ᠬᠠᠲᠠᠪᠴᠢ ᠪᠠᠯᠭᠠᠰᠤ ᠨᠢ ᠠᠵᠤ ᠠᠬᠤᠶᠢᠯᠠᠯ ᠢ ︽ᠲᠤᠰᠠᠯᠠᠬᠤ ᠠᠵᠢᠯᠯᠠᠭ᠎ᠠ︾᠎ ᠪᠠᠷ ᠬᠦᠭᠵᠢᠯᠲᠡ ᠶᠢ ᠠᠬᠢᠭᠤᠯᠪᠠ
ᠨᠡᠶᠢᠲᠡᠯᠡᠭᠰᠡᠨ ᠴᠠᠭ᠄
2025/5/27
       ︽ᠵᠢᠷᠭᠤᠭᠠᠨ ᠠᠵᠢᠯᠯᠠᠭ᠎ᠠ︾ ᠪᠣᠯ ᠰᠢᠨ᠎ᠡ ᠬᠥᠭᠵᠢᠯᠲᠡ ᠶᠢᠨ ᠱᠠᠲᠤ ᠦᠶ᠎ᠡ ᠶᠢ ᠣᠨᠣᠪᠴᠢᠲᠠᠶ ᠲᠣᠭᠲᠠᠭᠠᠵᠤ᠂ ᠴᠢᠨᠠᠷ ᠰᠠᠶᠢᠲᠠᠶ ᠬᠥᠭᠵᠢᠯᠲᠡ ᠶᠢᠨ ᠭᠤᠤᠯ ᠰᠡᠳᠦᠪ ᠤᠨ ᠲᠣᠭᠤᠷᠢᠨ ᠳᠤ ᠲᠤᠭᠲᠠᠭᠠᠭᠰᠠᠨ ᠪᠠᠰᠠ ᠨᠢᠭᠡᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠪᠠᠶᠢᠵᠤ᠂ ︽ᠲᠠᠪᠤᠨ ᠶᠡᠭᠡ ᠡᠭᠦᠷᠭᠡ︾᠎ ᠶᠢ ᠥᠨᠳᠥᠷ ᠪᠦᠲᠦᠮᠵᠢᠲᠡᠶ ᠪᠡᠶᠡᠯᠡᠭᠦᠯᠬᠦ ᠶᠢ ᠠᠬᠢᠭᠤᠯᠬᠤ ᠵᠠᠩᠭᠢᠯᠠᠭ᠎ᠠ ᠶᠢᠨ ᠬᠦᠴᠦᠯᠡᠬᠦ ᠴᠡᠭ ᠪᠣᠯᠤᠨ᠎ᠠ᠃ ᠡᠭᠦᠨ ᠳᠤ᠂ ᠠᠵᠤ ᠠᠬᠤᠶᠢᠯᠠᠯ ᠢ ᠲᠤᠰᠠᠯᠠᠬᠤ ᠠᠵᠢᠯᠯᠠᠭ᠎ᠠ ᠨᠢ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠠᠮᠢᠵᠢᠷᠠᠯ ᠤᠨ ᠬᠦᠴᠦᠨ ᠢ ᠬᠥᠭᠵᠢᠭᠡᠬᠦ᠂ ᠠᠵᠤ ᠠᠬᠤᠶᠢᠯᠠᠯ ᠤᠨ ᠬᠥᠭᠵᠢᠯᠲᠡ ᠶᠢᠨ ᠶᠠᠰᠤ ᠴᠢᠨᠠᠷ ᠢ ᠳᠡᠭᠡᠭᠰᠢᠯᠡᠭᠦᠯᠬᠦ᠂ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠬᠥᠳᠡᠯᠭᠡᠬᠦ ᠠᠬᠢᠴᠠ ᠳᠤ ᠲᠦᠢᠯ ᠤᠨ ᠴᠢᠬᠤᠯᠠ ᠡᠭᠦᠷᠭᠡ ᠶᠢ ᠡᠭᠦᠷᠭᠡᠯᠡᠵᠦ ᠪᠠᠶᠢᠨ᠎ᠠ᠃ ᠬᠠᠳᠠᠪᠴᠢ ᠪᠠᠯᠭᠠᠰᠤ ᠨᠢ ᠥᠪᠡᠷᠲᠡᠭᠡᠨ ᠵᠠᠰᠠᠬᠤ ᠣᠷᠣᠨ᠂ ᠠᠶᠢᠮᠠᠭ ᠤᠨ ᠨᠠᠮ ᠤᠨ         ᠬᠤᠷᠢᠶ᠎ᠠ᠂ ᠬᠤᠰᠢᠭᠤ ᠨᠠᠮ ᠤᠨ ᠬᠤᠷᠢᠶᠠᠨ ᠤ ᠪᠠᠶᠢᠷᠢᠯᠠᠭᠤᠯᠤᠯᠲᠠ ᠲᠣᠬᠢᠷᠠᠭᠤᠯᠤᠯᠲᠠ ᠶᠢ ᠢᠳᠡᠪᠬᠢᠲᠡᠶ ᠳᠠᠭᠠᠵᠤ᠂ ᠳᠡᠭᠡᠳᠦ ᠬᠡᠮᠵᠢᠶᠡᠨ ᠤ ᠬᠠᠷᠢᠭᠤᠴᠠᠯᠭᠠᠲᠤ ᠤᠪᠤᠷ ᠪᠠ ᠡᠭᠦᠷᠭᠡᠲᠦ ᠰᠡᠳᠬᠢᠯᠭᠡ ᠪᠠᠷ ︽ᠠᠵᠤ ᠠᠬᠤᠶᠢᠯᠠᠯ ᠢ ᠲᠤᠰᠠᠯᠠᠬᠤ ᠠᠵᠢᠯᠯᠠᠭ᠎ᠠ︾᠎ ᠶᠢ ᠪᠠᠯᠭᠠᠰᠤᠨ ᠤ ᠬᠡᠪᠴᠢᠶᠡᠨ ᠳᠤ ᠦᠷᠨᠢᠬᠦᠯᠵᠤ᠂ ᠪᠥᠬᠦ ᠬᠦᠴᠦᠨ ᠢᠶᠠᠷ ᠢᠶᠠᠨ ᠠᠬᠢᠭᠤᠯᠤᠨ᠂ ᠲᠤᠬᠠᠢ ᠎ ᠶᠢᠨ ᠭᠠᠵᠠᠷ ᠤᠨ ᠠᠵᠤ ᠠᠬᠤᠶᠢᠯᠠᠯ ᠳᠤ ᠴᠢᠨᠠᠷ ᠰᠠᠶᠢᠲᠠᠶ ᠬᠥᠭᠵᠢᠯᠲᠡ ᠶᠢᠨ ᠣᠷᠴᠢᠨ ᠲᠣᠭᠤᠷᠢᠨ ᠢ ᠪᠣᠶ ᠪᠣᠯᠭᠠᠵᠤ᠂ ᠠᠵᠤ ᠠᠬᠤᠶᠢᠯᠠᠯ ᠤᠨ ᠬᠡᠷᠡᠭᠴᠡᠭᠡ ᠱᠠᠭᠠᠷᠳᠠᠯᠭ᠎ᠠ ᠲᠠᠢ ᠨᠡᠶᠢᠴᠡᠬᠦᠯᠵᠤ᠂ ᠠᠵᠤ ᠠᠬᠤᠶᠢᠯᠠᠯ ᠤᠨ ᠬᠥᠭᠵᠢᠯᠲᠡ ᠳᠤ ᠬᠦᠴᠦᠨ ᠨᠡᠮᠡᠷᠢᠯᠡᠵᠦ᠂ ᠠᠵᠤ ᠠᠬᠤᠶᠢᠯᠠᠯ ᠤᠨ ᠬᠥᠭᠵᠢᠯᠲᠡ ᠳᠤ ᠲᠤᠯᠭᠠᠷᠠᠵᠤ ᠪᠠᠶᠢᠭ᠎ᠠ ᠠᠰᠠᠭᠤᠳᠠᠯ ᠢ   ᠰᠢᠢᠳᠪᠦᠷᠢᠯᠡᠨ᠂  ᠬᠦᠭᠵᠢᠯᠲᠡ ᠶᠢᠨ ᠶᠠᠰᠤ ᠴᠢᠨᠠᠷ ᠢ ᠪᠠᠬᠢᠵᠢᠭᠦᠯᠪᠡ᠃      ᠨᠢᠭᠡ᠂ ᠮᠠᠯᠴᠢᠳ ᠪᠤᠯᠤᠨ ᠠᠵᠤ ᠠᠬᠤᠶᠢᠯᠠᠯ ᠤᠨ ᠬᠠᠷᠢᠴᠠᠭ᠎ᠠ ᠶᠢ ᠡᠶᠡᠳᠡᠭᠦᠯᠦᠨ᠂ ᠡᠶ᠎ᠡ ᠵᠣᠬᠢᠴᠠᠯ ᠲᠠᠢ ᠬᠥᠭᠵᠢᠬᠦ ᠣᠷᠴᠢᠨ ᠠᠬᠤᠶ ᠶᠢ ᠪᠤᠶ ᠪᠤᠯᠭᠠᠪᠠ᠃ ᠪᠠᠯᠭᠠᠰᠤᠨ ᠤ ᠨᠠᠮ ᠤᠨ ᠬᠤᠷᠢᠶ᠎ᠠ ᠨᠢ ᠮᠠᠯᠴᠢᠳ ᠪᠤᠯᠤᠨ ᠠᠵᠤ ᠠᠬᠤᠶᠢᠯᠠᠯ ᠤᠨ ᠬᠠᠷᠢᠴᠠᠭ᠎ᠠ ᠎ ᠶᠢ ᠡᠶᠡᠳᠡᠭᠦᠯᠬᠦ ᠶᠢᠨ ᠴᠢᠬᠤᠯᠠ ᠴᠢᠨᠠᠷ ᠢ ᠬᠦᠨᠵᠡᠭᠡᠢ ᠲᠠᠨᠢᠵᠤ᠂ ᠬᠡᠰᠡᠭ ᠠᠵᠤ ᠠᠬᠤᠶᠢᠯᠠᠯ ᠪᠣᠯᠤᠨ ᠮᠠᠯᠵᠢᠬᠤ ᠡᠷᠦᠬᠡ ᠶᠢᠨ ᠬᠤᠭᠤᠷᠣᠨᠳᠣ ᠣᠷᠣᠰᠢᠵᠤ ᠪᠠᠶᠢᠭ᠎ᠠ ᠵᠥᠷᠢᠴᠡᠯ ᠳᠤ ᠴᠢᠭᠯᠡᠭᠦᠯᠦᠨ᠂ ᠠᠵᠤ ᠠᠬᠤᠶᠢᠯᠠᠯ ᠪᠣᠯᠤᠨ ᠮᠠᠯᠵᠢᠬᠤ ᠡᠷᠦᠬᠡ ᠶᠢᠨ ᠬᠡᠷ ᠲᠤ ᠭᠦᠨᠵᠡᠭᠡᠶᠢᠷᠡᠵᠦ᠂ ᠵᠥᠷᠢᠴᠡᠯ ᠤᠨ ᠦᠨᠳᠦᠰᠦ ᠰᠤᠷᠪᠤᠯᠵᠢ ᠶᠢ ᠨᠠᠷᠢᠨ ᠣᠶᠢᠯᠠᠭᠠᠵᠤ᠂ ᠬᠤᠶᠠᠷ ᠲᠠᠯ᠎ᠠ ᠶᠢᠨ ᠬᠦᠰᠡᠯ ᠱᠠᠭᠠᠷᠳᠠᠯᠭ᠎ᠠ ᠶᠢ ᠰᠣᠨᠣᠰᠪᠠ᠃ ᠣᠯᠠᠨ ᠤᠳᠠᠭᠠᠨ ᠤ ᠡᠶᠡᠳᠡᠭᠦᠯᠭᠡ ᠪᠠᠷ ᠳᠠᠮᠵᠢᠨ᠂ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠪᠣᠯᠤᠨ ᠲᠥᠷᠦ ᠶᠢᠨ ᠪᠣᠳᠣᠯᠭ᠎ᠠ ᠶᠢ ᠤᠬᠠᠭᠤᠯᠵᠤ᠂ ᠬᠤᠶᠠᠷ ᠲᠠᠯ᠎ᠠ ᠶᠢ ᠬᠦᠯᠢᠴᠡᠩᠭᠦᠶ ᠪᠠᠷ ᠬᠥᠲᠥᠯᠥᠨ ᠵᠢᠯᠣᠭᠤᠳᠴᠤ᠂ ᠮᠠᠯᠵᠢᠬᠤ ᠡᠷᠦᠬᠡ ᠎ ᠤᠨ ᠠᠵᠤ ᠠᠬᠤᠶᠢᠯᠠᠯ ᠤᠨ ᠦᠢᠯᠡᠪᠤᠷᠢᠯᠡᠯ ᠡᠵᠡᠩᠨᠡᠯᠲᠡ ᠳᠤ ᠳᠡᠮᠵᠢᠯᠭᠡ ᠦᠵᠡᠭᠦᠯᠵᠦ᠂ ᠠᠵᠤ ᠠᠬᠤᠶᠢᠯᠠᠯ ᠤᠨ ᠲᠣᠭᠲᠠᠭᠤᠨ ᠬᠦᠭᠵᠢᠯᠲᠡ ᠳᠤ ᠡᠶ᠎ᠡ ᠵᠤᠬᠢᠴᠠᠩᠭᠤᠢ ᠣᠷᠴᠢᠨ ᠲᠣᠭᠤᠷᠢᠨ ᠢ ᠡᠭᠦᠳᠴᠤ ᠦᠭᠪᠡ᠃ ᠦᠨᠦ ᠵᠢᠯ ᠤᠨ ᠡᠬᠢ ᠪᠠᠷ᠂ ᠤᠯᠤᠰ ᠤᠨ ᠭᠠᠳᠠᠨ᠎ᠠ ᠠᠴᠠ ᠡᠪᠡᠰᠦ ᠤᠷᠤᠭᠤᠯᠤᠨ ᠪᠤᠷᠤᠯᠠᠭᠤᠯᠵᠤ ᠪᠠᠶᠢᠭ᠎ᠠ 4 ᠠᠵᠤ ᠠᠬᠤᠶᠢᠯᠠᠯ ᠤᠨ ᠲᠤᠰ ᠪᠡᠶ᠎ᠡ ᠤᠨ ᠬᠢᠨᠠᠯᠲᠠ ᠬᠠᠮᠢᠶᠠᠷᠤᠯᠲᠠ ᠶᠢᠨ ᠱᠠᠭᠠᠷᠳᠠᠯᠭ᠎ᠠ ᠮᠡᠬᠦᠰ ᠠᠴᠠ ᠪᠤᠯᠵᠤ ᠬᠡᠳᠦᠨ ᠠᠷᠪᠠᠨ ᠲᠣᠨ ᠡᠪᠡᠰᠦ ᠪᠣᠷᠳᠤᠭ᠎ᠠ ᠨᠢ ᠪᠤᠭᠤᠮᠲᠠ ᠪᠠᠷ ᠤᠷᠤᠵᠤ ᠢᠷᠡᠭᠰᠡᠨ ᠤ ᠳᠠᠷᠠᠭ᠎ᠠ ᠡᠪᠡᠰᠦ ᠪᠠᠨ ᠪᠠᠭᠤᠯᠭᠠᠬᠤ ᠭᠠᠵᠠᠷ ᠦᠭᠡᠢ ᠪᠠᠶᠢᠳᠠᠯ ᠎ ᠳᠤ ᠴᠢᠭᠯᠡᠭᠦᠯᠦᠨ ᠪᠠᠯᠭᠠᠰᠤᠨ ᠤ ᠨᠠᠮ ᠤᠨ ᠬᠤᠷᠢᠶ᠎ᠠ ᠨᠢ ᠵᠤᠬᠢᠬᠤ ᠠᠷᠭ᠎ᠠ ᠬᠡᠮᠵᠢᠶ᠎ᠡ ᠠᠪᠴᠦ᠂ ᠭᠠᠴᠠᠭ᠎ᠠ ᠲᠠᠢ ᠬᠠᠷᠢᠯᠴᠠᠨ ᠡᠪᠡᠰᠦ ᠪᠠᠭᠤᠯᠭᠠᠬᠤ ᠳᠤᠬᠢᠷᠠᠮᠵᠢᠲᠠᠢ ᠭᠠᠵᠠᠷ ᠤᠯᠭᠤᠵᠤ᠂ ᠠᠵᠤ ᠠᠬᠤᠶᠢᠯᠠᠯ ᠳᠤ ᠲᠦᠷ ᠴᠠᠭ ᠤᠨ ᠬᠢᠨᠠᠨ ᠬᠠᠮᠢᠶᠠᠷᠴᠤ ᠬᠠᠳᠠᠭᠠᠯᠠᠬᠤ ᠲᠠᠯᠠᠪᠤᠷ ᠬᠠᠩᠭᠠᠵᠤ᠂ ᠡᠪᠡᠰᠦ ᠪᠣᠷᠳᠤᠭ᠎ᠠ ᠶᠢ ᠲᠣᠬᠢᠲᠠᠶ ᠬᠠᠳᠠᠭᠠᠯᠠᠬᠤ ᠶᠢ ᠦᠨᠡᠨ ᠬᠦ ᠪᠠᠲᠤᠯᠠᠪᠠ᠃      ᠬᠤᠶᠠᠷ᠂ ᠰᠤᠯᠠ ᠪᠠᠶᠢᠭ᠎ᠠ ᠡᠬᠢ ᠪᠠᠶᠠᠯᠢᠭ ᠢ ᠲᠤᠬᠢᠲᠠᠢ ᠠᠰᠢᠭᠯᠠᠵᠤ᠂ ᠠᠵᠤ ᠠᠬᠤᠶᠢᠯᠠᠯ ᠳᠤ ᠬᠡᠷᠡᠭᠯᠡᠬᠦ ᠭᠡᠷ ᠪᠠᠶᠢᠰᠢᠩ ᠤᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠪᠠ᠃ ᠲᠤᠬᠠᠢ ᠶᠢᠨ ᠭᠠᠵᠠᠷ ᠤᠨ ᠠᠵᠤ ᠠᠬᠤᠶᠢᠯᠠᠯ ᠤᠨ ᠠᠯᠪᠠᠯᠠᠬᠤ ᠭᠠᠵᠠᠷ ᠪᠠᠴᠢᠮ ᠱᠭᠠᠷᠳᠠᠭᠳᠠᠵᠤ ᠪᠠᠶᠢᠭ᠎ᠠ ᠪᠠᠶᠢᠳᠠᠯ ᠳᠤ ᠬᠠᠨᠳᠤᠭᠤᠯᠵᠤ᠂ ᠪᠠᠯᠭᠠᠰᠤᠨ ᠤ ᠨᠠᠮ ᠤᠨ ᠬᠤᠷᠢᠶ᠎ᠠ ᠨᠢ ᠪᠠᠯᠭᠠᠰᠤ ᠲᠤᠭᠤᠷᠢᠭ ᠳᠤ ᠰᠤᠯᠠ ᠬᠠᠶᠠᠭᠳᠠᠵᠤ ᠪᠠᠶᠢᠭ᠎ᠠ ᠭᠡᠷ ᠤᠷᠤᠨ ᠢ ᠠᠰᠠᠭᠤᠨ ᠤᠶᠢᠯᠭᠠᠵᠤ᠂ ᠪᠠᠯᠭᠠᠰᠤᠨ ᠤ ᠨᠠᠮ ᠤᠨ ᠬᠤᠷᠢᠶ᠎ᠠ ᠬᠥᠭᠦᠷᠭᠡ ᠬᠤᠯᠪᠣᠭᠠᠰᠤ ᠪᠣᠯᠵᠣ᠂ ᠠᠵᠤ ᠠᠬᠤᠶᠢᠯᠠᠯ ᠬᠢᠭᠡᠳ ᠥᠮᠴᠢᠯᠡᠬᠦ ᠡᠷᠬᠡ ᠶᠢᠨ ᠨᠢᠭᠡᠴᠡ ᠶᠢᠨ ᠲᠦᠷᠢᠶᠡᠰᠦᠯᠡᠬᠦ ᠬᠡᠯᠡᠯᠴᠡᠭᠡᠷ ᠲᠣᠭᠲᠠᠬᠤ ᠶᠢ ᠠᠬᠢᠭᠤᠯᠵᠤ᠂ ᠠᠵᠤ ᠠᠬᠤᠶᠢᠯᠠᠯ ᠳᠤ ᠠᠯᠪᠠᠨ ᠭᠡᠷ ᠬᠠᠩᠭᠠᠨ᠂ ᠠᠵᠤ ᠠᠬᠤᠶᠢᠯᠠᠯ ᠢ ᠬᠠᠪᠰᠤᠷᠤᠨ ᠦᠭᠡᠷᠡᠴᠢᠯᠡᠨ ᠵᠠᠰᠠᠬᠤ ᠶᠢ ᠪᠡᠶᠡᠯᠡᠬᠦᠯᠵᠤ᠂ ᠠᠵᠤ ᠠᠬᠤᠶᠢᠯᠠᠯ ᠤᠨ ᠠᠵᠢᠯ ᠤᠨ ᠠᠬᠢᠴᠠ ᠶᠢ ᠲᠦᠷᠭᠡᠳᠬᠡᠵᠤ᠂ ᠳᠡᠲᠡᠨ ᠤ ᠪᠠᠴᠢᠮ ᠬᠡᠷᠡᠭᠴᠡᠭᠡ ᠶᠢ ᠰᠢᠢᠳᠪᠤᠷᠢᠯᠡᠵᠤ ᠦᠭᠭᠦᠭᠰᠡᠨ ᠪᠠᠶᠢᠨ᠎ᠠ᠃      ᠭᠤᠷᠪᠠ᠂ ᠤᠤᠭᠤᠬᠤ ᠤᠰᠤᠨ ᠤ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠠᠵᠤ ᠠᠬᠤᠶᠢᠯᠠᠯ ᠤᠨ ᠠᠶᠤᠯᠭᠦᠶ ᠦᠢᠯᠡᠳᠪᠦᠷᠢᠯᠡᠯ ᠢ ᠪᠠᠲᠤᠯᠠᠪᠠ᠃ ᠠᠶᠤᠯ ᠦᠭᠡᠶ ᠤᠰᠤ ᠬᠡᠷᠡᠭᠯᠡᠬᠦ ᠶᠠᠪᠤᠳᠠᠯ ᠪᠣᠯ ᠠᠵᠤ ᠠᠬᠤᠶᠢᠯᠠᠯ ᠤᠨ ᠦᠢᠯᠡᠳᠪᠦᠷᠢᠯᠡᠯ ᠤᠨ ᠦᠨᠳᠦᠰᠦᠨ ᠪᠠᠲᠤᠯᠠᠭ᠎ᠠ ᠪᠣᠯᠤᠨ᠎ᠠ᠃ ᠤᠰᠤᠨ ᠤ ᠴᠢᠨᠠᠷ ᠪᠠᠷᠢᠮᠵᠢᠶ᠎ᠠ ᠳᠤ ᠬᠦᠷᠬᠦ ᠦᠭᠡᠶ᠂ ᠤᠰᠤᠨ ᠤ ᠬᠡᠮᠵᠢᠶ᠎ᠡ ᠲᠣᠭᠲᠠᠭᠤᠨ ᠪᠤᠰᠤ ᠪᠠᠶᠢᠬᠤ ᠵᠡᠷᠭᠡ ᠠᠰᠠᠭᠤᠳᠠᠯ ᠳᠤ ᠴᠢᠭᠯᠡᠭᠦᠯᠦᠨ᠂ ᠪᠠᠯᠭᠠᠰᠤᠨ ᠤ ᠨᠠᠮ ᠤᠨ ᠬᠤᠷᠢᠶ᠎ᠠ ᠨᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠂ ᠨᠢᠭᠡ ᠲᠠᠯ᠎ᠠ ᠪᠠᠷ᠂ ᠠᠵᠤ ᠠᠬᠤᠶᠢᠯᠠᠯ ᠳᠤ ᠤᠰᠤ ᠬᠠᠩᠭᠠᠵᠤ᠂ ᠠᠵᠤ ᠠᠬᠤᠶᠢᠯᠠᠯ ᠤᠨ ᠠᠮᠢᠳᠤᠷᠠᠯ ᠳᠤ ᠬᠡᠷᠡᠭᠯᠡᠬᠦ ᠤᠰᠤᠨ ᠤ ᠪᠠᠴᠢᠮ ᠪᠠᠶᠢᠳᠠᠯ ᠢ ᠰᠢᠢᠳᠪᠦᠷᠢᠯᠡᠪᠡ︔ ᠨᠥᠭᠦᠭᠡ ᠲᠠᠯ᠎ᠠ ᠪᠠᠷ᠂ ᠲᠤᠰᠬᠠᠶ ᠮᠡᠷᠭᠡᠵᠢᠯ ᠤᠨ ᠠᠵᠢᠯᠲᠠᠨ ᠲᠠᠢ ᠬᠠᠷᠢᠯᠴᠠᠵᠤ᠂ ᠠᠵᠤ ᠠᠬᠤᠶᠢᠯᠠᠯ ᠤᠨ ᠡᠷᠬᠢᠨ ᠲᠣᠭᠤᠷᠢᠨ ᠤ ᠤᠰᠤᠨ ᠤ ᠡᠬᠢ ᠰᠤᠷᠪᠤᠯᠵᠢ ᠶᠢᠨ ᠬᠠᠶᠢᠨ ᠪᠠᠶᠢᠴᠠᠭᠠᠯᠲᠠ ᠶᠢᠨ ᠪᠠᠶᠢᠳᠠᠯ ᠢ ᠦᠨᠳᠦᠰᠦᠯᠡᠨ᠂ ᠠᠵᠤ ᠠᠬᠤᠶᠢᠯᠠᠯ ᠤᠨ ᠤᠰᠤ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠶᠢ ᠦᠨᠳᠦᠰᠦᠯᠡᠨ᠂ ᠰᠢᠨᠵᠢᠯᠡᠬᠦ ᠤᠬᠠᠭᠠᠨᠴᠢ ᠵᠦᠶ ᠵᠣᠬᠢᠰᠲᠠᠶ ᠤᠰᠤ ᠬᠡᠷᠡᠭᠯᠡᠬᠦ ᠲᠥᠰᠦᠯ ᠢ ᠲᠣᠭᠲᠠᠭᠠᠬᠤ ᠶᠢᠨ ᠬᠠᠮᠲᠤ ᠠᠵᠤ ᠠᠬᠤᠶᠢᠯᠠᠯ ᠢ ᠬᠠᠮᠵᠢᠨ ᠬᠠᠮᠢᠶ᠎ᠠ ᠪᠦᠬᠦᠢ ᠤᠰᠤ ᠬᠡᠷᠡᠭᠯᠡᠬᠦ ᠭᠠᠷᠳᠠᠮ ᠢ ᠬᠦᠢᠴᠡᠳᠬᠡᠵᠤ᠂ ᠠᠵᠤ ᠠᠬᠤᠶᠢᠯᠠᠯ ᠤᠨ ᠤᠤᠭᠤᠬᠤ ᠤᠰᠤᠨ ᠤ ᠠᠮᠤᠷ ᠲᠦᠪᠰᠢᠨ ᠤ ᠠᠰᠠᠭᠤᠳᠠᠯ ᠢ ᠠᠮᠵᠢᠯᠲᠠ ᠲᠠᠢ ᠰᠢᠢᠳᠪᠦᠷᠢᠯᠡᠪᠡ᠃      