ᠮᠠᠨ ᠤ ᠬᠤᠰᠢᠭᠤᠨ ᠤ ᠭᠤᠷᠪᠠᠳᠤᠭᠠᠷ ᠬᠤᠭᠤᠴᠠᠭᠠᠨ ᠤ ᠪᠠᠷᠢᠮᠵᠢᠶ᠎ᠠ ᠬᠢᠲᠠᠳ ᠦᠰᠦᠭ  ᠤᠨ ᠰᠤᠨᠤᠰᠤᠨ ᠪᠢᠴᠢᠬᠦ ᠤᠷᠤᠯᠳᠤᠭᠠᠨ ᠶᠠᠪᠤᠭᠳᠠᠪᠠ
ᠨᠡᠶᠢᠲᠡᠯᠡᠭᠰᠡᠨ ᠴᠠᠭ᠄
2025/5/28
      5 ᠰᠠᠷ᠎ᠠ ᠶᠢᠨ 16᠎ ᠤ ᠡᠳᠦᠷ᠂ ᠮᠠᠨ ᠤ ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶᠠᠨ ᠠᠴᠠ ᠭᠤᠣᠯᠯᠠᠨ ᠡᠷᠬᠢᠯᠡᠭᠰᠡᠨ ᠪᠦᠬᠦ ᠬᠤᠰᠢᠭᠤᠨ ᠤ ᠭᠤᠷᠪᠠᠳᠤᠭᠠᠷ ᠬᠤᠭᠤᠴᠠᠭᠠᠨ ᠤ ᠪᠠᠷᠢᠮᠵᠢᠶ᠎ᠠ ᠬᠢᠲᠠᠳ ᠦᠰᠦᠭ ᠤᠨ ᠰᠤᠨᠤᠰᠤᠨ ᠪᠢᠴᠢᠬᠦ ᠤᠷᠤᠯᠳᠤᠭᠠᠨ ᠬᠤᠰᠢᠭᠤ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠮᠡᠳᠡᠭᠦᠯᠦᠯᠲᠡ ᠶᠢᠨ ᠲᠢᠩᠬᠢᠮ ᠳᠤ ᠶᠠᠪᠤᠭᠳᠠᠵᠠᠢ᠃ ᠪᠦᠬᠦ ᠬᠤᠰᠢᠭᠤᠨ ᠤ ᠡᠯ᠎ᠡ ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ᠠᠴᠠ ᠬᠦᠷᠦᠯᠴᠡᠨ ᠢᠷᠡᠭᠰᠡᠨ 35 ᠪᠠᠭᠰᠢ ᠰᠤᠷᠤᠭᠴᠢᠳ ᠤᠨ ᠲᠦᠯᠦᠭᠡᠯᠡᠭᠴᠢ ᠠᠩᠭᠢ ᠤᠷᠤᠯᠴᠠᠵᠤ᠂ ᠳᠦᠷᠢᠮᠵᠢᠭᠦᠨ ᠪᠢᠴᠢᠬᠦ᠂ ᠰᠢᠯᠦᠭ ᠪᠠ ᠪᠦᠯᠬᠦᠮ ᠨᠡᠶᠢᠲᠡ ᠶᠢᠨ ᠬᠠᠮᠵᠢᠯᠴᠠᠭ᠎ᠠ ᠪᠠᠷ ᠳᠠᠮᠵᠢᠨ᠂ ᠪᠦᠬᠦ ᠬᠤᠰᠢᠭᠤᠨ ᠤ ᠪᠠᠭᠰᠢ ᠰᠤᠷᠤᠭᠴᠢᠳ ᠤᠨ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠳᠠᠬᠢ ᠬᠠᠶᠢᠷ᠎ᠠ ᠪᠠ ᠤᠯᠠᠮᠵᠢᠯᠠᠯ ᠢ ᠲᠠᠶᠢᠯᠪᠤᠷᠢᠯᠠᠪᠠ᠃      ᠲᠣᠰ ᠤᠳᠠᠭᠠᠨ ᠤ ᠤᠷᠤᠯᠳᠤᠭᠠᠨ ᠳᠤ ᠵᠢᠷᠭᠤᠭᠠᠨ ᠭᠤᠭᠴᠤᠭ᠎ᠠ ᠲᠣᠬᠢᠷᠠᠭᠤᠯᠵᠤ᠂ ︽ᠨᠡᠶᠢᠳᠡᠮ ᠬᠡᠷᠡᠭᠯᠡᠬᠦ  ᠪᠠᠷᠢᠮᠵᠢᠶ᠎ᠠ ᠬᠢᠲᠠᠳ ᠥᠰᠥᠭ ᠤᠨ ᠬᠦᠰᠦᠨᠦᠭᠲᠦ︾᠎ ᠶᠢᠨ ᠪᠠᠶᠢᠩᠭᠤ ᠬᠡᠷᠡᠭᠯᠡᠬᠦ ᠥᠰᠥᠭ᠂ ᠬᠡᠪᠰᠢᠮᠡᠯ ᠬᠡᠯᠡᠯᠭᠡ᠂ ᠰᠣᠩᠭᠤᠳᠠᠭ ᠰᠢᠯᠦᠭ ᠵᠢᠴᠢ ᠭᠠᠯᠢᠭ ᠤᠨ ᠪᠢᠴᠢᠯᠭᠡ ᠵᠡᠷᠭᠡ ᠠᠭᠤᠯᠭ᠎ᠠ ᠶᠢ ᠬᠠᠮᠤᠷᠴᠤ᠂ ᠤᠷᠤᠯᠴᠠᠭᠰᠠᠳ ᠤᠨ ᠬᠢᠲᠠᠳ ᠥᠰᠥᠭ ᠤᠨ ᠪᠢᠴᠢᠯᠭᠡ ᠶᠢᠨ ᠵᠢᠷᠤᠮᠵᠢᠯ᠂ ᠰᠣᠶᠣᠯ ᠤᠨ ᠬᠤᠷᠠᠮᠳᠤᠭᠤᠯᠤᠯ ᠤᠨ ᠭᠦᠨᠴᠡ ᠪᠠ ᠲᠤᠬᠠᠶ ᠶᠢᠨ ᠲᠠᠯᠠᠪᠤᠷ ᠎ ᠲᠤ ᠵᠣᠬᠢᠴᠠᠬᠤ ᠴᠢᠳᠠᠪᠤᠷᠢ ᠶᠢ ᠪᠥᠬᠦ ᠲᠠᠯ᠎ᠠ ᠪᠠᠷ ᠪᠠᠶᠢᠴᠠᠭᠠᠵᠠᠢ᠃      ᠤᠷᠤᠯᠳᠤᠭᠠᠨ ᠤ ᠲᠤᠬᠠᠶ ᠶᠢᠨ ᠲᠠᠯᠠᠪᠠᠢ ᠳᠤ᠂ ᠤᠷᠤᠯᠴᠠᠭᠰᠠᠳ ᠭᠤᠭᠴᠤᠭ᠎ᠠ ᠪᠤᠯᠭᠠᠨ ᠳᠤ ᠢᠳᠡᠪᠬᠢᠲᠡᠢ ᠤᠷᠤᠯᠴᠠᠵᠤ᠂ ᠨᠠᠷᠢᠨ ᠬᠢᠨᠠᠮᠠᠭᠠᠢ ᠪᠠᠷ ᠬᠠᠷᠢᠭᠤᠯᠲᠠ ᠬᠢᠵᠦ᠂ ᠤᠳᠠᠭ᠎ᠠ ᠪᠦᠷᠢ ᠶᠢᠨ ᠨᠠᠷᠢᠯᠢᠭ ᠣᠨᠣᠪᠴᠢᠲᠠᠢ ᠪᠢᠴᠢᠯᠭᠡ ᠪᠠ ᠬᠠᠷᠢᠭᠤᠯᠲᠠ ᠨᠢ ᠦᠵᠡᠭᠴᠢᠳ ᠤᠨ ᠤᠷᠮ᠎ᠠ ᠵᠣᠷᠢᠭ ᠢ ᠬᠥᠭᠵᠢᠭᠡᠪᠡ  ᠃      ᠬᠤᠷᠴᠠ ᠰᠢᠷᠦᠭᠦᠨ ᠥᠷᠢᠰᠥᠯᠳᠦᠭᠡᠨ ᠢᠶᠠᠷ ᠳᠠᠮᠵᠢᠨ᠂ ᠤᠷᠤᠯᠳᠤᠭᠠᠨ ᠨᠢ ᠪᠠᠭ᠎ᠠ ᠰᠤᠷᠭᠠᠭᠤᠯᠢ ᠶᠢᠨ ᠳᠤᠭᠤᠶᠢᠯᠠᠩ᠂ ᠠᠩᠬ᠎ᠠ ᠳᠤᠮᠳᠠᠳᠤ ᠶᠢᠨ ᠳᠤᠭᠤᠶᠢᠯᠠᠩ᠂ ᠥᠨᠳᠥᠷ ᠳᠤᠮᠳᠠᠳᠤ ᠶᠢᠨ ᠳᠤᠭᠤᠶᠢᠯᠠᠩ᠂ ᠪᠠᠭᠰᠢ ᠶᠢᠨ ᠳᠤᠭᠤᠶᠢᠯᠠᠩ ᠵᠡᠷᠭᠡ ᠳᠥᠷᠪᠡᠨ ᠳᠤᠭᠤᠶᠢᠯᠠᠩ ᠤᠨ ᠬᠠᠮᠲᠤ ᠶᠢᠨ ᠱᠠᠩᠨᠠᠯ ᠵᠢᠴᠢ ᠬᠤᠪᠢ ᠬᠥᠮᠦᠨ ᠤ ᠰᠢᠯᠢᠳᠡᠭ ᠱᠠᠩᠨᠠᠯ ᠢ ᠰᠢᠯᠭᠠᠷᠠᠭᠤᠯᠪᠠ  ᠃      ᠲᠤᠰ ᠤᠳᠠᠭᠠᠨ ᠤ ᠤᠷᠤᠯᠳᠤᠭᠠᠨ ᠨᠢ ᠨᠢᠭᠡ ᠤᠳᠠᠭᠠᠨ ᠤ  ᠦᠷᠢᠰᠦᠯᠳᠦᠭᠡᠨ ᠪᠣᠯᠬᠤ ᠪᠠᠷ ᠪᠠᠷᠠᠬᠤ ᠦᠭᠡᠢ᠂ ᠨᠠᠩ ᠴᠤ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠤᠯᠠᠮᠵᠢᠯᠠᠨ ᠪᠠᠳᠠᠷᠠᠭᠤᠯᠬᠤ ᠠᠮᠢᠳᠤᠯᠢᠭ ᠦᠢᠯᠡᠳᠦᠯᠭᠡ ᠪᠣᠯᠤᠨ᠎ᠠ᠃ ᠮᠠᠨ ᠤ ᠬᠤᠰᠢᠭᠤ ᠪᠠᠷᠢᠮᠵᠢᠶ᠎ᠠ ᠬᠢᠲᠠᠳ ᠥᠰᠥᠭ ᠤᠨ ᠰᠣᠨᠣᠰᠴᠤ ᠪᠢᠴᠢᠬᠦ ᠤᠷᠤᠯᠳᠤᠭᠠᠨ᠂ ︽ᠨᠤᠮ ᠤᠨ ᠬᠡᠰᠢᠭᠲᠦ ᠰᠤᠷᠭᠠᠭᠤᠯᠢ ᠶᠢᠨ ᠬᠦᠷᠢᠶ᠎ᠡ︾᠎ ᠶᠢᠨ ᠪᠥᠲᠥᠭᠡᠨ ᠪᠠᠶᠢᠭᠤᠯᠤᠯᠲᠠ᠂ ᠳᠤᠮᠳᠠᠳᠤ ᠶᠢᠨ ᠰᠣᠩᠭᠤᠳᠠᠭ ᠪᠦᠲᠦᠭᠡᠯ ᠤᠨ ᠤᠩᠰᠢᠯᠭ᠎ᠠ ᠵᠡᠷᠭᠡ ᠠᠵᠢᠯᠯᠠᠭ᠎ᠠ ᠪᠠᠷ ᠳᠠᠮᠵᠢᠭᠤᠯᠤᠨ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠢ ᠲᠦᠭᠡᠮᠡᠯᠵᠢᠭᠦᠯᠬᠦ ᠠᠵᠢᠯ ᠢ ᠦᠷᠭᠦᠯᠵᠢᠯᠡᠨ ᠠᠬᠢᠭᠤᠯᠵᠤ᠂ ︽ᠨᠡᠶᠢᠲᠡᠯᠢᠭ ᠬᠡᠯᠡ ᠶᠢ ᠰᠠᠶᠢᠲᠤᠷ ᠶᠠᠷᠢᠵᠤ᠂  ᠪᠠᠷᠢᠮᠵᠢᠶ᠎ᠠ ᠥᠰᠥᠭ ᠢ ᠰᠠᠶᠢᠲᠤᠷ ᠪᠢᠴᠢᠬᠦ  ︾᠎ ᠶᠢ ᠰᠤᠷᠭᠠᠨ ᠬᠥᠮᠦᠵᠢᠯ ᠵᠢᠭᠠᠨ ᠰᠤᠷᠭᠠᠯᠲᠠ ᠎ ᠶᠢᠨ ᠪᠥᠬᠦ ᠶᠠᠪᠤᠴᠠ ᠳᠤ ᠠᠭᠤᠰᠬᠠᠨ ᠣᠷᠣᠭᠤᠯᠵᠤ᠂ ᠪᠠᠭᠰᠢ ᠰᠤᠷᠤᠭᠴᠢᠳ ᠤᠨ ᠳᠤᠮᠳᠠᠳᠤ ᠶᠢᠨ ᠰᠣᠶᠣᠯ ᠢ ᠮᠡᠳᠡᠷᠡᠬᠦ ᠰᠡᠳᠬᠢᠯᠭᠡ ᠪᠠ ᠣᠮᠣᠭᠰᠢᠬᠤ ᠰᠡᠳᠬᠢᠯᠭᠡ ᠶᠢ ᠬᠥᠭᠵᠢᠭᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠎ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠳᠤ ᠠᠮᠢᠵᠢᠷᠠᠯ ᠤᠨ ᠬᠦᠴᠦᠨ ᠨᠡᠮᠡᠷᠢᠯᠡᠬᠦ ᠪᠤᠯᠤᠨ᠎ᠠ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号