ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠢ ᠭᠦᠨᠵᠡᠭᠡᠶ ᠠᠬᠢᠭᠤᠯᠵᠤ᠂ ᠴᠡᠪᠡᠷ | ᠴᠡᠮᠴᠡᠭᠡᠷ᠂ ᠲᠠᠭᠠᠯᠠᠮᠵᠢᠲᠠᠶ ᠠᠮᠢᠳᠤᠷᠠᠯ ᠤᠨ ᠣᠷᠴᠢᠨ ᠲᠣᠭᠤᠷᠢᠨ ᠢ ᠪᠣᠶ ᠪᠣᠯᠭᠠᠵᠤ᠂ ᠮᠠᠯᠴᠢᠳ ᠤᠨ ᠠᠮᠢ ᠠᠬᠤᠶ ᠶᠢᠨ | ᠣᠷᠴᠢᠨ ᠲᠣᠭᠤᠷᠢᠨ ᠤ ᠬᠠᠮᠠᠭᠠᠯᠠᠯᠲᠠ ᠶᠢᠨ ᠤᠬᠠᠮᠰᠠᠷ ᠢ ᠲᠠᠰᠤᠷᠠᠯᠲᠠ ᠥᠬᠡᠶ ᠳᠡᠭᠡᠭᠰᠢᠯᠡᠭᠦᠯᠬᠦ ᠶᠢᠨ ᠲᠥᠯᠥᠭᠡ᠂ 5 | ᠰᠠᠷ᠎ᠠ ᠶᠢᠨ 13 ᠤ ᠡᠳᠦᠷ᠂ ᠬᠠᠳᠠᠪᠴᠢ ᠪᠠᠯᠭᠠᠰᠤᠨ ᠤ ᠰᠢᠷᠠᠬᠠᠳᠠ ᠭᠠᠴᠠᠭ᠎ᠠ ᠠᠴᠠ ᠭᠠᠴᠠᠭᠠᠨ ᠤ ︽ᠬᠤᠶᠠᠷ | ᠵᠥᠪᠯᠡᠯ︾ ᠤᠨ ᠭᠡᠰᠢᠬᠦᠳ᠂ ᠨᠠᠮ ᠤᠨ ᠭᠡᠰᠢᠭᠦᠨ ᠪᠠ ᠮᠠᠯᠴᠢᠨ ᠰᠠᠶᠢᠨ ᠲᠤᠷᠠᠴᠤᠳ ᠵᠡᠷᠭᠡ 20 ᠭᠠᠷᠤᠶ ᠬᠥᠮᠦᠨ ᠢ | ᠢᠳᠡᠪᠬᠢᠲᠡᠶ ᠵᠣᠬᠢᠶᠠᠨ ᠪᠠᠶᠢᠭᠤᠯᠵᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯᠯᠠᠭ᠎ᠠ ᠥᠷᠨᠢᠭᠦᠯᠪᠡ᠃ | ᠠᠵᠢᠯᠯᠠᠭ᠎ᠠ ᠶᠢᠨ ᠳᠤᠮᠳᠠ᠂ ᠰᠠᠶᠢᠨ ᠳᠤᠷᠠᠴᠤᠳ ᠭᠤᠤᠯᠳᠠᠭᠤ ᠭᠠᠴᠠᠭᠠᠨ ᠤ ᠭᠤᠤᠯ ᠵᠠᠮ ᠤᠨ ᠬᠠᠵᠠᠭᠤ ᠳᠠᠬᠢ | ᠬᠠᠶᠠᠭᠳᠠᠮᠠᠯ ᠬᠤᠭ ᠨᠣᠪᠰᠢ᠂ ᠴᠠᠭᠠᠨ ᠥᠩᠭᠡᠲᠦ ᠬᠤᠭ ᠨᠣᠪᠰᠢ ᠶᠢ ︽ᠪᠥᠬᠦ ᠲᠠᠯ᠎ᠠ︾ ᠪᠠᠷ ᠴᠡᠪᠡᠷᠯᠡᠬᠦ ᠶᠢᠨ ᠬᠠᠮᠲᠤ | ᠬᠤᠭ ᠨᠣᠪᠰᠢ ᠶᠢ ᠬᠤᠭ ᠨᠣᠪᠰᠢ ᠶᠢ ᠰᠢᠢᠳᠪᠦᠷᠢᠯᠡᠬᠦ ᠴᠡᠭ ᠲᠤ ᠳᠡᠭᠡᠭᠡᠪᠦᠷᠢᠯᠡᠨ ᠰᠢᠢᠳᠪᠦᠷᠢᠯᠡᠪᠡ᠃ ᠲᠣᠰ | ᠤᠳᠠᠭᠠᠨ ᠤ ᠠᠵᠢᠯᠯᠠᠭ᠎ᠠ ᠪᠠᠷ ᠳᠡᠮᠵᠢᠨ᠂ ᠭᠤᠤᠯ ᠵᠠᠮ ᠤᠨ ᠬᠤᠶᠠᠷ ᠬᠠᠵᠠᠭᠤ ᠶᠢᠨ ᠣᠯᠠᠨ ᠨᠡᠶᠢᠲᠡ ᠶᠢᠨ ᠣᠷᠣᠨ | ᠪᠦᠰᠡ ᠶᠢᠨ ᠳᠣᠲᠣᠷᠠᠬᠢ ᠬᠤᠭ ᠨᠣᠪᠰᠢ ᠶᠢ ᠲᠦᠢᠯᠪᠤᠷᠢᠲᠠᠶ ᠠᠷᠢᠯᠭᠠᠵᠤ᠂ ᠬᠥᠮᠦᠰ ᠤᠨ ᠣᠷᠣᠰᠢᠨ ᠰᠠᠭᠤᠬᠤ | ᠣᠷᠴᠢᠨ ᠲᠣᠭᠤᠷᠢᠨ ᠤ ᠶᠠᠰᠤ ᠴᠢᠨᠠᠷ ᠢ ᠢᠯᠡᠳᠲᠡ ᠳᠡᠭᠡᠭᠰᠢᠯᠡᠭᠦᠯᠪᠡ᠃ | ᠳᠠᠷᠠᠭᠠᠴᠢ ᠶᠢᠨ ᠠᠯᠬᠤᠮ ᠳᠤ᠂ ᠰᠢᠷᠠᠬᠠᠳᠠ ᠭᠠᠴᠠᠭ᠎ᠠ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢ | ᠪᠠᠶᠢᠩᠭᠤᠵᠢᠭᠤᠯᠤᠨ ᠥᠷᠨᠢᠭᠦᠯᠬᠦ ᠶᠢ ᠦᠷᠭᠦᠯᠵᠢᠯᠡᠨ ᠠᠬᠢᠭᠤᠯᠵᠤ᠂ ᠮᠠᠯᠴᠢᠨ ᠲᠦᠮᠡᠨ ᠤ ᠬᠦᠷᠲᠡᠮᠵᠢ ᠶᠢᠨ | ᠲᠥᠷᠥᠭᠳᠡᠯ᠂ ᠵᠣᠯ ᠵᠢᠷᠭᠠᠯᠲᠤ ᠲᠥᠷᠥᠭᠳᠡᠯ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠳᠤ ᠮᠠᠯᠵᠢᠬᠤ ᠣᠷᠣᠨ ᠤ ᠡᠶ᠎ᠡ ᠨᠠᠶᠢᠷᠠᠮᠳᠠᠭᠤ ︽ᠰᠢᠨ᠎ᠡ ᠵᠢᠷᠤᠭ︾ ᠢ ᠲᠠᠰᠤᠷᠠᠯᠲᠠ | ᠦᠭᠡᠢ ᠵᠢᠷᠤᠭᠯᠠᠨ᠎ᠠ᠃ |