ᠮᠠᠨ ᠤ ᠬᠤᠰᠢᠭᠤᠨ ᠤ ᠠᠵᠢᠯᠲᠠᠨ ᠤ ᠠᠯᠠᠭᠠᠳᠠᠬᠤ ᠪᠥᠮᠪᠦᠭᠡ ᠶᠢᠨ ᠤᠷᠤᠯᠳᠤᠭᠠᠨ ᠲᠡᠭᠦᠰ ᠠᠮᠵᠢᠯᠲᠠ ᠲᠠᠢ ᠦᠨᠳᠦᠷᠯᠡᠪᠡ
ᠨᠡᠶᠢᠲᠡᠯᠡᠭᠰᠡᠨ ᠴᠠᠭ᠄
2025/5/27
      5 ᠰᠠᠷ᠎ᠠ ᠶᠢᠨ 17᠎ ᠤ ᠡᠳᠦᠷ ᠤᠨ ᠦᠳᠡ ᠶᠢᠨ ᠡᠮᠦᠨ᠎ᠡ᠂ ᠪᠦᠬᠦ ᠬᠤᠰᠢᠭᠤᠨ ᠤ ᠠᠵᠢᠯᠲᠠᠨ ᠤ ᠠᠯᠠᠭᠠᠳᠠᠬᠤ ᠪᠥᠮᠪᠦᠭᠡ ᠶᠢᠨ ᠤᠷᠤᠯᠳᠤᠭᠠᠨ ᠤ ᠡᠬᠢᠯᠡᠯᠲᠡ ᠶᠢᠨ ᠶᠣᠰᠣᠯᠠᠯ ᠬᠤᠰᠢᠭᠤ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠲᠥᠪ ᠳᠤ ᠶᠠᠪᠤᠭᠳᠠᠪᠠ᠃ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠪᠠᠶᠢᠩᠭᠤ ᠶᠢᠨ ᠳᠡᠳ᠋ ᠬᠤᠰᠢᠭᠤ ᠳᠠᠷᠤᠭ᠎ᠠ ᠬᠦᠳᠡᠷ᠂ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠪᠦᠬᠡᠨ᠋ᠤᠳᠽᠠᠷ ᠵᠡᠷᠭᠡ ᠤᠳᠤᠷᠢᠳᠤᠯᠭ᠎ᠠ ᠠᠵᠢᠯᠯᠠᠭ᠎ᠠ ᠳᠤ ᠣᠷᠣᠯᠴᠠᠵᠤ᠂ ᠠᠶᠢᠮᠠᠭ ᠤᠨ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ ᠶᠢᠨ ᠲᠥᠯᠥᠭᠡᠯᠡᠭᠴᠢᠳ ᠤᠨ ᠠᠩᠭᠢ ᠵᠢᠴᠢ ᠪᠥᠬᠦ ᠬᠤᠰᠢᠭᠤᠨ ᠤ ᠡᠯ᠎ᠡ ᠨᠢᠭᠡᠴᠢ ᠶᠢᠨ ᠠᠵᠢᠯᠲᠠᠨ ᠤ ᠲᠥᠯᠥᠭᠡᠯᠡᠭᠴᠢᠳ ᠤᠨ ᠠᠩᠭᠢ ᠤᠷᠤᠯᠴᠠᠵᠠᠢ᠃      ᠡᠬᠢᠯᠡᠯᠲᠡ ᠶᠢᠨ ᠶᠣᠰᠣᠯᠠᠯ ᠳᠡᠭᠡᠷ᠎ᠡ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠪᠠᠶᠢᠩᠭᠤ ᠎ ᠶᠢᠨ ᠳᠡᠳ᠋ ᠬᠤᠰᠢᠭᠤ ᠳᠠᠷᠤᠭ᠎ᠠ ᠬᠦᠳᠡᠷ ᠠᠴᠠ ᠪᠠᠶᠠᠷ ᠤᠨ ᠶᠠᠷᠢᠶ᠎ᠠ ᠲᠠᠯᠪᠢᠵᠠᠢ᠃ ᠲᠡᠷᠡ ᠵᠢᠭᠠᠬᠤ ᠳᠠᠭᠠᠨ᠂ ᠲᠤᠰ ᠤᠳᠠᠭᠠᠨ ᠤ ᠤᠷᠤᠯᠳᠤᠭᠠᠨ ᠨᠢ ᠠᠵᠢᠯᠲᠠᠨ ᠠᠵᠢᠯᠴᠢᠨ ᠤ ᠴᠤᠭ ᠵᠢᠪᠬᠤᠭ᠎ᠠ ᠪᠠᠨ ᠢᠯᠡᠷᠡᠭᠦᠯᠬᠦ᠂ ᠰᠣᠯᠢᠯᠴᠠᠭ᠎ᠠ ᠪᠠᠨ ᠨᠡᠮᠡᠭᠳᠡᠭᠦᠯᠬᠦ ᠴᠢᠬᠤᠯᠠ ᠲᠠᠪᠴᠠᠩ ᠪᠣᠯᠬᠤ ᠪᠠᠷ ᠪᠠᠷᠠᠬᠤ ᠦᠭᠡᠢ ᠨᠡᠩ ᠴᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠣᠶᠢᠯᠠᠭᠠᠭᠳᠠᠬᠤᠨ ᠢ ᠳᠡᠯᠭᠡᠷᠡᠭᠦᠯᠬᠦ ᠡᠭᠦᠷᠭᠡ ᠶᠢ ᠡᠭᠦᠷᠭᠡᠯᠡᠵᠦ ᠪᠠᠶᠢᠨ᠎ᠠ᠃ ᠲᠤᠰ ᠣᠳᠠᠭᠠᠨ ᠤ ᠭᠤᠤᠯ ᠰᠡᠳᠦᠪ ᠢᠶᠠᠷ ᠳᠠᠮᠵᠢᠭᠤᠯᠤᠨ᠂ ᠬᠦᠮᠦᠰ ᠢ ᠪᠣᠬᠢᠷᠲᠤᠯ ᠦᠭᠡᠢ ᠣᠷᠴᠢᠨ ᠠᠬᠤᠶ ᠶᠢ ᠬᠠᠮᠠᠭᠠᠯᠠᠬᠤ ᠣᠶᠢᠯᠠᠭᠠᠭᠳᠠᠬᠤᠨ ᠢ ᠡᠳᠦᠷ ᠲᠤᠲᠤᠮ ᠤᠨ ᠠᠮᠢᠳᠤᠷᠠᠯ ᠪᠠ ᠬᠥᠳᠡᠯᠭᠡᠭᠡᠨ ᠤ ᠦᠶᠯᠡᠳᠦᠯᠭᠡ ᠳᠤ ᠠᠭᠤᠰᠬᠠᠬᠤ ᠶᠢ ᠤᠷᠢᠶᠠᠯᠠᠵᠠᠢ᠃      ᠳᠠᠷᠠᠭ᠎ᠠ ᠨᠢ᠂ ᠬᠢᠨᠠᠭᠴᠢ ᠶᠢᠨ ᠲᠥᠯᠥᠭᠡᠯᠡᠭᠴᠢ ᠪᠣᠯᠤᠨ ᠲᠠᠮᠢᠷᠴᠢᠳ ᠤᠨ ᠲᠥᠯᠥᠭᠡᠯᠡᠭᠴᠢ ᠠᠴᠠ ᠠᠵᠢᠯ ᠮᠡᠷᠭᠡᠵᠢᠯ ᠤᠨ ᠪᠠᠷᠢᠮᠵᠢᠶ᠎ᠠ ᠶᠢ ᠬᠢᠴᠢᠶᠡᠩᠭᠦᠶᠢᠯᠡᠨ ᠵᠢᠷᠤᠮᠯᠠᠵᠤ᠂ ᠡᠷᠬᠡ ᠲᠡᠭᠰᠢ ᠲᠥᠪ ᠭᠤᠤᠯᠴᠢ ᠪᠠᠶᠢᠬᠤ ᠵᠠᠷᠴᠢᠮ ᠢ ᠪᠠᠷᠢᠮᠲᠠᠯᠠᠨ᠂ ᠢᠳᠡᠪᠬᠢᠲᠡᠶ ᠥᠭᠡᠳᠡᠷᠬᠡᠭ ᠤᠷᠤᠯᠳᠤᠭᠠᠨ ᠤ ᠵᠣᠷᠢᠭ ᠰᠠᠨᠠᠭ᠎ᠠ ᠶᠢ ᠪᠠᠳᠠᠷᠠᠭᠤᠯᠤᠨ᠎ᠠ ᠭᠡᠵᠦ ᠲᠠᠩᠭᠠᠷᠢᠭᠯᠠᠵᠠᠢ᠃ ᠡᠭᠦᠨ ᠤ ᠬᠠᠮᠲᠤ᠂ ᠤᠯᠠᠨ ᠢᠶᠠᠷ ᠢᠶᠠᠨ ᠲᠥᠪ ᠬᠢᠴᠢᠶᠡᠩᠭᠦᠢ ᠪᠠᠷ ᠭᠠᠷ ᠤᠨ ᠦᠰᠦᠭ ᠵᠢᠷᠤᠵᠤ᠂ ᠪᠣᠳᠠᠲᠤ ᠠᠵᠢᠯᠯᠠᠭ᠎ᠠ ᠪᠠᠷ ᠢᠶᠠᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠤᠢᠢᠯᠠᠭᠠᠭᠳᠠᠬᠤᠨ ᠢ ᠦᠢᠯᠡᠳᠦᠯᠭᠡᠵᠢᠭᠦᠯᠬᠦ ᠡᠷᠡᠰ ᠪᠠᠲᠤ ᠵᠣᠷᠢᠭ ᠢᠶᠠᠨ ᠢᠯᠡᠳᠬᠡᠪᠡ᠃      ᠨᠢᠭᠡ ᠡᠳᠦᠷ ᠬᠠᠭᠠᠰ ᠤᠨ ᠬᠤᠷᠴᠠ ᠰᠢᠷᠦᠭᠦᠨ ᠥᠷᠢᠰᠥᠯᠳᠦᠭᠡᠨ ᠢᠶᠠᠷ ᠳᠠᠮᠵᠢᠨ᠂ ᠱᠠᠩ ᠭᠧ ᠣᠷᠴᠢᠨ ᠲᠣᠭᠤᠷᠢᠨ ᠤ ᠰᠢᠨᠵᠢᠯᠡᠬᠦ ᠤᠬᠠᠭᠠᠨ ᠮᠡᠷᠭᠡᠵᠢᠯ ( ᠱᠠᠩᠬᠠᠶ )᠎ ᠤᠨ ᠬᠢᠵᠠᠭᠠᠷᠲᠤ ᠺᠣᠮᠫᠠᠨᠢ ᠶᠢᠨ ᠲᠥᠯᠥᠭᠡᠯᠡᠭᠴᠢᠳ ᠤᠨ ᠠᠩᠭᠢ ᠮᠠᠩᠯᠠᠶᠢᠯᠠᠵᠤ᠂ ᠬᠤᠰᠢᠭᠤ ᠶᠡᠷᠦᠩᠬᠡᠶᠢᠯᠡᠭᠰᠡᠨ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢᠨ ᠲᠥᠯᠥᠭᠡᠯᠡᠭᠴᠢᠳ ᠤᠨ ᠠᠩᠭᠢ ᠳᠡᠳ᠋ᠯᠡᠨ᠂ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠲᠥᠯᠥᠭᠡᠯᠡᠭᠴᠢᠳ ᠤᠨ ᠠᠩᠭᠢ ᠭᠤᠷᠪᠠᠳᠤᠭᠠᠷ ᠲᠤ ᠲᠤᠳᠤᠷᠠᠵᠤ᠂ ᠬᠤᠰᠢᠭᠤ ᠠᠮᠢ ᠠᠬᠤᠶ ᠣᠷᠴᠢᠨ ᠲᠣᠭᠤᠷᠢᠨ ᠤ ᠲᠥᠯᠥᠭᠡᠯᠡᠭᠴᠢᠳ ᠤᠨ ᠠᠩᠭᠢ ᠳᠥᠷᠪᠡᠳᠦᠭᠡᠷ ᠲᠤ ᠲᠤᠳᠤᠷᠠᠨ᠂ ᠨᠢᠭᠡᠳᠦᠭᠡᠷ ᠳᠤᠮᠳᠠᠳᠤ ᠰᠤᠷᠭᠠᠭᠤᠯᠢ᠂ ᠬᠤᠶᠠᠳᠤᠭᠠᠷ ᠪᠠᠭ᠎ᠠ ᠰᠤᠷᠭᠠᠭᠤᠯᠢ᠂ ᠨᠢᠭᠡᠳᠦᠭᠡᠷ ᠬᠡᠦᠬᠡᠳ ᠤᠨ ᠴᠡᠴᠡᠷᠯᠢᠭ᠂ ᠰᠢᠦᠳᠠᠨ ᠤ ᠬᠤᠯᠪᠣᠭᠠᠲᠤ ᠠᠩᠭᠢ᠂ ᠬᠤᠰᠢᠭᠤ ᠨᠠᠮ ᠤᠨ ᠬᠤᠷᠢᠶᠠᠨ ᠤ ᠠᠯᠪᠠᠨ ᠭᠡᠷ᠂ ᠨᠡᠶᠢᠭᠡᠮ ᠤᠨ ᠠᠵᠢᠯ ᠤᠨ ᠬᠡᠯᠲᠡᠰ᠂ ᠦᠩᠲᠦ ᠨᠡᠶᠢᠭᠡᠮ ᠲᠣᠭᠤᠷᠢᠭ ᠤᠨ ᠬᠤᠯᠪᠣᠭᠠᠲᠤ ᠠᠩᠭᠢ ᠵᠡᠷᠭᠡ ᠎ ᠶᠢᠨ ᠲᠥᠯᠥᠭᠡᠯᠡᠭᠴᠢᠳ ᠤᠨ ᠠᠩᠭᠢ ᠨᠢ ᠲᠦᠷᠦᠭᠦᠦ 5᠎ ᠠᠴᠠ 8 ᠨᠡᠷ᠎ᠡ ᠳᠤ ᠣᠷᠣᠵᠠᠶ᠃ ᠭᠠᠶᠢᠯᠢ ᠶᠢᠨ ᠶᠠᠪᠤᠳᠠᠯ ᠎ ᠤᠨ ᠲᠣᠪᠴᠢᠶ᠎ᠠ ᠶᠢᠨ ᠲᠥᠯᠥᠭᠡᠯᠡᠭᠴᠢᠳ ᠤᠨ ᠠᠩᠭᠢ ᠨᠢ ᠪᠦᠯᠬᠦᠮ ᠤᠨ ᠰᠢᠯᠢᠳᠡᠭ ᠵᠣᠬᠢᠶᠠᠨ ᠪᠠᠶᠢᠭᠤᠯᠤᠯᠲᠠ ᠶᠢᠨ ᠱᠠᠩᠨᠠᠯ ᠭᠥᠷᠳᠡᠵᠦ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠲᠥᠯᠥᠭᠡᠯᠡᠭᠴᠢᠳ ᠤᠨ ᠠᠩᠭᠢ ᠪᠡᠶ᠎ᠡ ᠎ ᠶᠢᠨ ᠲᠠᠮᠢᠷ ᠶᠣᠰᠣ ᠮᠣᠷᠠᠯ ᠤᠨ ᠬᠡᠪ ᠰᠤᠷᠲᠠᠯ ᠤᠨ ᠱᠠᠩᠨᠠᠯ ᠭᠥᠷᠳᠡᠪᠡ᠃      ᠲᠣᠰ ᠤᠳᠠᠭᠠᠨ ᠤ ᠤᠷᠤᠯᠳᠤᠭᠠᠨ ᠤ ᠰᠢᠨ᠎ᠡ ᠡᠭᠦᠳᠦᠯᠲᠡ ᠨᠢ ᠪᠡᠶ᠎ᠡ ᠶᠢᠨ ᠲᠠᠮᠢᠷ ᠤᠨ ᠤᠷᠤᠯᠳᠤᠭᠠᠨ ᠬᠢᠭᠡᠳ ᠣᠷᠴᠢᠨ ᠲᠣᠭᠤᠷᠢᠨ ᠤ ᠬᠠᠮᠠᠭᠠᠯᠠᠯᠲᠠ ᠶᠢᠨ ᠤᠬᠠᠭᠤᠯᠭ᠎ᠠ ᠶᠢᠨ ᠭᠦᠨᠵᠡᠭᠡᠶ ᠠᠭᠤᠰᠤᠯᠴᠠᠯ ᠢ ᠪᠡᠶᠡᠯᠡᠭᠦᠯᠪᠡ᠃ ᠤᠷᠤᠯᠳᠤᠭᠠᠨ ᠡᠷᠬᠢᠯᠡᠬᠦ ᠬᠤᠭᠤᠴᠠᠭᠠᠨ ᠳᠤ᠂ ᠣᠨᠴᠠᠭᠠᠶᠢᠯᠠᠨ ᠵᠢᠷᠭᠤᠳᠤᠭᠠᠷ ᠲᠠᠪᠤᠨ ᠵᠢᠯ ᠤᠨ ᠣᠷᠴᠢᠨ ᠲᠣᠭᠤᠷᠢᠨ ᠎ ᠤ ᠡᠳᠦᠷ ᠤᠨ ᠭᠤᠣᠯ ᠰᠡᠳᠦᠪ ᠲᠠᠢ ᠤᠶᠠᠯᠳᠤᠭᠤᠯᠤᠨ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠷᠢᠰ ᠤᠬᠠᠭᠤᠯᠭ᠎ᠠ ᠶᠢᠨ ᠠᠵᠢᠯᠯᠠᠭ᠎ᠠ ᠦᠷᠨᠢᠭᠦᠯᠵᠦ᠂ ᠲᠤᠬᠠᠢ ᠶᠢᠨ ᠲᠠᠯᠠᠪᠠᠢ ᠳᠤ ᠣᠷᠴᠢᠨ ᠲᠣᠭᠤᠷᠢᠨ ᠤ ᠬᠠᠮᠠᠭᠠᠯᠠᠯᠲᠠ ᠎ ᠶᠢᠨ ᠭᠤᠣᠯ ᠰᠡᠳᠦᠪᠲᠦ ᠤᠬᠠᠭᠤᠯᠭ᠎ᠠ ᠶᠢᠨ ᠬᠠᠭᠤᠳᠠᠰᠤ᠂ ᠤᠬᠠᠭᠤᠯᠭ᠎ᠠ ᠶᠢᠨ ᠳᠡᠪᠲᠡᠷ ᠢ ᠨᠡᠶᠢᠲᠡ 200 ᠭᠠᠷᠤᠢ ᠬᠤᠪᠢ ᠲᠠᠷᠬᠠᠭᠠᠵᠤ᠂ ᠪᠣᠬᠢᠷᠲᠤᠯ ᠦᠭᠡᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠣᠶᠢᠯᠠᠭᠠᠭᠳᠠᠬᠤᠨ ᠢ ᠤᠷᠤᠯᠳᠤᠭᠠᠨ ᠤ ᠠᠭᠤᠷ ᠠᠮᠢᠰᠬᠤᠯ ᠤᠨ ᠳᠠᠭᠠᠤ ᠣᠷᠣᠯᠴᠠᠭᠴᠢ ᠨᠢᠭᠡᠪᠦᠷᠢ ᠳᠤ  ᠳᠠᠮᠵᠢᠭᠤᠯᠤᠭᠰᠠᠨ ᠤ ᠬᠠᠮᠲᠤ᠂ ᠲᠤᠬᠠᠶ ᠶᠢᠨ ᠲᠠᠯᠠᠪᠠᠢ ᠳᠤ ᠪᠠᠰᠠ ᠠᠯᠠᠭᠠᠳᠠᠬᠤ ᠪᠥᠮᠪᠦᠭᠡ ᠳᠤ ᠪᠠᠭ᠋ᠠᠲᠠᠶ ᠬᠥᠮᠦᠰ ᠲᠤ ᠰᠣᠶᠣᠯ ᠤᠨ ᠡᠭᠦᠳᠦᠯᠲᠡ ᠶᠢᠨ ᠪᠡᠯᠡᠭ ᠬᠦᠷᠭᠡᠵᠡᠢ᠃      ᠲᠠᠷᠠᠭᠠᠴᠢ ᠶᠢᠨ ᠠᠯᠬᠤᠮ ᠳᠤ᠂ ᠮᠠᠨ ᠤ ᠬᠤᠰᠢᠭᠤ ᠦᠷᠭᠦᠯᠵᠢᠯᠡᠨ ᠰᠣᠶᠣᠯ ᠪᠡᠶ᠎ᠡ ᠲᠠᠮᠢᠷ ᠤᠨ ᠠᠵᠢᠯᠯᠠᠭ᠎ᠠ ᠎ ᠪᠠᠷ ᠬᠤᠯᠪᠣᠭᠠᠰᠤ ᠪᠣᠯᠭᠠᠵᠤ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠢᠳᠡᠪᠬᠢ ᠬᠦᠴᠦᠨ ᠢ ᠨᠢᠭᠲᠠᠷᠠᠭᠤᠯᠵᠤ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠪᠠ ᠣᠷᠴᠢᠨ ᠲᠣᠭᠤᠷᠢᠨ ᠢ ᠬᠠᠮᠠᠭᠠᠯᠠᠬᠤ ᠠᠵᠢᠯ ᠦᠶᠯᠡᠰ ᠤᠨ ᠬᠠᠮᠵᠢᠯᠴᠠᠨ ᠬᠥᠭᠵᠢᠬᠦ ᠶᠢ ᠠᠬᠢᠭᠤᠯᠬᠤ ᠪᠤᠯᠤᠨ᠎ᠠ  ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号