ᠳᠠᠷᠠᠭᠠᠴᠢ ᠶᠢᠨ ᠠᠯᠬᠤᠮ ᠳᠤ᠂ ᠬᠠᠲᠠᠪᠴᠢ ᠪᠠᠯᠭᠠᠰᠤ ᠨᠢ ᠨᠠᠮ ᠤᠨ ᠪᠠᠶᠢᠭᠤᠯᠤᠯᠲᠠ ᠪᠠᠷ ᠬᠦᠳᠦᠯᠦᠨ ᠳᠠᠭᠠᠭᠤᠯᠬᠤ ᠶᠢ ᠪᠠᠷᠢᠮᠲᠠᠯᠠᠵᠤ᠂ ᠭᠤᠣᠯ ᠬᠠᠷᠢᠭᠤᠴᠠᠯᠭ᠎ᠠ ᠭᠤᠣᠯ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂       ︽ᠵᠢᠷᠭᠤᠭᠠᠨ ᠶᠡᠭᠡ ᠠᠵᠢᠯᠯᠠᠭ᠎ᠠ︾᠎ ᠎ ᠶᠢ ᠬᠦᠨᠵᠡᠭᠡᠶᠢᠷᠡᠬᠦᠯᠦᠨ ᠠᠬᠢᠭᠤᠯᠵᠤ᠂ ᠦᠵᠡᠯ ᠰᠠᠨᠠᠭ᠎ᠠ᠂ ᠤᠯᠤᠰ ᠲᠦᠷᠦ ᠶᠢᠨ ᠲᠠᠯ᠎ᠠ ᠪᠠᠷ ᠴᠢᠩᠭ᠎ᠠ ᠳᠠᠭᠠᠵᠤ᠂ ︽ᠵᠢᠷᠭᠤᠭᠠᠨ ᠠᠵᠢᠯᠯᠠᠭ᠎ᠠ︾᠎ ᠪᠠᠷ ᠬᠥᠲᠥᠯᠦᠮᠵᠢ ᠪᠣᠯᠭᠠᠨ ᠪᠦᠬᠦ ᠵᠢᠯ ᠤᠨ ᠡᠯ᠎ᠡ ᠵᠦᠢᠯ ᠤᠨ ᠬᠠᠷᠠᠯᠲᠠ ᠡᠭᠦᠷᠭᠡ ᠪᠠᠨ ᠪᠡᠶᠡᠯᠡᠭᠦᠯᠵᠦ᠂ ᠠᠵᠢᠯ ᠤᠨ ᠪᠦᠲᠦᠮᠵᠢ ᠪᠠᠨ ᠲᠦᠷᠭᠡᠳᠬᠡᠨ ᠨᠠᠶᠢᠳᠠᠪᠤᠷᠢᠵᠢᠭᠤᠯᠤᠯᠲᠠ ᠶᠢ ᠠᠳᠬᠤᠵᠤ᠂ ᠪᠦᠬᠦ ᠪᠠᠯᠭᠠᠰᠤᠨ ᠤ ᠴᠢᠨᠠᠷ ᠰᠠᠶᠢᠲᠠᠢ ᠬᠥᠭᠵᠢᠯᠲᠡ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠪᠣᠯᠤᠨ᠎ᠠ᠃
 
ᠢᠷᠡᠯᠲᠡ᠄ ᠬᠠᠳᠠᠪᠴᠢ ᠪᠠᠯᠭᠠᠰᠣ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号