ᠲᠠᠪᠤᠨ ᠰᠠᠷ᠎ᠠ ᠶᠢᠨ ᠲᠠᠯ᠎ᠠ ᠨᠤᠲᠤᠭ ᠤᠨ ᠡᠪᠡᠰᠦ ᠮᠣᠳᠣ ᠤᠷᠭᠤᠵᠤ᠂ ᠵᠡᠭᠦᠨ ᠦᠵᠦᠮᠦᠴᠢᠨ ᠬᠤᠰᠢᠭᠤᠨ ᠤ | ᠰᠠᠮᠠᠢ ᠰᠤᠮᠤ ᠶᠢᠨ ︽ᠠᠨᠠᠷ ᠤᠨ ᠦᠷ᠎ᠡ ᠶᠢᠨ ᠨᠡᠭᠦᠳᠡᠯ ᠢᠰᠡᠭᠡᠶ ᠭᠡᠷ︾ ᠨᠢ ᠮᠠᠯᠵᠢᠬᠤ ᠣᠷᠣᠨ ᠤ ᠬᠠᠮᠤᠭ ᠤᠨ | ᠳᠤᠯᠠᠭᠠᠨ ︽ᠲᠥᠷᠥ ᠶᠢᠨ ᠪᠣᠳᠣᠯᠭ᠎ᠠ ᠶᠢᠨ ᠥᠷᠲᠡᠭᠡ︾ ᠪᠣᠯᠤᠭᠰᠠᠨ ᠪᠠᠶᠢᠨ᠎ᠠ᠃ ᠰᠢ ᠶᠢᠨ ᠫᠢᠩ ᠶᠡᠷᠦᠩᠬᠡᠶ | ᠱᠦᠵᠢ ᠶᠢᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠶᠢ | ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠲᠤ ᠪᠠᠬᠢ ᠪᠣᠶ ᠪᠣᠯᠭᠠᠬᠤ ᠶᠢᠨ ᠲᠥᠯᠥᠭᠡ᠂ ᠣᠶᠢᠷ᠎ᠠ ᠳᠤ᠂ ᠰᠠᠮᠠᠢ ᠰᠤᠮᠤ ᠨᠢ ᠭᠠᠴᠠᠭᠠᠨ ᠤ ᠮᠠᠯᠴᠢᠨ | ᠲᠦᠮᠡᠨ ᠢ ᠲᠥᠪᠯᠡᠷᠡᠭᠦᠯᠦᠨ ᠠᠵᠢᠯᠯᠠᠬᠤ ᠴᠠᠭ ᠲᠣᠬᠢᠶᠠᠯ ᠢ ᠠᠮᠵᠢᠨ᠂ ︽ᠰᠠᠬᠢᠨ ᠪᠠᠷᠠᠯᠠᠵᠤ ᠬᠠᠷᠢᠯᠴᠠᠨ | ᠬᠠᠪᠰᠤᠷᠤᠯᠴᠠᠵᠤ᠂ ᠪᠦᠯᠬᠦᠮᠳᠡᠨ ᠲᠡᠮᠡᠴᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠪᠠᠶᠢᠭᠤᠯᠤᠯᠲᠠ ᠶᠢ ᠪᠥᠬᠦ ᠲᠠᠯ᠎ᠠ ᠪᠠᠷ ᠳᠥᠯᠭᠢᠨ ᠠᠬᠢᠭᠤᠯᠬᠤ︾ ᠡᠨᠡ ᠬᠦ ᠭᠤᠤᠯ ᠰᠡᠳᠦᠪ ᠤᠨ ᠲᠣᠭᠤᠷᠢᠨ ᠳᠤ᠂ | ︽ᠠᠨᠠᠷ ᠤᠨ ᠦᠷ᠎ᠡ ᠶᠢᠨ ᠨᠡᠭᠦᠳᠡᠯ ᠢᠰᠡᠭᠡᠢ ᠬᠡᠷ︾ ᠲᠤ ᠲᠦᠰᠢᠭᠯᠡᠨ ᠮᠠᠯᠵᠢᠬᠤ ᠣᠷᠣᠨ ᠤ ᠨᠢᠭᠡᠳᠦᠭᠡᠷ | ᠹᠷᠣᠨᠲ ᠲᠤ ᠭᠦᠨᠵᠡᠭᠡᠶᠢᠷᠡᠵᠦ᠂ 2025 ᠣᠨ ᠤ ︽ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ | ᠤᠬᠠᠭᠤᠯᠭ᠎ᠠ ᠶᠢᠨ ᠰᠠᠷ᠎ᠠ︾ ᠶᠢᠨ ᠠᠵᠢᠯᠯᠠᠭ᠎ᠠ ᠶᠢ ᠥᠷᠨᠢᠭᠦᠯᠵᠦ᠂ ᠮᠠᠯᠵᠢᠬᠤ ᠣᠷᠣᠨ ᠤ ᠶᠠᠭᠠᠷᠠᠯᠲᠠᠶ ᠴᠠᠭ ᠦᠶ᠎ᠡ ᠳᠤ᠂ | ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢ ᠮᠠᠯ ᠠᠵᠤ ᠠᠬᠤᠶ ᠶᠢᠨ ᠦᠢᠯᠡᠳᠪᠦᠷᠢᠯᠡᠯ ᠯᠦᠭᠡ | ᠵᠡᠷᠭᠡᠪᠡᠷ ᠶᠠᠪᠤᠭᠳᠠᠭᠤᠯᠵᠤ᠂ ᠣᠯᠠᠨ ᠲᠦᠮᠡᠨ ᠳᠤ ᠦᠢᠯᠡᠴᠢᠯᠡᠬᠦ ︽ᠡᠴᠦᠰ ᠤᠨ ᠨᠢᠭᠡ ᠺᠢᠯᠣᠮᠧᠳ᠋ᠷ︾ ᠢ ᠨᠡᠪᠲᠡᠷᠡᠭᠦᠯᠪᠡ | ᠃ | ᠠᠵᠢᠯᠯᠠᠭ᠎ᠠ ᠶᠢᠨ ᠬᠤᠭᠤᠴᠠᠭᠠᠨ ᠳᠤ᠂ ᠰᠠᠮᠠᠢ ᠰᠤᠮᠤ ᠶᠢᠨ ᠠᠵᠢᠯᠲᠠᠳ ᠠᠨᠠᠷ ᠤᠨ ᠦᠷ᠎ᠡ ᠶᠢᠨ ᠨᠡᠭᠦᠳᠡᠯ | ᠢᠰᠡᠭᠡᠢ ᠭᠡᠷ ᠢ ᠪᠠᠶ᠋ᠬᠠᠤᠪᠤᠭ᠎ᠠ ᠭᠠᠴᠠᠭᠠᠨ ᠤ ᠮᠠᠯᠴᠢᠳ ᠤᠨ ᠠᠵᠢᠯᠯᠠᠵᠤ ᠪᠠᠶᠢᠭ᠎ᠠ ᠲᠤᠬᠠᠢ ᠶᠢᠨ ᠲᠠᠯᠠᠪᠠᠢ ᠳᠤ | ᠪᠤᠰᠬᠠᠵᠤ᠂ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ︾᠂ ︽ | ᠦᠨᠳᠦᠰᠦᠲᠡᠨ ᠨᠦᠭᠦᠳ ᠪᠦᠯᠬᠦᠮᠳᠡᠨ ᠨᠢᠭᠡ ᠭᠡᠷ ᠤᠨ ᠬᠥᠮᠦᠨ ᠮᠡᠲᠦ ᠳᠣᠲᠣᠨᠣ︾ ᠵᠡᠷᠭᠡ ᠤᠬᠠᠭᠤᠯᠭ᠎ᠠ ᠶᠢᠨ ᠤᠷᠢᠶ᠎ᠠ | ᠯᠣᠽᠦ᠋ᠩ ᠡᠯᠭᠦᠪᠡ᠃ ᠰᠤᠮᠤᠨ ᠤ ᠺᠠᠳ᠋ᠷᠴᠤᠳ ᠮᠠᠯᠵᠢᠬᠤ ᠣᠷᠣᠨ ᠤ ᠦᠢᠯᠡᠳᠪᠦᠷᠢᠯᠡᠯ ᠠᠮᠢᠳᠤᠷᠠᠯ ᠤᠨ ᠪᠣᠳᠠᠲᠤ | ᠪᠠᠶᠢᠳᠠᠯ ᠲᠠᠢ ᠤᠶᠠᠯᠳᠤᠭᠤᠯᠤᠨ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠪᠥᠬᠦ ᠤᠯᠤᠰ ᠤᠨ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠪᠠ ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ | ᠠᠷᠠᠳ ᠤᠯᠤᠰ ᠤᠨ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠤᠨ ᠬᠠᠤᠯᠢ︾᠂ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠥᠬᠦ ᠣᠷᠣᠨ ᠪᠠᠶᠢᠷᠢ ᠶᠢᠨ ᠪᠠᠶᠢᠭᠤᠯᠤᠯᠲᠠ ᠶᠢᠨ ᠵᠢᠱᠢᠶᠡᠴᠢ | ᠥᠪᠡᠷᠲᠡᠭᠡᠨ ᠵᠠᠰᠠᠬᠤ ᠣᠷᠣᠨ ᠢ ᠠᠬᠢᠭᠤᠯᠬᠤ ᠲᠦᠷᠢᠮ︾ ᠵᠡᠷᠭᠡ ᠠᠭᠤᠯᠭ᠎ᠠ ᠶᠢᠨ ᠲᠣᠭᠤᠷᠢᠨ ᠳᠤ ᠭᠤᠤᠯᠳᠠᠭᠤ | ᠮᠣᠩᠭᠤᠯ ᠬᠢᠲᠠᠳ ᠬᠤᠤᠰ ᠬᠡᠯᠡ ᠪᠠᠷ ᠨᠠᠮ ᠤᠨ ᠦᠨᠳᠦᠰᠦᠲᠡᠨ ᠤ ᠣᠨᠣᠯ ᠲᠥᠷᠥ ᠶᠢᠨ ᠪᠣᠳᠣᠯᠭ᠎ᠠ ᠪᠠ ᠬᠠᠤᠯᠢ | ᠴᠠᠭᠠᠵᠠ ᠬᠠᠤᠯᠢ ᠲᠣᠭᠲᠠᠭᠠᠯ ᠵᠢᠴᠢ ᠠᠷᠠᠳ ᠲᠤ ᠠᠰᠢᠭ ᠬᠦᠷᠲᠡᠭᠡᠬᠦ ᠠᠷᠭ᠎ᠠ ᠬᠡᠮᠵᠢᠶ᠎ᠡ ᠶᠢ ᠲᠠᠶᠢᠯᠪᠤᠷᠢᠯᠠᠵᠤ᠂ | ᠮᠠᠯᠵᠢᠬᠤ ᠣᠷᠣᠨ ᠤ ᠬᠥᠭᠵᠢᠯᠲᠡ ᠬᠤᠪᠢᠷᠠᠯᠲᠠ᠂ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠬᠡᠷᠡᠭ ᠤᠨ | ᠵᠢᠱᠢᠶ᠎ᠡ ᠪᠠᠷ ᠵᠢᠱᠢᠶ᠎ᠡ ᠪᠣᠯᠭᠠᠵᠤ᠂ ᠮᠠᠯᠴᠢᠨ ᠲᠦᠮᠡᠨ ᠳᠤ ᠨᠠᠮ ᠤᠨ ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ | ᠠᠪᠴᠢᠷᠠᠭᠰᠠᠨ ᠪᠣᠳᠠᠲᠤ ᠠᠰᠢᠭ ᠲᠤᠰᠠ ᠶᠢ ᠮᠡᠳᠡᠷᠬᠦᠯᠪᠡ᠃ | ᠤᠬᠠᠭᠤᠯᠭ᠎ᠠ ᠶᠢᠨ ᠲᠠᠲᠠᠬᠤ ᠬᠦᠴᠦᠨ ᠢ ᠨᠡᠮᠡᠭᠳᠡᠭᠦᠯᠬᠦ ᠶᠢᠨ ᠲᠥᠯᠥᠭᠡ᠂ ᠠᠵᠢᠯᠯᠠᠭ᠎ᠠ ᠳᠤ ︽ᠲᠥᠷᠥ ᠶᠢᠨ | ᠪᠣᠳᠣᠯᠭ᠎ᠠ ᠶᠢᠨ ᠮᠡᠳᠡᠯᠭᠡ ᠶᠢᠨ ᠠᠰᠠᠭᠤᠯᠲᠠ ᠬᠠᠷᠢᠭᠤᠯᠲᠠ︾᠂ ᠺᠢᠨᠣ᠋ ᠦᠵᠡᠬᠦ ᠭᠤᠭᠴᠤᠭ᠎ᠠ ᠶᠢ ᠲᠣᠬᠢᠷᠠᠭᠤᠯᠵᠤ᠂ | ︽ᠣᠯᠠᠨ ᠢᠶᠠᠷ ᠢᠶᠠᠨ ᠡᠨᠡ ᠵᠢᠯ ᠤᠨ ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ | ᠰᠠᠷ᠎ᠠ ᠶᠢᠨ ᠭᠤᠤᠯ ᠰᠡᠳᠦᠪ ᠨᠢ ᠶᠠᠭᠤ ᠪᠣᠶ︖ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠲᠤᠳᠬᠠᠬᠤ ᠶᠢᠨ ᠭᠤᠣᠯᠳᠠᠯᠭ᠎ᠠ ᠨᠢ ᠶᠠᠭᠤ ᠪᠤᠢ︖ ᠰᠢᠨ᠎ᠡ ᠴᠠᠭ ᠦᠶ᠎ᠡ ᠶᠢᠨ ᠨᠠᠮ ᠤᠨ | ᠦᠨᠳᠦᠰᠦᠲᠡᠨ ᠤ ᠠᠵᠢᠯ ᠤᠨ ᠠᠷᠪᠠᠨ ᠬᠤᠶᠠᠷ ᠡᠷᠬᠡᠪᠰᠢ ᠶᠠᠭᠤ ᠬᠢᠬᠦ ᠪᠤᠢ︖ ᠵᠡᠷᠭᠡ ᠠᠰᠠᠭᠤᠯᠳᠠ ᠳᠤ ᠮᠠᠯᠴᠢᠨ | ᠲᠦᠮᠡᠨ ᠢᠳᠡᠪᠬᠢᠲᠡᠶ ᠣᠷᠣᠯᠴᠠᠵᠤ᠂ ᠡᠭᠦᠨ ᠤ ᠬᠠᠮᠲᠤ᠂ ᠦᠨᠳᠦᠰᠦᠲᠡᠨ ᠤ ᠪᠦᠯᠬᠦᠮᠳᠡᠯ ᠤᠨ ᠸᠢᠳᠢᠣ᠋ ᠮᠠᠲ᠋ᠧᠷᠢᠶᠠᠯ ᠢ | ᠲᠥᠪᠯᠡᠷᠡᠭᠦᠯᠦᠨ ᠦᠵᠡᠵᠦ᠂ ᠤᠬᠠᠭᠤᠯᠭ᠎ᠠ ᠶᠢᠨ ᠦᠷ᠎ᠡ ᠪᠦᠲᠦᠮᠵᠢ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠪᠡ᠃ | ᠠᠵᠢᠯᠯᠠᠭ᠎ᠠ ᠶᠢᠨ ᠲᠤᠬᠠᠶ ᠶᠢᠨ ᠲᠠᠯᠠᠪᠠᠶ ᠳᠤ᠂ ᠠᠵᠢᠯᠲᠠᠳ ᠮᠠᠯᠴᠢᠨ ᠲᠦᠮᠡᠨ ᠳᠤ ᠡᠯ᠎ᠡ ᠲᠥᠷᠥᠯ ᠤᠨ | ᠤᠬᠠᠭᠤᠯᠭ᠎ᠠ ᠶᠢᠨ ᠭᠠᠷ ᠳᠡᠪᠲᠡᠷ ᠢ 60 ᠭᠠᠷᠤᠶ ᠬᠤᠪᠢ ᠲᠠᠷᠬᠠᠭᠠᠬᠤ ᠶᠢᠨ ᠬᠠᠮᠲᠤ ᠮᠠᠯᠴᠢᠳ ᠤᠨ ᠠᠩᠬᠠᠷᠴᠤ | ᠪᠠᠶᠢᠭ᠎ᠠ ᠨᠤᠲᠤᠭ ᠪᠡᠯᠴᠢᠭᠡᠷ ᠤᠨ ᠨᠥᠬᠦᠪᠥᠷᠢ᠂ ᠡᠮ ᠡᠮᠨᠡᠯᠭᠡ ᠶᠢᠨ ᠳᠠᠭᠠᠳᠬᠠᠯ ᠤᠨ ᠲᠥᠷᠥ ᠶᠢᠨ ᠪᠣᠳᠣᠯᠭ᠎ᠠ ᠵᠡᠷᠭᠡ | ᠠᠰᠠᠭᠤᠳᠠᠯ ᠳᠤ ᠴᠢᠭᠯᠡᠭᠦᠯᠦᠨ ᠨᠢᠭᠡᠳ ᠨᠢᠭᠡ ᠪᠠᠷ ᠬᠠᠷᠢᠭᠤᠯᠲᠠ ᠥᠭᠴᠦ᠂ ᠲᠥᠷᠥ ᠶᠢᠨ ᠪᠣᠳᠣᠯᠭ᠎ᠠ ᠶᠢᠨ | ᠤᠬᠠᠭᠤᠯᠭ᠎ᠠ ᠶᠢᠨ ᠨᠠᠷᠢᠯᠢᠭ ᠣᠨᠣᠴᠠᠲᠠᠶ ᠶᠢ ᠦᠨᠡᠨ ᠬᠦ ᠪᠠᠲᠤᠯᠠᠪᠠ᠃ | ᠭᠠᠴᠠᠭᠠᠨ ᠤ ᠮᠠᠯᠴᠢᠨ ᠲᠦᠮᠡᠨ ᠤ ᠲᠥᠪᠯᠡᠷᠡᠭᠦᠯᠦᠨ ᠬᠥᠳᠡᠯᠮᠦᠷᠢᠯᠡᠬᠦ ᠲᠠᠢ ᠤᠶᠠᠯᠳᠤᠭᠤᠯᠤᠨ᠂ ᠰᠠᠮᠠᠢ ᠰᠤᠮᠤ | ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢ ᠠᠷᠠᠳ ᠲᠦᠮᠡᠨ ᠳᠤ ᠦᠶ᠋ᠯᠡᠴᠢᠯᠡᠭᠦᠯᠬᠦ ᠲᠠᠢ ᠤᠶᠠᠯᠳᠤᠭᠤᠯᠵᠤ᠂ | ᠨᠠᠮ ᠤᠨ ᠭᠡᠰᠢᠭᠦᠨ ᠰᠠᠶᠢᠨ ᠳᠤᠷ᠎ᠠ ᠶᠢᠨ ᠦᠢᠯᠡᠴᠢᠯᠡᠭᠴᠢᠳ ᠮᠠᠯ ᠪᠦᠷᠢᠳᠬᠡᠬᠦ ᠵᠡᠷᠭᠡ ᠠᠵᠢᠯ ᠳᠤ ᠢᠳᠡᠪᠬᠢᠲᠡᠶ | ᠣᠷᠣᠯᠴᠠᠪᠠ︔ ᠡᠷᠡᠭᠦᠯ ᠬᠠᠮᠠᠭᠠᠯᠠᠯ ᠤᠨ ᠬᠤᠷᠢᠶᠠᠨ ᠤ ᠠᠵᠢᠯᠲᠠᠳ ᠮᠠᠯᠴᠢᠳ ᠲᠤ ᠰᠦᠢᠳᠬᠡᠯ ᠬᠤᠷᠢᠶᠠᠬᠤ ᠥᠬᠡᠶ | ᠡᠮᠴᠢᠯᠡᠭᠡ ᠬᠠᠩᠭᠠᠵᠤ᠂ ᠡᠷᠡᠭᠦᠯ ᠮᠡᠨᠳᠦ ᠶᠢᠨ ᠮᠡᠳᠡᠯᠭᠡ ᠶᠢ ᠲᠦᠭᠡᠮᠡᠯᠵᠢᠭᠦᠯᠪᠡ︔ ᠬᠠᠤᠯᠢ ᠴᠠᠭᠠᠵᠠ ᠶᠢᠨ ᠺᠠᠳ᠋ᠷ | ᠬᠠᠤᠯᠢ ᠴᠠᠭᠠᠵᠠ ᠶᠢᠨ ᠵᠥᠪᠯᠡᠯᠭᠡ ᠥᠭᠴᠦ᠂ ᠬᠠᠤᠯᠢ ᠴᠠᠭᠠᠵᠠ ᠶᠢᠨ ᠮᠡᠳᠡᠯᠭᠡ ᠶᠢ ᠲᠦᠭᠡᠮᠡᠯᠵᠢᠭᠦᠯᠦᠨ᠂ ᠮᠠᠯᠵᠢᠬᠤ | ᠣᠷᠣᠨ ᠤ ᠵᠥᠷᠢᠴᠡᠯ ᠵᠢᠭᠤᠷᠠᠯᠳᠤᠭᠠᠨ ᠢ ᠠᠷᠢᠯᠭᠠᠪᠠ᠃ ︽ᠠᠵᠢᠯ ᠬᠢᠬᠦ ᠶᠢᠨ ᠳᠠᠭᠠᠤ ᠲᠦᠷᠦ ᠶᠢᠨ ᠪᠤᠳᠤᠯᠭ᠎ᠠ ᠶᠢ | ᠰᠤᠷᠤᠯᠴᠠᠵᠤ᠂ ᠪᠣᠳᠠᠲᠠᠢ ᠬᠦᠴᠢᠷᠳᠡᠯ ᠢ ᠪᠠᠰᠠ ᠰᠢᠢᠳᠪᠦᠷᠢᠯᠡᠵᠦ ᠴᠢᠳᠠᠨ᠎ᠠ᠂ ᠡᠶᠢᠮᠦᠷᠬᠦ ᠠᠵᠢᠯᠯᠠᠭ᠎ᠠ ᠨᠢ ᠦᠨᠡᠬᠡᠷ | ᠰᠡᠳᠬᠢᠯ ᠵᠢᠷᠦᠬᠡ ᠢ ᠳᠤᠯᠠᠭᠠᠴᠠᠭᠤᠯᠤᠨ᠎ᠠ︕︾ ᠭᠡᠵᠤ ᠮᠠᠯᠴᠢᠨ ᠭᠡᠰᠢᠭᠳᠦᠬᠦᠷᠡᠩ ᠬᠡᠯᠡᠨ᠎ᠠ᠃ | ᠲᠣᠰ ᠤᠳᠠᠭᠠᠨ ᠤ ︽ᠠᠨᠠᠷ ᠤᠨ ᠦᠷ᠎ᠡ ᠶᠢᠨ ᠨᠡᠭᠦᠳᠡᠯ ᠬᠡᠷ︾ ᠤᠨ ᠤᠬᠠᠭᠤᠯᠭ᠎ᠠ ᠶᠢᠨ ᠠᠵᠢᠯᠯᠠᠭ᠎ᠠ ᠨᠢ 2 | ᠭᠠᠴᠠᠭ᠎ᠠ ᠶᠢ ᠬᠠᠮᠤᠷᠴᠤ᠂ ᠮᠠᠯᠴᠢᠨ ᠲᠦᠮᠡᠨ ᠳᠤ 120 ᠭᠠᠷᠤᠶ ᠬᠥᠮᠦᠨ ᠤᠳᠠᠭ᠎ᠠ ᠠᠰᠢᠭ ᠬᠦᠷᠲᠡᠭᠡᠵᠦ᠂ | ᠦᠨᠳᠦᠰᠦᠲᠡᠨ ᠤ ᠣᠨᠣᠯ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢ ᠮᠠᠯᠴᠢᠨ ᠲᠦᠮᠡᠨ ᠤ ᠳᠡᠷᠭᠡᠳᠡ ᠬᠦᠷᠭᠡᠭᠰᠡᠨ | ᠮᠥᠷᠲᠡᠭᠡᠨ ᠪᠠᠰᠠ ᠪᠣᠳᠠᠲᠤ ᠶᠠᠪᠤᠳᠠᠯ ᠬᠢᠵᠦ᠂ ᠬᠦᠴᠢᠷ ᠠᠰᠠᠭᠤᠳᠠᠯ ᠢ ᠰᠢᠢᠳᠪᠦᠷᠢᠯᠡᠬᠦ ᠪᠠᠷ ᠳᠠᠮᠵᠢᠭᠤᠯᠤᠨ ᠺᠠᠳ᠋ᠷ | ᠣᠯᠠᠨ ᠲᠦᠮᠡᠨ ᠤ ᠨᠥᠬᠦᠷᠯᠡᠯ ᠢ ᠵᠤᠵᠠᠭᠠᠳᠬᠠᠭᠰᠠᠨ ᠪᠠᠶᠢᠨ᠎ᠠ᠃ ᠳᠠᠷᠠᠭ᠎ᠠ ᠠᠯᠬᠤᠮ ᠳᠤ᠂ ᠰᠠᠮᠠᠢ ᠰᠤᠮᠤ ᠨᠢ ᠨᠡᠩ | ᠤᠯᠠᠨ ᠣᠨᠴᠠᠯᠢᠭᠲᠤ ᠠᠴᠢᠶᠠᠯᠠᠪᠤᠷᠢ ᠶᠢ ᠦᠷᠭᠦᠯᠵᠢᠯᠡᠨ ᠰᠠᠶᠢᠲᠤᠷ ᠬᠡᠷᠡᠭᠯᠡᠵᠦ᠂ ᠨᠠᠮ ᠤᠨ ᠰᠢᠨ᠎ᠡ ᠶᠢ ᠡᠭᠦᠳᠬᠦ ᠣᠨᠣᠯ | ᠪᠠ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠤᠨ ᠤᠬᠠᠭᠤᠯᠭ᠎ᠠ ᠶᠢ ᠪᠠᠶᠢᠩᠭᠤᠵᠢᠭᠤᠯᠬᠤ᠂ ᠦᠢᠯᠡᠴᠢᠯᠡᠭᠡ ᠶᠢ | ᠨᠠᠷᠢᠯᠢᠭ ᠤᠨᠤᠪᠴᠢᠳᠠᠢ ᠪᠣᠯᠭᠠᠬᠤ ᠶᠢ ᠠᠬᠢᠭᠤᠯᠵᠤ᠂ ᠦᠨᠳᠦᠰᠦᠲᠡᠨ ᠤ ᠪᠦᠯᠬᠦᠮᠳᠡᠯ ᠤᠨ ᠴᠡᠴᠡᠭ ᠢ ᠲᠠᠯ᠎ᠠ | ᠨᠤᠲᠤᠭ ᠤᠨ ᠭᠦᠨ ᠳᠤ ᠳᠡᠯᠭᠡᠷᠡᠬᠦᠯᠦᠨ᠎ᠡ᠃ |