ᠰᠤᠶᠤᠯ ᠵᠢᠭᠤᠯᠴᠢᠯᠠᠯ ᠤᠨ ᠰᠢᠷᠢᠰ ᠠᠵᠢᠯᠯᠠᠭ᠎ᠠ ᠶᠢᠨ ᠡᠬᠢᠯᠡᠯᠲᠡ ᠶᠢᠨ ᠶᠣᠰᠣᠯᠠᠯ ᠶᠠᠪᠤᠭᠳᠠᠭᠤᠯᠪᠠ
ᠨᠡᠶᠢᠲᠡᠯᠡᠭᠰᠡᠨ ᠴᠠᠭ᠄
2025/5/28
      5 ᠳ᠋ᠤᠭᠠᠷ ᠰᠠᠷ᠎ᠠ ᠶᠢᠨ 19᠎ ᠤ ᠡᠳᠦᠷ᠂ ᠬᠤᠰᠢᠭᠤ ᠰᠣᠶᠣᠯ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠦᠵᠦᠮᠦᠴᠢᠨ ᠮᠦᠽᠧᠶ ᠳᠤ ︽ᠠᠶᠠᠯᠭᠤᠲᠤ ᠵᠢᠭᠤᠯᠴᠢᠯᠠᠯ ᠦᠪᠦᠷ ᠮᠣᠩᠭᠤᠯ︾ 2025 ᠣᠨ ᠤ  ᠵᠡᠭᠦᠨ ᠦᠵᠦᠮᠦᠴᠢᠨ ᠬᠤᠰᠢᠭᠤᠨ ᠤ ︽5.18᠎ ᠤ ᠣᠯᠠᠨ ᠤᠯᠤᠰ ᠤᠨ ᠮᠦᠽᠧᠶ ᠶᠢᠨ ᠡᠳᠦᠷ︾ ᠵᠢᠴᠢ        《5.19᠎ ᠤ ᠳᠤᠮᠳᠠᠳᠤ ᠤᠯᠤᠰ ᠤᠨ ᠵᠢᠭᠤᠯᠴᠢᠯᠠᠯ ᠤᠨ ᠡᠳᠦᠷ 》᠎ ᠤᠨ ᠰᠤᠶᠤᠯ ᠵᠢᠭᠤᠯᠴᠢᠯᠠᠯ ᠤᠨ ᠰᠢᠷᠢᠰ ᠠᠵᠢᠯᠯᠠᠭ᠎ᠠ ᠶᠢᠨ ᠡᠬᠢᠯᠡᠯᠡᠲᠡ ᠶᠢᠨ ᠶᠣᠰᠣᠯᠠᠯ ᠶᠠᠪᠤᠭᠳᠠᠭᠤᠯᠪᠠ᠃      ᠡᠬᠢᠯᠡᠯᠲᠡ ᠶᠢᠨ ᠶᠣᠰᠣᠯᠠᠯ ᠳᠡᠭᠡᠷ᠎ᠡ᠂ ᠪᠣᠳᠠᠰ ᠤᠨ ᠪᠤᠰᠤ ᠰᠣᠶᠣᠯ ᠤᠨ ᠥᠪ ᠢ ᠳᠡᠯᠭᠡᠨ ᠦᠵᠡᠭᠦᠯᠦᠭᠰᠡᠨ 32 ᠰᠢᠯᠢᠳᠡᠭ ᠪᠦᠲᠦᠭᠡᠯ ᠤᠨ ᠱᠠᠩᠨᠠᠯ ᠬᠦᠷᠲᠡᠭᠴᠢ᠂ 21 ᠰᠣᠶᠣᠯ ᠤᠨ ᠡᠭᠦᠳᠦᠯᠲᠡ ᠶᠢᠨ ᠪᠦᠲᠦᠭᠡᠭᠳᠡᠬᠦᠨ ᠤ ᠰᠢᠯᠢᠳᠡᠭ ᠪᠦᠲᠦᠭᠡᠯ ᠤᠨ ᠱᠠᠩᠨᠠᠯ ᠬᠦᠷᠲᠡᠭᠴᠢ ᠳᠤ ᠱᠠᠩᠨᠠᠯ ᠭᠠᠷᠳᠠᠭᠤᠯᠵᠤ᠂ ᠭᠤᠤᠯᠯᠠᠨ ᠡᠷᠭᠢᠯᠡᠭᠰᠡᠨ ᠲᠠᠯ᠎ᠠ ᠶᠢᠨ ᠎ ᠬᠢᠨ ᠤᠯᠢᠶᠠᠰᠤᠲᠠᠢ ᠠᠭᠤᠯᠠ ᠶᠢᠨ ᠦᠵᠡᠮᠵᠢ ᠶᠢᠨ ᠣᠷᠣᠨ ᠤ ᠡᠭᠦᠳᠡᠨ ᠪᠢᠯᠧᠲ ᠢ ᠲᠤᠬᠠᠶ ᠶᠢᠨ ᠲᠠᠯᠠᠪᠤᠷ ᠲᠤ ᠦᠨ᠎ᠡ ᠲᠥᠯᠥᠪᠦᠷᠢ ᠥᠬᠡᠶ ᠪᠠᠷ ᠲᠠᠷᠬᠠᠭᠠᠪᠠ  ᠃      ᠡᠬᠢᠯᠡᠯᠲᠡ ᠶᠢᠨ ᠶᠣᠰᠣᠯᠠᠯ ᠤᠨ ᠳᠠᠷᠠᠭ᠎ᠠ᠂ ᠲᠤᠬᠠᠢ ᠶᠢᠨ ᠲᠠᠯᠠᠪᠠᠢ ᠶᠢᠨ ᠦᠵᠡᠭᠴᠢᠳ ᠮᠦᠽᠧᠢ ᠪᠠᠷ ᠲᠤᠭᠤᠷᠢᠨ ᠦᠵᠡᠪᠡ᠃ ᠣᠶᠢᠯᠠᠭᠠᠭᠰᠠᠨ ᠢᠶᠠᠷ᠂ ᠲᠤᠰ ᠤᠳᠠᠭᠠᠨ ᠤ ᠥᠵᠡᠭᠦᠯᠭᠡ ᠶᠢᠨ ᠬᠦᠳᠡᠯᠭᠡᠭᠡᠨ ᠨᠢ 5 ᠰᠠᠷ᠎ᠠ ᠎ ᠶᠢᠨ 25᠎ ᠤ ᠡᠳᠦᠷ ᠪᠣᠯᠲᠠᠯ᠎ᠠ ᠦᠷᠭᠦᠯᠵᠢᠯᠡᠵᠦ᠂ ᠥᠷᠭᠡᠨ ᠣᠯᠠᠨ ᠵᠤᠭᠠᠴᠠᠭᠰᠠᠳ  ᠦᠵᠦᠮᠦᠴᠢᠨ ᠮᠦᠽᠧᠶ ᠳᠤ ᠲᠡᠦᠬᠡ ᠶᠢᠨ ᠳᠤᠷᠠᠰᠬᠠᠯᠲᠤ ᠵᠦᠶᠯᠡᠰ ᠢ ᠲᠣᠭᠤᠷᠢᠨ ᠦᠵᠡᠬᠦ ᠶᠢᠨ ᠬᠠᠮᠲᠤ ᠪᠠᠰᠠ ᠡᠯ᠎ᠡ ᠲᠥᠷᠥᠯ ᠤᠨ ᠢᠰᠡᠭᠡᠶ ᠶᠢᠨ ᠤᠷᠠᠯᠢᠭ ᠤᠨ ᠪᠦᠲᠦᠭᠡᠯ᠂ ᠭᠠᠷ ᠤᠷᠠᠯᠠᠯ ᠤᠨ ᠪᠦᠲᠦᠭᠡᠯ᠂ ᠰᠡᠶᠢᠯᠦᠮᠡᠯ ᠤᠨ ᠪᠦᠲᠦᠭᠡᠯ᠂ ᠬᠠᠳᠬᠤᠮᠠᠯ ᠤᠨ         ᠪᠦᠲᠦᠭᠡᠯ᠂ ᠪᠦᠲᠦᠭᠡᠯᠴᠢ ᠰᠣᠶᠣᠯ  ᠵᠢᠭᠤᠯᠴᠢᠯᠠᠯ ᠤᠨ ᠵᠢᠵᠢᠭ ᠲᠠᠸᠠᠷ ᠵᠢᠴᠢ ᠦᠵᠦᠮᠦᠴᠢᠨ ᠤᠯᠠᠮᠵᠢᠯᠠᠯᠲᠤ ᠬᠤᠪᠴᠠᠰᠤ ᠵᠠᠰᠠᠯ ᠤᠨ ᠦᠵᠡᠭᠦᠯᠦᠯᠭᠡ ᠶᠢ ᠰᠣᠨᠢᠷᠬᠠᠵᠤ ᠪᠣᠯᠤᠨ᠎ᠠ  ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号