᠠᠶᠢᠳᠠᠯ ᠢ ᠪᠤᠢ ᠪᠤᠯᠭᠠᠬᠤ ᠪᠤᠯᠤᠨ᠎ᠠ ᠃ |