ᠰᠠᠮᠠᠢ ᠰᠤᠮᠤ ︽ᠭᠤᠤᠯ︾ ᠬᠦᠴᠦ ᠪᠠᠷ ᠢᠳᠡᠯᠡᠵᠦ᠂ ᠬᠠᠪᠤᠷ ᠤᠨ ᠤᠯᠠᠷᠢᠯ ᠤᠨ ᠭᠤᠣᠯ ᠮᠥᠷᠡᠨ ᠨᠠᠭᠤᠷ ᠴᠥᠭᠦᠷᠥᠮ ᠢ ᠰᠠᠬᠢᠨ ᠬᠠᠮᠠᠭᠠᠯᠠᠬᠤ ᠴᠢᠩᠭ᠎ᠠ ᠳᠠᠭᠤᠨ ᠢ ᠴᠢᠪᠬᠠᠳᠠᠪᠠ
ᠨᠡᠶᠢᠲᠡᠯᠡᠭᠰᠡᠨ ᠴᠠᠭ᠄
2025/5/27
      4 ᠰᠠᠷ᠎ᠠ ᠶᠢᠨ 29᠎ ᠤ ᠡᠳᠦᠷ᠂ ᠰᠠᠮᠠᠢ ᠰᠤᠮᠤ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠤᠷᠢᠶᠠᠯᠠᠭ᠎ᠠ ᠶᠢ ᠢᠳᠡᠪᠬᠢᠲᠡᠢ ᠴᠤᠤᠷᠢᠶᠠᠲᠤᠨ ᠳᠠᠭᠠᠵᠤ᠂ ᠰᠠᠮᠠᠢ ᠭᠤᠣᠯ ᠪᠣᠯᠤᠨ ᠲᠣᠰᠣᠨᠱᠦ ᠬᠤᠶᠠᠷ ᠭᠤᠣᠯ  ᠳᠤ ᠴᠢᠭᠯᠡᠭᠦᠯᠦᠨ᠂ 2025 ᠣᠨ ᠤ ᠭᠤᠣᠯ ᠨᠠᠭᠤᠷ ᠴᠥᠭᠦᠷᠥᠮ ᠢ ᠴᠡᠪᠡᠷᠯᠡᠬᠦ ᠲᠦᠷᠪᠡᠨ ᠰᠠᠮᠠᠭᠤᠨ ᠢ ᠠᠷᠢᠯᠭᠠᠬᠤ ᠵᠢᠴᠢ ᠭᠤᠣᠯ ᠮᠥᠷᠡᠨ ᠨᠠᠭᠤᠷ ᠴᠥᠭᠦᠷᠥᠮ ᠤᠨ ᠣᠷᠴᠢᠨ ᠲᠣᠭᠤᠷᠢᠨ ᠢ ᠴᠡᠭᠴᠡᠯᠡᠨ ᠵᠠᠰᠠᠬᠤ  ᠬᠠᠪᠤᠷ ᠤᠨ ᠤᠯᠠᠷᠢᠯ ᠤᠨ ᠠᠵᠢᠯᠯᠠᠭ᠎ᠠ ᠶᠢ ᠥᠷᠨᠢᠭᠦᠯᠪᠡ᠃      ᠲᠤᠬᠠᠢ ᠶᠢᠨ ᠭᠠᠵᠠᠷ ᠲᠤᠨᠢ ᠴᠡᠪᠡᠷᠯᠡᠵᠦ᠂ ᠭᠤᠣᠯ ᠤᠨ ᠡᠷᠭᠢ ᠶᠢᠨ ᠠᠮᠢ ᠠᠬᠤᠢ ᠶᠢ ᠬᠠᠮᠠᠭᠠᠯᠠᠪᠠ      ᠰᠠᠮᠠᠢ ᠰᠣᠮᠣᠨ ᠤ ᠬᠠᠪᠤᠷ ᠤᠨ ᠤᠯᠠᠷᠢᠯ ᠤᠨ ᠭᠤᠤᠯ ᠮᠥᠷᠡᠨ ᠢ ᠲᠣᠭᠤᠷᠢᠨ ᠪᠠᠶᠢᠴᠠᠭᠠᠬᠤ ︽ᠳᠥᠷᠪᠡᠨ ᠰᠠᠮᠠᠭᠤᠨ ᠢ ᠴᠡᠪᠡᠷᠯᠡᠬᠦ︾ ᠲᠤᠰᠬᠠᠶ ᠠᠵᠢᠯᠯᠠᠭ᠎ᠠ ᠳᠤᠮᠳᠠ᠂ ᠰᠤᠮᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠬᠠᠷᠢᠶ᠎ᠠ ᠭᠠᠵᠠᠷ ᠤᠨ ᠮᠠᠯᠴᠢᠨ ᠲᠦᠮᠡᠨ ᠢ ᠵᠣᠬᠢᠶᠠᠨ ᠪᠠᠶᠢᠭᠤᠯᠤᠨ ᠳᠠᠶᠢᠴᠢᠯᠠᠵᠤ ᠭᠤᠤᠯ ᠮᠥᠷᠡᠨ ᠤ ᠳᠠᠷᠤᠭ᠎ᠠ ᠶᠢᠨ ᠲᠦᠷᠢᠮ ᠤᠨ ᠬᠠᠷᠢᠭᠤᠴᠠᠯᠭᠠᠲᠤ ᠨᠢᠭᠡᠴᠢ ᠶᠢᠨ ᠠᠵᠢᠯᠲᠠᠨ ᠲᠠᠢ ᠬᠠᠮᠵᠢᠯᠴᠠᠨ ᠬᠤᠯᠪᠣᠭᠠᠯᠠᠨ ᠬᠥᠳᠡᠯᠦᠯᠴᠡᠬᠦ ᠠᠵᠢᠯ ᠤᠨ ᠲᠣᠭᠲᠠᠴᠠ ᠶᠢ ᠪᠣᠶ ᠪᠣᠯᠭᠠᠪᠠ᠃ ᠬᠤᠷᠠᠯ ᠳᠤ ᠣᠷᠣᠯᠴᠠᠭᠰᠠᠨ ᠪᠦᠬᠦ ᠬᠥᠮᠦᠰ ᠭᠤᠣᠯ ᠮᠥᠷᠡᠨ ᠨᠠᠭᠤᠷ ᠴᠥᠭᠦᠷᠥᠮ ᠤᠨ ᠬᠠᠮᠢᠶᠠᠷᠤᠯᠲᠠ ᠬᠠᠮᠠᠭᠠᠯᠠᠯᠲᠠ ᠶᠢᠨ ᠡᠭᠦᠷᠭᠡ ᠬᠠᠷᠢᠭᠤᠴᠠᠯᠭ᠎ᠠ ᠪᠠᠨ ᠴᠢᠩᠭ᠎ᠠ ᠭᠦᠢᠴᠡᠳᠬᠡᠵᠦ᠂ ᠬᠠᠷᠢᠶ᠎ᠠ ᠣᠷᠣᠨ ᠤ ᠳᠣᠲᠣᠷᠠᠬᠢ ᠭᠤᠣᠯ ᠤᠨ ᠡᠷᠭᠢ ᠶᠢᠨ ᠱᠤᠭᠤᠮ ᠢ ᠲᠣᠣᠷᠯᠠᠨ ᠪᠠᠶᠢᠴᠠᠭᠠᠬᠤ ᠬᠡᠯᠪᠡᠷᠢ ᠪᠠᠷ ᠵᠢᠭᠰᠠᠭᠠᠨ ᠪᠠᠶᠢᠴᠠᠭᠠᠵᠤ ᠴᠡᠪᠡᠷᠯᠡᠬᠦ ᠠᠵᠢᠯ ᠢ ᠥᠷᠨᠢᠭᠦᠯᠵᠦ᠂ ᠭᠤᠣᠯ ᠤᠨ ᠡᠷᠭᠢ ᠶᠢᠨ ᠥᠷᠭᠡᠨ ᠠᠭᠤᠳᠠᠮ ᠣᠷᠣᠨ ᠪᠦᠰᠡ᠂ ᠤᠰᠤᠨ ᠤ ᠤᠷᠤᠰᠬᠠᠯ ᠳᠠᠭᠠᠤ ᠵᠡᠷᠭᠡ ᠵᠠᠩᠭᠢᠯᠠᠭ᠎ᠠ ᠶᠢᠨ ᠴᠡᠭ ᠲᠤ ᠭᠤᠣᠯᠳᠠᠯᠭ᠎ᠠ ᠲᠠᠢ ᠪᠠᠷ ᠣᠷᠴᠢᠨ ᠲᠣᠭᠤᠷᠢᠨ ᠢ ᠴᠡᠭᠴᠡᠯᠡᠨ ᠵᠠᠰᠠᠪᠠ᠃ ᠬᠠᠷᠢᠭᠤᠴᠠᠯᠭᠠᠲᠤ ᠨᠢᠭᠡᠴᠡ ᠶᠢᠨ ᠠᠵᠢᠯᠲᠠᠳ ᠬᠠᠷᠢᠭᠤᠴᠠᠯᠭ᠎ᠠ ᠶᠢᠨ ᠣᠷᠣᠨ ᠢ ᠰᠢᠨᠵᠢᠯᠡᠬᠦ ᠤᠬᠠᠭᠠᠨᠴᠢ ᠪᠠᠷ ᠬᠤᠪᠢᠶᠠᠷᠢᠯᠠᠵᠤ᠂ ᠲᠣᠤᠷᠵᠢᠭᠤᠯᠤᠭᠰᠠᠨ ᠬᠠᠮᠢᠶᠠᠷᠤᠯᠲᠠ ᠶᠢ ᠬᠡᠷᠡᠭᠵᠢᠭᠦᠯᠪᠡ᠄ ᠭᠤᠤᠯ ᠤᠨ ᠵᠠᠮ ᠤᠨ ᠠᠷᠢᠭᠤᠨ ᠴᠡᠪᠡᠷ ᠤᠨ ᠳᠤᠭᠤᠶᠢᠯᠠᠩ ᠨᠢ ᠤᠰᠤᠨ ᠳᠡᠭᠡᠷᠡᠬᠢ ᠬᠥᠪᠥᠮᠡᠯ ᠪᠣᠳᠠᠰ ᠲᠤ ᠲᠥᠪᠯᠡᠷᠡᠭᠦᠯᠦᠨ ᠱᠦᠭᠦᠵᠦ ᠴᠡᠪᠡᠷᠯᠡᠨ ᠲᠡᠭᠡᠭᠡᠪᠦᠷᠢᠯᠡᠵᠦ᠂ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠴᠡᠪᠡᠷᠯᠡᠬᠦ ᠲᠤᠰᠬᠠᠶ ᠠᠩᠭᠢ ᠨᠢ ᠡᠷᠭᠢ ᠳᠠᠭᠠᠤ ᠶᠢᠨ  ᠦᠢᠯᠡᠳᠪᠦᠷᠢᠯᠡᠯ ᠠᠮᠢᠳᠤᠷᠠᠯ ᠤᠨ ᠬᠤᠭ ᠨᠣᠪᠰᠢ ᠳᠤ ᠲᠤᠰᠬᠠᠶ ᠵᠠᠰᠠᠯᠲᠠ ᠥᠷᠨᠢᠭᠦᠯᠵᠦ᠂ ᠬᠠᠤᠯᠢ ᠬᠡᠷᠡᠭᠵᠢᠭᠦᠯᠦᠯᠲᠡ ᠶᠢᠨ ᠲᠣᠭᠤᠷᠢᠨ ᠪᠠᠶᠢᠴᠠᠭᠠᠬᠤ ᠬᠤᠪᠢᠶᠠᠷᠢ ᠠᠩᠭᠢ  ᠭᠤᠤᠯᠳᠠᠯᠭ᠎ᠠ ᠲᠠᠢ ᠲᠣᠭᠤᠷᠢᠨ ᠪᠠᠶᠢᠴᠠᠭᠠᠬᠤ ᠳᠤ ᠣᠷᠣᠰᠢᠵᠤ ᠮᠡᠳᠡᠬᠦ ︽ᠳᠥᠷᠪᠡᠨ ᠰᠠᠮᠠᠭᠤᠨ︾᠎ ᠤ ᠠᠰᠠᠭᠤᠳᠠᠯ ᠤᠨ ᠳᠠᠯᠳᠠ ᠬᠡᠮ ᠲᠠᠢ ᠣᠷᠣᠨ ᠪᠦᠰᠡ ᠶᠢ ᠭᠤᠤᠯᠳᠠᠯᠭ᠎ᠠ ᠲᠠᠢ ᠲᠣᠭᠤᠷᠢᠨ ᠪᠠᠶᠢᠴᠠᠭᠠᠪᠠ᠃ ᠨᠠᠮ ᠵᠠᠰᠠᠭ ᠢᠶᠠᠷ ᠭᠤᠤᠯᠯᠠᠭᠤᠯᠬᠤ᠂ ᠰᠠᠯᠠᠭ᠎ᠠ ᠮᠥᠴᠢᠷ ᠬᠠᠮᠵᠢᠯᠴᠠᠬᠤ᠂ ᠣᠯᠠᠨ ᠲᠦᠮᠡᠨ ᠣᠷᠣᠯᠴᠠᠭᠰᠠᠨ ᠭᠤᠷᠪᠠ ᠶᠢ ᠨᠢᠭᠡ ᠴᠤᠭᠴᠠᠵᠢᠭᠤᠯᠤᠭᠰᠠᠨ ᠠᠵᠢᠯ ᠤᠨ ᠵᠠᠭᠪᠤᠷ ᠢᠶᠠᠷ ᠳᠠᠮᠵᠢᠭᠤᠯᠤᠨ᠂ ᠭᠤᠤᠯ ᠮᠥᠷᠡᠨ ᠨᠠᠭᠤᠷ ᠴᠥᠭᠦᠷᠥᠮ ᠤᠨ ᠡᠷᠬᠢᠨ ᠲᠣᠭᠤᠷᠢᠨ ᠤ ᠣᠷᠴᠢᠨ ᠲᠣᠭᠤᠷᠢᠨ ᠤ ᠪᠣᠬᠢᠷᠲᠤᠯ ᠤᠨ ᠠᠰᠠᠭᠤᠳᠠᠯ ᠢ ᠪᠦᠲᠦᠮᠵᠢᠲᠡᠶ ᠬᠤᠷᠢᠭᠯᠠᠵᠤ᠂ ᠤᠰᠤᠨ ᠴᠣᠭᠴᠠ ᠶᠢᠨ ᠠᠮᠢ ᠠᠬᠤᠶ ᠶᠢᠨ ᠴᠢᠳᠠᠮᠵᠢ ᠶᠢ ᠢᠯᠡᠳᠲᠡ ᠳᠡᠭᠡᠭᠰᠢᠯᠡᠭᠦᠯᠦᠨ᠂ ᠣᠷᠣᠨ ᠪᠦᠰᠡ ᠶᠢᠨ ᠠᠮᠢ ᠠᠬᠤᠶ ᠶᠢᠨ ᠣᠷᠴᠢᠨ ᠲᠣᠭᠤᠷᠢᠨ ᠤ ᠶᠠᠰᠤ ᠴᠢᠨᠠᠷ ᠢ ᠦᠷᠭᠦᠯᠵᠢᠯᠡᠨ ᠰᠠᠶᠢᠵᠢᠷᠠᠭᠤᠯᠵᠤ᠂ ᠭᠤᠤᠯ ᠮᠥᠷᠡᠨ ᠤ ᠳᠠᠷᠤᠭ᠎ᠠ ᠶᠢᠨ ᠲᠦᠷᠢᠮ ᠤᠨ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠬᠦ ᠳᠤ ᠪᠠᠲᠤ ᠪᠠᠬᠢ ᠰᠠᠭᠤᠷᠢ ᠶᠢ ᠲᠠᠯᠪᠢᠪᠠ᠃      ᠲᠤᠰᠬᠠᠢ ᠲᠣᠭᠤᠷᠢᠨ ᠪᠠᠶᠢᠴᠠᠭᠠᠵᠤ᠂ ᠠᠮᠤᠷ ᠲᠦᠪᠰᠢᠨ ᠭᠡᠮ ᠰᠣᠭᠤᠭ ᠢ ᠪᠠᠶᠢᠴᠠᠭᠠᠪᠠ      ᠲᠤᠰᠬᠠᠢ ᠬᠠᠤᠯᠢ ᠬᠡᠷᠡᠭᠵᠢᠭᠦᠯᠬᠦ ᠠᠵᠢᠯᠲᠠᠨ ᠪᠠ ᠰᠤᠮᠤᠨ ᠤ ᠠᠵᠢᠯᠲᠠᠨ ᠠᠴᠠ ᠭᠤᠣᠯ ᠮᠥᠷᠡᠨ ᠨᠠᠭᠤᠷ ᠴᠥᠭᠦᠷᠥᠮ ᠤᠨ ᠲᠣᠭᠤᠷᠢᠨ ᠪᠠᠶᠢᠴᠠᠭᠠᠬᠤ ᠠᠵᠢᠯ ᠤᠨ ᠳᠤᠭᠤᠶᠢᠯᠠᠩ ᠢ ᠬᠠᠮᠲᠤᠷᠠᠨ ᠪᠠᠶᠢᠭᠤᠯᠵᠤ᠂ ᠬᠠᠷᠢᠶ᠎ᠠ ᠣᠷᠣᠨ ᠤ ᠭᠤᠣᠯ ᠤᠨ ᠵᠠᠮ᠂ ᠨᠠᠭᠤᠷ ᠴᠥᠭᠦᠷᠥᠮ ᠳᠤ ᠰᠢᠰᠲ᠋ᠧᠮᠲᠦ ᠴᠢᠨᠠᠷᠲᠠᠢ ᠲᠣᠭᠤᠷᠢᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠦᠷᠨᠢᠭᠦᠯᠵᠡᠢ᠃ ᠲᠣᠭᠤᠷᠢᠨ ᠪᠠᠶᠢᠴᠠᠭᠠᠬᠤ ᠠᠵᠢᠯᠲᠠᠳ ᠬᠠᠤᠯᠢ ᠬᠡᠷᠡᠭᠵᠢᠭᠦᠯᠬᠦ ᠵᠢᠷᠤᠮᠵᠢᠯ ᠢ ᠴᠢᠩᠭ᠎ᠠ ᠵᠢᠷᠤᠮᠯᠠᠨ᠂ ᠤᠰᠤᠨ ᠴᠣᠭᠴᠠ ᠶᠢᠨ ᠹᠢᠽᠢᠺ ᠬᠢᠮᠢ ᠶᠢᠨ ᠭᠦᠢᠴᠡᠳᠬᠡᠯ ᠲᠤᠭ᠎ᠠ ᠶᠢ ᠬᠢᠨᠠᠨ ᠬᠡᠮᠵᠢᠬᠦ᠂ ᠬᠠᠰᠢᠯᠭ᠎ᠠ ᠶᠢᠨ ᠪᠦᠲᠦᠴᠡ ᠶᠢᠨ ᠠᠮᠤᠷ ᠲᠦᠪᠰᠢᠨ ᠢ ᠦᠨᠡᠯᠡᠨ ᠵᠢᠱᠢᠬᠦ᠂ ᠬᠠᠤᠯᠢ ᠠᠴᠠ ᠵᠥᠷᠢᠴᠡᠨ ᠪᠣᠬᠢᠷᠲᠤᠯ ᠪᠣᠳᠠᠰ ᠭᠠᠳᠠᠭᠰᠢᠯᠠᠭᠤᠯᠬᠤ ᠵᠡᠷᠭᠡ ᠵᠠᠩᠭᠢᠯᠠᠭ᠎ᠠ ᠶᠢᠨ ᠭᠤᠭᠴᠤᠭ᠎ᠠ ᠶᠢᠨ ᠲᠣᠭᠤᠷᠢᠨ ᠳᠤ ᠪᠦᠬᠦ ᠲᠠᠯ᠎ᠠ ᠪᠠᠷ ᠵᠢᠭᠰᠠᠭᠠᠨ ᠪᠠᠶᠢᠴᠠᠭᠠᠬᠤ ᠶᠢ ᠭᠤᠤᠯᠳᠠᠯᠭ᠎ᠠ ᠲᠠᠢ  ᠬᠡᠷᠡᠭᠵᠢᠬᠦᠯᠵᠡᠢ᠃ ᠬᠠᠤᠯᠢ ᠬᠡᠷᠡᠭᠵᠢᠭᠦᠯᠬᠦ ᠶᠠᠪᠤᠴᠠ ᠳᠤ᠂ ᠠᠵᠢᠯᠯᠠᠬᠤ ᠳᠤᠭᠤᠶᠢᠯᠠᠩ ᠤᠨ ᠪᠦᠷᠢᠯᠳᠦᠬᠦᠨ ᠲᠤᠰᠬᠠᠶ ᠮᠡᠷᠭᠡᠵᠢᠯ ᠤᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠭᠤᠤᠯ ᠤᠨ ᠵᠠᠮ ᠤᠨ ᠬᠠᠮᠢᠶᠠᠷᠤᠯᠲᠠ ᠶᠢᠨ ᠬᠡᠪᠴᠢᠶᠡᠨ ᠳᠤ ᠣᠷᠣᠰᠢᠵᠤ ᠪᠠᠶᠢᠭ᠎ᠠ ᠠᠶᠤᠯ ᠲᠦᠭᠰᠢᠭᠦᠷᠢ ᠶᠢᠨ ᠬᠡᠮ ᠰᠣᠭᠤᠭ ᠢ ᠣᠨᠣᠪᠴᠢᠲᠠᠶ ᠢᠯᠭᠠᠨ ᠲᠠᠨᠢᠬᠤ ᠶᠢᠨ ᠬᠠᠮᠲᠤ ᠨᠠᠷᠢᠨ ᠪᠣᠳᠠᠲᠠᠶ ᠲᠡᠮᠳᠡᠭᠯᠡᠵᠦ᠂ ᠲᠥᠷᠥᠯ ᠬᠤᠪᠢᠶᠠᠨ ᠰᠢᠶ᠋ᠳᠪᠦᠷᠢᠯᠡᠬᠦ ᠲᠣᠭᠲᠠᠴᠠ ᠶᠢ ᠴᠢᠩᠭ᠎ᠠ ᠬᠡᠷᠡᠭᠵᠢᠭᠦᠯᠪᠡ᠄ ᠪᠠᠷᠢᠯᠭ᠎ᠠ ᠶᠢᠨ ᠴᠢᠨᠠᠷᠲᠠᠶ ᠵᠠᠰᠠᠯᠲᠠ ᠬᠡᠷᠡᠭᠰᠡᠬᠦ ᠪᠤᠳᠤᠯᠢᠶᠠᠨᠲᠠᠶ ᠠᠰᠠᠭᠤᠳᠠᠯ ᠳᠤ᠂ ︽ᠨᠢᠭᠡ ᠠᠰᠠᠭᠤᠳᠠᠯ ᠳᠤ ᠨᠢᠭᠡ ᠠᠷᠭ᠎ᠠ ᠪᠣᠳᠣᠯᠭ᠎ᠠ ᠬᠡᠷᠡᠭᠵᠢᠭᠦᠯᠬᠦ︾ ᠴᠡᠭᠴᠡᠯᠡᠨ ᠰᠠᠶᠢᠵᠢᠷᠠᠭᠤᠯᠬᠤ ᠲᠥᠰᠦᠯ ᠢ ᠪᠠᠶᠢᠭᠤᠯᠵᠤ᠂ ᠡᠬᠡ ᠲᠠᠩᠰᠠ ᠶᠢᠨ ᠬᠠᠮᠢᠶᠠᠷᠤᠯᠲᠠ ᠳᠤ ᠣᠷᠣᠭᠤᠯᠬᠤ ᠶᠢᠨ ᠬᠠᠮᠲᠤ ᠬᠤᠭᠤᠴᠠᠭ᠎ᠠ ᠬᠢᠵᠠᠭᠠᠷᠯᠠᠨ ᠱᠠᠯᠠᠪᠳᠠᠭᠤᠯᠤᠨ ᠰᠢᠶ᠋ᠳᠪᠦᠷᠢᠯᠡᠭᠦᠯᠵᠦ ᠴᠡᠭᠴᠡᠯᠡᠨ ᠰᠠᠶᠢᠵᠢᠷᠠᠭᠤᠯᠵᠤ᠂ ᠬᠡᠮ ᠰᠣᠭᠤᠭ ᠢ ᠵᠢᠭᠰᠠᠭᠠᠨ ᠪᠠᠶᠢᠴᠠᠭᠠᠬᠤ ᠶᠢ ᠨᠡᠶᠢᠳᠡᠮ ᠪᠦᠷᠬᠦᠭᠦᠯᠬᠦ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠪᠥᠬᠦ ᠲᠠᠯ᠎ᠠ ᠪᠠᠷ ᠪᠡᠶᠡᠯᠡᠭᠦᠯᠵᠦ᠂ ᠭᠤᠤᠯ ᠤᠨ ᠵᠠᠮ ᠤᠨ ᠠᠮᠢ ᠠᠬᠤᠶ ᠶᠢᠨ ᠠᠮᠤᠷ ᠲᠦᠪᠰᠢᠨ ᠵᠢᠴᠢ ᠦᠶᠡᠷ ᠵᠠᠯᠠᠬᠤ ᠠᠮᠤᠷ ᠲᠦᠪᠰᠢᠨ ᠢ ᠪᠦᠲᠦᠮᠵᠢᠲᠡᠶ ᠪᠠᠲᠤᠯᠠᠪᠠ᠃      ᠣᠨᠤᠯ ᠤᠨ ᠰᠤᠷᠤᠯᠴᠠᠯᠭ᠎ᠠ ᠴᠢᠩᠭᠠᠳᠬᠠᠵᠤ᠂ ᠤᠰᠤ ᠶᠢ ᠵᠠᠰᠠᠬᠤ ᠣᠨᠤᠯᠵᠢᠬᠤᠨ ᠶᠢ ᠴᠢᠩᠭᠠᠳᠬᠠᠪᠠ      ᠦᠨᠳᠦᠰᠦᠨ ᠱᠠᠲᠤᠨ ᠤ ᠭᠤᠤᠯ ᠮᠥᠷᠡᠨ ᠨᠠᠭᠤᠷ ᠴᠥᠭᠦᠷᠥᠮ ᠢ ᠵᠠᠰᠠᠬᠤ ᠪᠠ ᠬᠠᠮᠠᠭᠠᠯᠠᠬᠤ ᠲᠤᠰᠬᠠᠶᠢᠵᠢᠭᠰᠠᠨ ᠬᠢᠷᠢ ᠲᠦᠪᠰᠢᠨ ᠢ ᠳᠡᠭᠡᠭᠰᠢᠯᠡᠭᠦᠯᠬᠦ ᠶᠢᠨ ᠲᠥᠯᠥᠭᠡ᠂ ᠰᠠᠮᠠᠢ ᠰᠤᠮᠤ ᠭᠤᠤᠯ ᠤᠨ ᠳᠠᠷᠤᠭ᠎ᠠ ᠶᠢᠨ ᠲᠦᠷᠢᠮ ᠤᠨ ᠤᠰᠤ ᠶᠢ ᠵᠠᠰᠠᠬᠤ ᠰᠢᠨ᠎ᠡ ᠰᠢᠰᠲ᠋ᠧᠮ ᠤᠨ ᠲᠤᠰᠬᠠᠶ ᠰᠡᠳᠦᠪᠲᠦ ᠰᠤᠷᠤᠯᠴᠠᠯᠭ᠎ᠠ ᠶᠢᠨ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠪᠠ᠃ ᠲᠥᠪᠯᠡᠷᠡᠭᠦᠯᠦᠨ ᠰᠤᠳᠤᠯᠤᠨ ᠪᠣᠯᠪᠠᠰᠤᠷᠠᠭᠤᠯᠬᠤ ᠭᠤᠭᠴᠤᠭ᠎ᠠ ᠳᠤ᠂ ᠪᠣᠯᠪᠠᠰᠤᠷᠠᠭᠤᠯᠤᠯ ᠳᠤ ᠣᠷᠣᠯᠴᠠᠭᠰᠠᠳ ᠭᠤᠤᠯ ᠮᠥᠷᠡᠨ ᠤ ᠳᠠᠷᠤᠭ᠎ᠠ ᠶᠢᠨ ᠲᠦᠷᠢᠮ ᠤᠨ ᠠᠵᠢᠯ ᠤᠨ ᠱᠠᠭᠠᠷᠳᠠᠯᠭ᠎ᠠ᠂ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠵᠢᠴᠢ ᠤᠰᠤ ᠶᠢ ᠵᠠᠰᠠᠬᠤ ᠣᠨᠣᠯᠵᠢᠬᠤᠨ ᠬᠢᠭᠡᠳ ᠮᠡᠷᠭᠡᠵᠢᠯ ᠤᠨ ᠠᠷᠭ᠎ᠠ ᠪᠠᠷᠢᠯ ᠢ ᠰᠢᠰᠲ᠋ᠧᠮ ᠲᠠᠢ ᠰᠤᠷᠤᠯᠴᠠᠭᠰᠠᠨ ᠪᠥᠭᠡᠳ ᠨᠡᠶᠢᠲᠡᠯᠢᠭ ᠬᠡᠷᠡᠭ ᠤᠨ ᠵᠢᠱᠢᠶ᠎ᠡ ᠲᠠᠢ ᠤᠶᠠᠯᠳᠤᠭᠤᠯᠤᠨ ᠪᠦᠲᠦᠴᠡ ᠲᠠᠢ ᠰᠤᠳᠤᠯᠤᠨ ᠶᠠᠷᠢᠯᠴᠠᠪᠠ᠃ ᠲᠤᠰ ᠤᠳᠠᠭᠠᠨ ᠤ ᠲᠤᠰᠬᠠᠢ ᠰᠡᠳᠦᠪᠲᠦ ᠰᠤᠷᠤᠯᠴᠠᠯᠭ᠎ᠠ ᠨᠢ ᠠᠵᠢᠯᠲᠠᠳ ᠤᠨ ᠭᠤᠣᠯ ᠮᠥᠷᠡᠨ ᠤ ᠳᠠᠷᠤᠭ᠎ᠠ ᠶᠢᠨ ᠳᠦᠷᠢᠮ ᠤᠨ ᠠᠵᠢᠯᠯᠠᠭᠠᠨ ᠤ ᠲᠣᠭᠲᠠᠴᠠ ᠶᠢᠨ ᠲᠤᠬᠠᠢ ᠤᠨᠤᠯ ᠤᠨ ᠲᠠᠨᠢᠯᠲᠠ ᠶᠢ ᠪᠦᠲᠦᠮᠵᠢᠲᠡᠢ ᠴᠢᠩᠭᠠᠳᠬᠠᠵᠤ᠂ ᠭᠤᠣᠯ ᠮᠥᠷᠡᠨ ᠨᠠᠭᠤᠷ ᠴᠥᠭᠦᠷᠥᠮ ᠢ ᠬᠠᠮᠠᠭᠠᠯᠠᠬᠤ ᠲᠣᠣᠷᠵᠢᠭᠤᠯᠤᠭᠰᠠᠨ ᠬᠠᠮᠢᠶᠠᠷᠤᠯᠲᠠ ᠶᠢᠨ ᠳᠤᠮᠳᠠᠬᠢ ᠠᠵᠢᠯ ᠤᠨ ᠪᠠᠶᠢᠷᠢ ᠶᠢᠨ ᠡᠷᠬᠡ ᠬᠠᠷᠢᠭᠤᠴᠠᠯᠭ᠎ᠠ ᠶᠢ ᠣᠨᠣᠪᠴᠢᠲᠠᠢ ᠲᠣᠳᠣᠷᠬᠠᠶᠢᠯᠠᠵᠤ᠂ ᠵᠠᠯᠭᠠᠮᠵᠢ ᠭᠤᠣᠯ ᠮᠥᠷᠡᠨ ᠨᠠᠭᠤᠷ ᠴᠥᠭᠦᠷᠥᠮ ᠢ ᠵᠠᠰᠠᠵᠤ ᠬᠠᠮᠠᠭᠠᠯᠠᠬᠤ ᠠᠵᠢᠯ ᠤᠨ ᠰᠢᠨᠵᠢᠯᠡᠬᠦ ᠤᠬᠠᠭᠠᠨᠴᠢᠯᠠᠯᠲᠠ᠂ ᠵᠢᠷᠤᠮᠵᠢᠭᠤᠯᠤᠯᠲᠠ ᠶᠢ ᠥᠷᠨᠢᠭᠦᠯᠬᠦ ᠳᠤ ᠤᠨᠤᠯ ᠤᠨ ᠰᠠᠭᠤᠷᠢ ᠶᠢ ᠪᠠᠲᠤᠳᠬᠠᠪᠠ᠃      ᠲᠣᠰ ᠤᠳᠠᠭᠠᠨ ᠤ ᠠᠵᠢᠯᠯᠠᠭ᠎ᠠ ᠨᠢ ᠰᠡᠮᠠᠢ ᠶᠢᠨ ᠭᠤᠤᠯᠠᠭ ᠭᠤᠣᠯ ᠪᠠ ᠲᠣᠰᠣᠨᠱᠦ ᠵᠡᠷᠭᠡ ᠭᠤᠤᠯ ᠮᠥᠷᠡᠨ ᠨᠠᠭᠤᠷ ᠴᠥᠭᠦᠷᠥᠮ ᠤᠨ ᠠᠮᠢ ᠠᠬᠤᠶ ᠶᠢᠨ ᠣᠷᠴᠢᠨ ᠨᠥᠬᠦᠴᠡᠯ ᠢ ᠰᠠᠶᠢᠵᠢᠷᠠᠭᠤᠯᠤᠭᠰᠠᠨ ᠢᠶᠠᠷ ᠪᠠᠷᠠᠬᠤ ᠥᠬᠡᠶ ᠪᠠᠰᠠ ᠲᠤᠬᠠᠶ ᠶᠢᠨ ᠭᠠᠵᠠᠷ ᠤᠨ ᠰᠠᠭᠤᠭᠠᠯᠢ ᠠᠷᠠᠳ ᠬᠢᠭᠡᠳ ᠠᠵᠢᠯᠲᠠᠨ ᠤ ᠠᠮᠢ ᠠᠬᠤᠶ ᠶᠢᠨ ᠬᠠᠮᠠᠭᠠᠯᠠᠯᠲᠠ ᠶᠢᠨ ᠤᠬᠠᠮᠰᠠᠷ ᠢ ᠨᠡᠮᠡᠭᠳᠡᠭᠦᠯᠦᠭᠰᠡᠨ ᠪᠠᠶᠢᠨ᠎ᠠ᠃ ᠢᠷᠡᠭᠡᠳᠦᠶ ᠳᠤ᠂ ᠰᠠᠮᠠᠢ ᠰᠤᠮᠤ ᠭᠤᠣᠯ ᠮᠥᠷᠡᠨ ᠨᠠᠭᠤᠷ ᠴᠥᠭᠦᠷᠥᠮ ᠢ ᠬᠠᠮᠠᠭᠠᠯᠠᠬᠤ ᠠᠵᠢᠯ ᠢ ᠦᠷᠭᠦᠯᠵᠢᠯᠡᠨ ᠠᠬᠢᠭᠤᠯᠵᠤ᠂ ᠪᠠᠶᠢᠩᠭᠤᠵᠢᠭᠰᠠᠨ ᠲᠣᠭᠤᠷᠢᠨ ᠪᠠᠶᠢᠴᠠᠭᠠᠬᠤ ᠪᠠ ᠴᠡᠪᠡᠷᠯᠡᠬᠦ ᠲᠣᠭᠲᠠᠴᠠ ᠶᠢ ᠪᠠᠶᠢᠭᠤᠯᠵᠤ᠂ ᠤᠬᠠᠭᠤᠯᠭ᠎ᠠ ᠬᠥᠮᠦᠵᠢᠯ ᠢ ᠴᠢᠩᠭᠠᠳᠬᠠᠵᠤ᠂ ᠨᠡᠩ ᠤᠯᠠᠨ ᠬᠦᠴᠦᠨ ᠢ ᠲᠠᠶᠢᠴᠢᠯᠠᠨ ᠭᠤᠣᠯ ᠮᠥᠷᠡᠨ ᠨᠠᠭᠤᠷ ᠴᠥᠭᠦᠷᠥᠮ ᠤᠨ ᠠᠮᠢ ᠠᠬᠤᠢ ᠶᠢᠨ ᠬᠠᠮᠠᠭᠠᠯᠠᠯᠲᠠ ᠳᠤ ᠣᠷᠣᠯᠴᠠᠭᠤᠯᠵᠤ᠂ ᠦᠵᠡᠰᠬᠦᠯᠡᠩᠲᠦ ᠰᠠᠶᠢᠬᠠᠨ ᠭᠤᠣᠯ ᠮᠥᠷᠡᠨ ᠨᠠᠭᠤᠷ ᠴᠥᠭᠦᠷᠥᠮ ᠤᠨ ᠠᠮᠢ ᠠᠬᠤᠢ ᠶᠢᠨ ᠣᠷᠴᠢᠨ ᠲᠣᠭᠤᠷᠢᠨ ᠢ ᠬᠠᠮᠲᠤᠪᠠᠷ ᠰᠠᠬᠢᠨ ᠬᠠᠮᠠᠭᠠᠯᠠᠨ᠎ᠠ᠃
 
ᠢᠷᠡᠯᠲᠡ᠄ ᠰᠠᠮᠠᠢ ᠰᠣᠮᠣ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号